ᠬᠠᠲᠤᠨ ᠭᠤᠣᠯ ᠤᠨ 几ᠬᠡᠯᠪᠡᠷᠢᠲᠦ ᠲᠤᠬᠤᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠲᠥᠰᠥᠪᠯᠡᠯ ᠤᠨ ᠤᠷᠤᠯᠳᠤᠭᠠᠨ ᠤ ᠬᠤᠭᠤᠴᠠᠭ᠎ᠠ ᠶᠢ ᠤᠷᠲᠤᠳᠬᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/9/27
     ᠬᠠᠲᠤᠨ ᠭᠤᠣᠯ ᠤᠨ几ᠬᠡᠯᠪᠡᠷᠢᠲᠦ ᠲᠤᠬᠤᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠲᠥᠰᠥᠪᠯᠡᠯ ᠤᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠵᠢᠴᠢ ᠰᠢᠯᠢᠳᠡᠭ ᠪᠦᠲᠦᠭᠡᠯ ᠤᠨ ᠦᠵᠡᠭᠦᠯᠭᠡ ᠪᠣᠯ ᠣᠯᠠᠨ ᠬᠦᠮᠦᠨ ᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠪᠣᠯᠬᠤᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠡᠷᠭᠢᠯᠡᠬᠦ ᠦᠷ᠎ᠡ ᠪᠦᠲᠦᠮᠵᠢ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠬᠠᠲᠤᠨ ᠭᠤᠣᠯ ᠤᠨ几ᠬᠡᠯᠪᠡᠷᠢᠲᠦ ᠲᠤᠬᠤᠢ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠲᠠᠸᠠᠷ ᠤᠨ ᠪᠦᠲᠦᠭᠡᠯᠴᠢ ᠲᠥᠰᠥᠪᠯᠡᠯ ᠤᠨ ᠤᠷᠤᠯᠳᠤᠭᠠᠨ ᠤ ᠵᠣᠬᠢᠶᠠᠨ ᠪᠠᠶᠢᠭᠤᠯᠬᠤ ᠺᠣᠮᠢᠰ ᠤᠨ ᠰᠤᠳᠤᠯᠤᠯᠲᠠ ᠪᠠᠷ ᠳᠡᠮᠵᠢᠨ᠂ 9 ᠳ᠋ᠦ᠋ᠭᠡᠷ ᠰᠠᠷ᠎ᠠ ᠶᠢᠨ 30 ᠤ ᠡᠳᠦᠷ ᠲᠤ ᠪᠦᠲᠦᠭᠡᠯ ᠤᠨ ᠴᠤᠭᠯᠠᠭᠤᠯᠭ᠎ᠠ ᠶᠢ ᠬᠠᠭᠠᠬᠤ ᠪᠠᠶᠢᠭᠰᠠᠨ ᠢ 10 ᠳ᠋ᠤᠭᠠᠷ ᠰᠠᠷ᠎ᠠ ᠶᠢᠨ 20 ᠤ ᠡᠳᠦᠷ᠂ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠵᠢᠴᠢ ᠰᠢᠯᠢᠳᠡᠭ ᠪᠦᠲᠦᠭᠡᠯ ᠤᠨ ᠦᠵᠡᠭᠦᠯᠭᠡ ᠶᠢ 11 ᠳ᠋ᠦ᠋ᠭᠡᠷ ᠰᠠᠷ᠎ᠠ ᠶᠢᠨ ᠳᠤᠮᠳᠠᠴᠢ  ᠬᠦᠷᠲᠡᠯ᠎ᠡ ᠤᠷᠲᠤᠳᠬᠠᠬᠤ ᠪᠠᠷ ᠲᠣᠭᠲᠠᠪᠠ᠃ ᠪᠣᠳᠠᠲᠠᠢ ᠴᠠᠭ ᠢ ᠠᠰ ᠲᠤ ᠨᠢ ᠮᠡᠳᠡᠭᠳᠡᠨ᠎ᠡ᠂ ᠤᠷᠤᠯᠳᠤᠭᠠᠨ ᠤ ᠠᠯᠪᠠᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠳᠤ ᠠᠩᠬᠠᠷᠤᠯ ᠢᠶᠠᠨ ᠬᠠᠨᠳᠤᠭᠤᠯᠵᠤ᠂ ᠤᠷᠤᠯᠳᠤᠭᠠᠨ ᠤ ᠬᠠᠮᠤᠭ ᠤᠨ ᠰᠢᠨ᠎ᠡ ᠠᠬᠢᠴᠠ ᠶᠢ ᠴᠠᠭ ᠲᠤᠬᠠᠢ ᠳᠤ ᠨᠢ ᠣᠶᠢᠯᠠᠭᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号