ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠨ᠎ᠠ
ᠨᠡᠶᠢᠲᠡᠯᠡᠭᠰᠡᠨ ᠴᠠᠭ᠄
2022/9/6
    ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠨ᠎ᠠ                                                ᠰᠦᠨ ᠱᠤᠤ ᠴᠧᠩ      ᠥᠪᠥᠷ ᠮᠣᠩᠭᠤᠯ ᠪᠣᠯ ᠮᠠᠨ ᠤ ᠨᠠᠮ ᠤᠨ ᠤᠳᠤᠷᠢᠳᠤᠨ ᠪᠠᠶᠢᠭᠤᠯᠤᠭᠰᠠᠨ ᠠᠩᠬᠠᠳᠠᠭᠴᠢ ᠮᠤᠵᠢ ᠶᠢᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠢᠮᠠᠭᠲᠠ ᠭᠦᠨ ᠰᠠᠨᠠᠭᠠᠯᠵᠠᠵᠤ᠂ ᠥᠪᠥᠷ ᠮᠣᠩᠭᠤᠯ ᠤᠨ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠡᠨᠡ ᠵᠢᠯ ᠤᠨ 3 ᠰᠠᠷ᠎ᠠ ᠶᠢᠨ 5 ᠤ ᠡᠳᠦᠷ᠂ ᠶᠡᠷᠦᠩᠬᠡᠶ ᠱᠦᠵᠢ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠᠷ ᠭᠤᠤᠯᠳᠠᠯᠭ᠎ᠠ ᠪᠤᠯᠭᠠᠨ ᠪᠢᠳᠡᠨ ᠳᠤ ᠴᠢᠬᠤᠯᠠ ᠵᠢᠭᠠᠪᠤᠷᠢ ᠥᠭᠴᠦ᠂ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠤᠷᠢᠳ ᠬᠤᠵᠢᠳ ᠬᠤᠶᠠᠷ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ 5 ᠵᠢᠯ ᠳᠠᠷᠠᠭᠠᠯᠠᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠳᠠᠭ᠎ᠠ ᠪᠦᠷᠢ ᠶᠢᠨ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠤᠳᠠᠭ᠎ᠠ ᠪᠦᠷᠢ ᠶᠢᠨ ᠴᠢᠬᠤᠯᠠ ᠶᠠᠷᠢᠶᠠᠨ ᠳᠠᠭᠠᠨ ᠪᠢᠳᠡᠨ ᠳᠤ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠩ ᠰᠡᠳᠭᠢᠯ ᠠᠴᠠ ᠪᠠᠨ ᠵᠠᠬᠢᠪᠠ᠃ ᠶᠡᠷᠦᠩᠬᠡᠶ ᠱᠦᠵᠢ ᠰᠢ ᠶᠢᠨ ᠫᠢᠩ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠦᠶ᠋ᠯᠡᠳᠦᠯᠭᠡᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠭᠦᠯᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠨ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠡᠨᠡ ᠵᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 75 ᠵᠢᠯ ᠤᠨ ᠣᠶ ᠪᠣᠯᠤᠨ᠎ᠠ᠃ 75 ᠵᠢᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠨᠢ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠡᠷᠢᠨ ᠢ ᠨᠡᠭᠡᠭᠡᠪᠡ᠃ 75 ᠵᠢᠯ ᠤᠨ ᠲᠤᠷᠰᠢ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠤᠤᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶ᠋ᠯᠡᠰ ᠬᠡᠷᠡᠯ ᠰᠠᠴᠤᠷᠠᠩᠭᠤᠶ ᠠᠮᠵᠢᠯᠲᠠ ᠣᠯᠵᠤ᠂ ᠦᠨᠳᠦᠰᠦᠲᠡᠨ ᠪᠦᠯᠬᠦᠮᠳᠡᠭᠰᠡᠨ᠂ ᠨᠡᠶᠢᠭᠡᠮ ᠡᠶ᠎ᠡ ᠵᠣᠬᠢᠴᠠᠩᠭᠤᠶ᠂ ᠬᠢᠯᠢ ᠬᠢᠵᠠᠭᠠᠷ ᠠᠮᠤᠷ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠣᠷᠳᠣ ᠬᠤᠭᠤᠴᠠᠭ᠎ᠠ ᠪᠠᠷ ᠪᠠᠲᠤᠯᠠᠪᠠ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ      ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠦᠨᠳᠦᠰᠦᠲᠡᠨ ᠤ ᠠᠵᠢᠯ ᠤᠨ ᠠᠮᠵᠢᠯᠲᠠ ᠤᠯᠬᠤ ᠶᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠦᠨᠳᠦᠰᠦᠨ ᠪᠠᠲᠤᠯᠠᠭ᠎ᠠ ᠮᠥᠨ᠃ ᠪᠠᠲᠤ ᠴᠢᠩᠭ᠎ᠠ ᠬᠦᠴᠦᠳᠠᠢ ᠤᠯᠤᠰ ᠲᠦᠷᠦ ᠶᠢᠨ ᠤᠳᠤᠷᠢᠳᠤᠯᠭ᠎ᠠ ᠪᠠᠶᠢᠬᠤ ᠦᠭᠡᠢ ᠪᠣᠯ ᠤᠯᠠᠨ ᠦᠨᠳᠦᠰᠦᠲᠡᠨ ᠲᠠᠢ ᠨᠢᠭᠡ ᠤᠯᠤᠰ ᠪᠦᠯᠬᠦᠮᠳᠡᠨ ᠨᠢᠭᠡᠳᠬᠦ ᠶᠢ ᠪᠡᠶᠡᠯᠡᠬᠦᠯᠬᠦ ᠭᠡᠳᠡᠭ ᠨᠢ ᠰᠡᠳᠭᠢᠭᠳᠡᠰᠢ ᠦᠭᠡᠢ ᠶᠤᠮ︾ ᠭᠡᠵᠥ ᠬᠦᠨᠵᠡᠬᠡᠢ ᠵᠢᠭᠠᠵᠥ ᠭᠠᠷᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠦᠶ᠎ᠡ ᠶᠢᠨ ᠲᠡᠷᠡ ᠬᠡᠰᠡᠭ ᠲᠡᠦᠬᠡ ᠶᠢ ᠡᠷᠭᠢᠴᠡᠭᠦᠯᠪᠡᠯ ᠂ ᠲᠤᠬᠠᠢ ᠶᠢᠨ ᠦᠶ᠎ᠡ ᠶᠢᠨ ᠪᠤᠳᠤᠯᠢᠶᠠᠨᠲᠠᠢ ᠪᠠᠶᠢᠳᠠᠯ ᠳᠣᠣᠷ᠎ᠠ᠂ ᠬᠡᠷᠪᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ᠂ ᠵᠥᠪ ᠤᠳᠤᠷᠢᠳᠤᠯᠭ᠎ᠠ ᠪᠠᠶᠢᠭᠰᠠᠨ ᠦᠭᠡᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠵᠤ ᠴᠢᠳᠠᠬᠤ ᠦᠭᠡᠢ ᠶᠤᠮ᠃      ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠠᠴᠠ ᠡᠮᠦᠨᠡᠬᠡᠨ᠂ ᠥᠪᠥᠷ ᠮᠣᠩᠭᠤᠯ ᠣᠷᠣᠨ ᠤ ᠪᠠᠶᠢᠳᠠᠯ ᠲᠦᠢᠯ ᠤᠨ ᠪᠤᠳᠤᠯᠢᠶᠠᠨᠲᠠᠶ᠂ ᠴᠢᠨᠠᠭᠰᠢᠯᠠᠪᠠᠯ ᠳᠤᠮᠳᠠᠳᠤ ᠤᠯᠤᠰ ᠤᠨ ᠨᠤᠲᠤᠭ ᠳᠡᠪᠢᠰᠭᠡᠷ ᠠᠴᠠ ᠰᠠᠯᠵᠤ ᠭᠠᠷᠬᠤ ᠬᠦᠨᠳᠦ ᠨᠣᠴᠢᠲᠠᠶ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠪᠠ᠃ ᠲᠤᠬᠠᠶ ᠶᠢᠨ ᠦᠶ᠎ᠡ ᠳᠤ ᠡᠯ᠎ᠡ ᠵᠦᠢᠯ ᠤᠨ ᠤᠯᠤᠰ ᠲᠦᠷᠦ ᠶᠢᠨ ᠬᠦᠴᠦᠨ ᠥᠪᠥᠷ ᠮᠣᠩᠭᠤᠯ ᠣᠷᠣᠨ ᠳᠤ ᠲᠡᠮᠡᠴᠡᠯᠳᠦᠵᠦ ᠪᠠᠶᠢᠪᠠ᠂ ᠡᠭᠦᠨ ᠳᠤ ᠤᠤᠯ ᠤᠨ ᠬᠠᠭᠤᠷᠮᠠᠭ ᠮᠣᠩᠭᠤᠯ ᠤᠨ ᠬᠢᠵᠠᠭᠠᠷ ᠤᠨ ᠵᠠᠰᠠᠭ ᠪᠠ ᠬᠠᠭᠤᠷᠮᠠᠭ ᠮᠠᠨᠵᠤ ᠤᠯᠤᠰ ᠤᠨ ᠡᠯ᠎ᠡ ᠱᠠᠲᠤᠨ ᠤ ᠨᠣᠶᠠᠳ ᠲᠦᠰᠢᠮᠡᠳ ᠪᠤᠢ᠂ ᠨᠢᠭᠡ ᠪᠦᠯᠦᠭ ᠮᠣᠩᠭᠤᠯ ᠸᠠᠩ ᠭᠦᠩ ᠢᠵᠠᠭᠤᠷᠲᠠᠳ ᠪᠤᠢ᠂ ᠭᠤᠮᠢᠨᠳᠠᠩ ᠤᠨ ᠲᠡᠷᠰᠯᠡᠭᠦᠴᠦᠳ ᠲᠤ ᠪᠠᠭᠤᠵᠤ ᠥᠭᠭᠦᠭᠰᠡᠨ ᠤᠯᠤᠰ ᠲᠦᠷᠦ ᠶᠢᠨ ᠵᠠᠪᠰᠢᠭᠴᠢᠳ ᠪᠤᠢ᠂ ᠪᠤᠭᠤᠲᠤ᠂ ᠬᠦᠢᠰᠦ᠋ᠢ ᠵᠡᠷᠭᠡ ᠭᠠᠵᠠᠷ ᠢ ᠡᠵᠡᠯᠡᠭᠰᠡᠨ ᠭᠤᠮᠢᠨᠳᠠᠩ ᠤᠨ ᠴᠡᠷᠢᠭ ᠠᠩᠭᠢ ᠴᠤ ᠪᠤᠢ᠃ ᠡᠯ᠎ᠡ ᠵᠦᠢᠯ ᠤᠨ ᠬᠦᠴᠦᠨ ᠪᠦᠷ ᠥᠪᠡᠷᠰᠡᠳ ᠤᠨ ᠤᠯᠤᠰ ᠲᠦᠷᠦ ᠶᠢᠨ ᠵᠣᠷᠢᠯᠲᠠ ᠪᠠᠨ ᠳᠤᠷᠠᠳᠤᠭᠰᠠᠨ ᠤ ᠳᠣᠲᠣᠷ᠎ᠠ ᠴᠥᠭᠡᠨ ᠪᠤᠰᠤ ᠨᠢ ︽ᠥᠪᠥᠷ ᠮᠣᠩᠭᠤᠯ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ︾᠂ ︽ᠥᠪᠥᠷ ᠮᠣᠩᠭᠤᠯ ᠲᠤᠰᠠᠭᠠᠷ ᠲᠣᠭᠲᠠᠨᠢᠬᠤ︾᠂ ︽ᠥᠪᠥᠷ ᠠᠷᠤ ᠮᠣᠩᠭᠤᠯ ᠨᠡᠶᠢᠯᠡᠬᠦ︾ ᠵᠡᠷᠭᠡ ᠪᠤᠷᠤᠭᠤ ᠵᠣᠷᠢᠯᠲᠠ ᠲᠠᠢ ᠪᠠᠶᠢᠪᠠ᠃ ᠡᠳᠡᠭᠡᠷ ᠵᠣᠷᠢᠯᠲᠠ ᠨᠢ ᠮᠥᠨ ᠴᠢᠨᠠᠷ ᠳᠡᠭᠡᠷ᠎ᠡ ᠪᠠᠨ ᠥᠪᠥᠷ ᠮᠣᠩᠭᠤᠯ ᠢ ᠰᠠᠯᠭᠠᠵᠤ᠂ ᠤᠯᠤᠰ ᠣᠷᠣᠨ ᠢ ᠬᠠᠭᠠᠴᠠᠭᠤᠯᠬᠤ ᠭᠡᠰᠡᠨ ᠶᠤᠮ᠃ ᠲᠤᠬᠠᠢ ᠶᠢᠨ ᠦᠶ᠎ᠡ ᠶᠢᠨ ᠪᠠᠶᠢᠳᠠᠯ ᠠᠴᠠ ᠦᠵᠡᠪᠡᠯ᠂ ᠥᠪᠥᠷ ᠮᠣᠩᠭᠤᠯ ᠦᠨᠡᠬᠡᠷ ᠲᠡᠦᠬᠡ ᠶᠢᠨ ᠲᠣᠨᠣᠯᠵᠢᠨ ᠵᠠᠮ ᠳᠤ ᠬᠦᠷᠦᠭᠰᠡᠨ ᠪᠠᠶᠢᠵᠠᠢ᠃ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠴᠠᠭ ᠮᠥᠴᠡ ᠳᠤ᠂ ᠡᠭᠡᠳᠡᠷᠡᠭᠡᠨ ᠪᠤᠳᠤᠯᠢᠶᠠᠨᠲᠠᠢ ᠰᠠᠮᠠᠭᠤᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠢ ᠰᠢᠭᠤᠳ ᠤᠳᠤᠷᠢᠳᠤᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ ᠰᠢᠶ᠋ᠳᠪᠦᠷᠢᠲᠦ ᠪᠣᠳᠣᠯᠭ᠎ᠠ ᠭᠠᠷᠭᠠᠵᠤ᠂ ᠱᠠᠨ ᠰᠢ ᠴᠠᠬᠠᠷ ᠡᠾᠧᠪᠸᠢ ᠶᠢᠨ ᠲᠥᠪ ᠲᠣᠪᠴᠢᠶ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠷᠠᠭᠤᠨ ᠬᠤᠶᠢᠲᠤ ᠣᠷᠣᠨ ᠤ ᠲᠣᠪᠴᠢᠶ᠎ᠠ᠂ ᠵᠡᠭᠦᠨ ᠬᠤᠶᠢᠲᠤ ᠣᠷᠣᠨ ᠤ ᠲᠣᠪᠴᠢᠶ᠎ᠠ᠂ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ᠂ ᠡᠾᠧᠪᠸᠢ ᠷᠧ ᠾᠧ ᠯᠢᠶᠣᠤᠨᠢᠩ ᠤᠨ ᠬᠤᠪᠢᠶᠠᠷᠢ ᠲᠣᠪᠴᠢᠶ᠎ᠠ ᠴᠥᠮ ᠥᠪᠥᠷ ᠮᠣᠩᠭᠤᠯ ᠳᠤ ᠠᠳᠠᠯᠢ ᠪᠤᠰᠤ ᠠᠷᠭ᠎ᠠ ᠬᠡᠯᠪᠡᠷᠢ ᠪᠠᠷ ᠶᠡᠭᠡ ᠬᠡᠮᠵᠢᠶᠡᠨ ᠤ ᠠᠵᠢᠯ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠳᠠᠬᠤ ᠶᠢ ᠰᠢᠭᠤᠳ ᠤᠳᠤᠷᠢᠳᠴᠤ ᠵᠢᠯᠣᠭᠤᠳᠤᠨ ᠠᠬᠢᠭᠤᠯᠤᠭᠰᠠᠨ ᠪᠠᠶᠢᠨ᠎ᠠ᠃ ᠲᠡᠷᠡ ᠦᠶ᠎ᠡ ᠳᠤ ᠰᠢ ᠵᠦᠩ ᠰᠢᠶᠦ᠋ᠨ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠷᠠᠭᠤᠨ ᠬᠤᠶᠢᠲᠤ ᠣᠷᠣᠨ ᠤ ᠲᠣᠪᠴᠢᠶ᠎ᠠ ᠶᠢᠨ ᠱᠦᠵᠢ ᠶᠢᠨ ᠬᠤᠪᠢ ᠪᠠᠷ ᠬᠤᠷᠠᠯ ᠡᠷᠬᠢᠯᠡᠨ ᠬᠤᠷᠠᠯᠳᠤᠭᠤᠯᠵᠤ ᠶᠡᠭᠡ ᠵᠤᠤ ᠠᠶᠢᠮᠠᠭ ᠤᠨ ᠠᠵᠢᠯ ᠢ ᠰᠤᠳᠤᠯᠵᠤ᠂ ᠱᠠᠳᠤᠴᠢ ᠴᠢᠨᠠᠷᠲᠠᠢ ᠳ᠋ᠦᠩᠨᠡᠯᠲᠡ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ ᠬᠢᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠲᠦᠷᠦ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠠᠮᠢᠳᠤᠯᠢᠭ ᠠᠷᠭ᠎ᠠ ᠪᠤᠳᠤᠯᠭ᠎ᠠ ᠠᠪᠴᠤ᠂ ᠤᠷᠢᠳ ᠬᠤᠵᠢᠳ ᠰᠥᠨᠢᠳ ᠪᠠᠷᠠᠭᠤᠨ ᠬᠤᠰᠢᠭᠤᠨ ᠳᠤ ᠪᠠᠶᠢᠭᠤᠯᠤᠭᠰᠠᠨ ︽ᠪᠥᠬᠦᠳᠡ ᠨᠠᠶᠢᠷᠠᠮᠳᠠᠬᠤ ᠥᠪᠥᠷ ᠮᠣᠩᠭᠤᠯ ᠠᠷᠠᠳ ᠤᠯᠤᠰ ᠤᠨ ᠲᠦᠷ ᠴᠠᠭ ᠤᠨ ᠵᠠᠰᠠᠭ ᠤᠨ ᠣᠷᠳᠣᠨ︾᠂ ᠬᠢᠩᠭᠠᠨ ᠠᠶᠢᠮᠠᠭ ᠤᠨ ᠭᠡᠭᠡᠨ ᠰᠦᠮ᠎ᠡ ᠳᠤ ᠪᠠᠶᠢᠭᠤᠯᠤᠭᠰᠠᠨ ︽ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ︾᠂ ᠬᠠᠶᠢᠯᠠᠷ ᠲᠤ ᠪᠠᠶᠢᠭᠤᠯᠤᠭᠰᠠᠨ ︽ᠬᠥᠯᠥᠨ ᠪᠤᠶᠢᠷ ᠤᠨ ᠥᠪᠡᠷᠲᠡᠭᠡᠨ ᠵᠠᠰᠠᠬᠤ ᠮᠤᠵᠢ ᠶᠢᠨ ᠵᠠᠰᠠᠭ ᠤᠨ ᠣᠷᠳᠣᠨ︾ ᠢ ᠵᠥᠪ ᠵᠠᠮ ᠳᠤ ᠣᠷᠣᠭᠤᠯᠵᠤ᠂ ᠵᠠᠷᠢᠮ ᠤᠯᠤᠰ ᠲᠦᠷᠦ ᠶᠢᠨ ᠬᠦᠴᠦᠨ ᠤ ︽ᠭᠠᠳᠠᠭᠰᠢ ᠲᠤᠳᠠᠭᠠᠬᠤ︾᠂ ︽ᠲᠤᠰᠠᠭᠠᠷ ᠲᠣᠭᠲᠠᠨᠢᠭᠤᠯᠬᠤ︾ ᠭᠡᠰᠡᠨ ᠭᠤᠷᠢᠳᠠᠯᠭ᠎ᠠ ᠶᠢ ᠪᠤᠳᠠ ᠨᠢᠷᠭᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠤᠬᠠᠢ ᠶᠢᠨ ᠦᠶ᠎ᠡ ᠶᠢᠨ ᠲᠡᠦᠬᠡᠨ ᠨᠥᠬᠦᠴᠡᠯ ᠳᠣᠣᠷ᠎ᠠ ᠪᠠᠶᠢᠭᠤᠯᠤᠭᠳᠠᠵᠤ ᠴᠢᠳᠠᠭᠰᠠᠨ ᠨᠢ ᠳᠠᠷᠤᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠢ ᠤᠳᠤᠷᠢᠳᠬᠤ ᠶᠠᠪᠤᠴᠠ ᠳᠤ ᠨᠠᠮ ᠤᠨ ᠲᠥᠪ ᠬᠤᠷᠢᠶ᠎ᠠ ᠠᠴᠠ ᠵᠢᠯᠣᠭᠤᠳᠬᠤ ᠴᠢᠭᠯᠡᠯᠲᠡ ᠶᠢ ᠴᠠᠭ ᠲᠤᠨᠢ ᠲᠤᠬᠢᠷᠠᠭᠤᠯᠤᠨ ᠲᠣᠭᠲᠠᠭᠠᠵᠤ᠂ ᠴᠡᠷᠢᠭ ᠤᠨ ᠶᠠᠪᠤᠳᠠᠯ ᠤᠨ ᠠᠵᠢᠯᠯᠠᠭ᠎ᠠ ᠶᠢ ᠪᠦᠲᠦᠮᠵᠢᠲᠡᠢ ᠵᠢᠯᠣᠭᠤᠳᠴᠤ᠂ ᠥᠪᠥᠷ ᠮᠣᠩᠭᠤᠯ ᠣᠷᠣᠨ ᠤ ᠥᠪᠡᠷᠲᠡᠭᠡᠨ ᠵᠠᠰᠠᠬᠤ ᠬᠥᠳᠡᠯᠭᠡᠭᠡᠨ ᠢ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠭᠰᠡᠨ ᠠᠴᠠ ᠪᠣᠯᠤᠭᠰᠠᠨ ᠶᠤᠮ᠃ ᠲᠤᠬᠠᠢ ᠶᠢᠨ ᠦᠶ᠎ᠡ ᠳᠤ᠂ ᠬᠡᠷᠪᠡ ᠵᠢᠨᠢᠩ ᠤᠨ ᠳᠠᠶᠢᠯᠠᠯᠳᠤᠭᠠᠨ ᠳᠤ ᠴᠢᠯᠥᠭᠡᠯᠡᠬᠦ ᠴᠡᠷᠢᠭ ᠤᠨ ᠶᠡᠭᠡ ᠴᠡᠷᠢᠭ ᠲᠠᠷᠤᠯᠳᠠ ᠦᠵᠡᠬᠦᠯᠵᠦ᠂ ᠳᠠᠶᠢᠰᠤᠨ ᠤ ᠴᠡᠷᠢᠭ ᠢ ᠬᠦᠴᠦᠲᠡᠢ ᠬᠤᠷᠢᠭᠯᠠᠭᠰᠠᠨ ᠦᠭᠡᠢ ᠪᠣᠯ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠨᠢ ᠲᠡᠶᠢᠮᠦ ᠤᠷᠤᠭᠰᠢᠲᠠᠢ ᠪᠠᠶᠢᠵᠤ ᠴᠢᠳᠠᠬᠤ ᠦᠭᠡᠢ ᠶᠤᠮ᠃ ᠡᠳᠦᠭᠡ ᠥᠪᠥᠷ ᠮᠣᠩᠭᠤᠯ ᠤᠨ ︽5 · 1 ᠤ ᠬᠤᠷᠠᠯ ᠤᠨ ᠭᠠᠵᠠᠷ︾᠂ ᠵᠢᠨᠢᠩ ᠤᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ ᠳᠤ ᠲᠤᠬᠠᠢ ᠶᠢᠨ ᠵᠢᠯ ᠤᠨ ᠨᠠᠮ ᠤᠨ ᠲᠥᠪ ᠬᠤᠷᠢᠶᠠᠨ ᠤ ᠪᠠᠭᠤᠯᠭᠠᠭᠰᠠᠨ ᠵᠢᠭᠠᠪᠤᠷᠢ ᠶᠢ ᠳᠡᠯᠭᠡᠨ ᠦᠵᠡᠭᠦᠯᠵᠦ᠂ ᠮᠠᠤ ᠽᠧ ᠳ᠋ᠦᠩ᠂ ᠵᠧᠦ ᠧᠨ ᠯᠠᠢ ᠵᠡᠷᠭᠡ ᠤᠳᠤᠷᠢᠳᠬᠤ ᠨᠥᠬᠦᠳ ᠤᠨ ᠪᠡᠶ᠎ᠡ ᠪᠠᠷ ᠢᠶᠠᠨ ᠲᠤᠭᠤᠷᠪᠢᠭᠰᠠᠨ ᠴᠠᠬᠢᠯᠭᠠᠨ ᠮᠡᠳᠡᠭᠡ᠂ ᠵᠠᠬᠢᠳᠠᠯ ᠢ ᠨᠠᠨᠳᠢᠩᠨᠠᠨ ᠬᠠᠳᠠᠭᠠᠯᠠᠵᠤ ᠪᠤᠢ᠂ ᠡᠳᠡᠭᠡᠷ ᠨᠢ ᠴᠥᠮ ᠮᠠᠨ ᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠰᠢᠭᠤᠳ ᠤᠳᠤᠷᠢᠳᠤᠨ ᠪᠠᠶᠢᠭᠤᠯᠤᠭᠰᠠᠨ ᠲᠡᠦᠬᠡ ᠶᠢᠨ ᠭᠡᠷᠡᠴᠢ ᠪᠣᠯᠤᠨ᠎ᠠ᠃      ᠥᠪᠥᠷ ᠮᠣᠩᠭᠤᠯ ᠤᠨ ᠤᠳᠤ ᠶᠢᠨ ᠣᠷᠣᠨ ᠤ ᠬᠤᠪᠢᠶᠠᠷᠢᠯᠠᠯ ᠤᠨ ᠬᠡᠪᠴᠢᠶ᠎ᠡ ᠶᠢ ᠴᠦ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠲᠣᠭᠲᠠᠭᠠᠭᠰᠠᠨ ᠶᠤᠮ᠃ ᠨᠠᠮ ᠤᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠬᠤᠭᠤᠴᠠᠭᠠᠨ ᠳᠤ ᠮᠠᠤ ᠽᠧ ᠳ᠋ᠦᠩ ᠨᠥᠬᠦᠷ ︽ᠥᠪᠥᠷ ᠮᠣᠩᠭᠤᠯ ᠤᠨ ᠲᠡᠦᠬᠡᠨ ᠳᠡᠭᠡᠷᠡᠬᠢ ᠤᠤᠯ ᠤᠨ ᠳᠦᠷᠰᠦ ᠪᠠᠶᠢᠳᠠᠯ ᠢ ᠰᠡᠷᠭᠦᠭᠡᠨ᠎ᠡ︾ ᠭᠡᠵᠦ ᠳᠤᠷᠠᠳᠴᠠᠶ᠃ ᠡᠭᠦᠨ ᠢ ᠪᠡᠶᠡᠯᠡᠭᠦᠯᠬᠦ ᠳᠤ ᠬᠦᠴᠢᠷᠳᠡᠯ  ᠨᠢ ᠭᠤᠣᠯᠳᠠᠭᠤ ︽ᠥᠪᠥᠷ ᠮᠣᠩᠭᠤᠯ ᠰᠦᠢᠶᠤᠸᠠᠨ ᠢ ᠨᠡᠶᠢᠯᠡᠭᠦᠯᠬᠦ︾ ᠠᠰᠠᠭᠤᠳᠠᠯ ᠳᠡᠭᠡᠷ᠎ᠡ ᠲᠥᠪᠯᠡᠷᠡᠵᠦ ᠪᠠᠶᠢᠪᠠ᠃ ᠲᠤᠬᠠᠶ ᠶᠢᠨ ᠦᠶ᠎ᠡ ᠳᠤ᠂ ᠨᠠᠮ ᠤᠨ ᠳᠣᠲᠣᠭᠠᠳᠤ ᠳᠤ ᠥᠪᠥᠷ ᠮᠣᠩᠭᠤᠯ ᠤᠨ ᠣᠷᠣᠨ ᠪᠦᠰᠠ ᠶᠢᠨ ᠠᠰᠠᠭᠤᠳᠠᠯ ᠤᠨ ᠲᠤᠬᠠᠶ ᠲᠠᠨᠢᠯᠲᠠ ᠨᠢᠭᠡᠳᠦᠯ ᠦᠭᠡᠢ ᠠᠴᠠ ᠪᠤᠯᠵᠤ᠂ ︽ᠥᠪᠥᠷ ᠮᠣᠩᠭᠤᠯ ᠰᠦᠢᠶᠤᠸᠠᠨ ᠢ ᠨᠡᠶᠢᠯᠡᠭᠦᠯᠬᠦ︾ ᠠᠵᠢᠯ ᠶᠡᠷᠦ ᠨᠢ ᠦᠨᠡᠨ ᠪᠣᠳᠠᠲᠠᠶ ᠠᠬᠢᠴᠠ ᠦᠭᠡᠢ ᠪᠠᠶᠢᠵᠠᠶ᠃ 1952 ᠣᠨ ᠤ ᠡᠬᠢ ᠪᠠᠷ᠂ ᠮᠠᠤ ᠽᠧ ᠳ᠋ᠦᠩ ᠨᠥᠬᠦᠷ ︽ᠥᠪᠥᠷ ᠮᠣᠩᠭᠤᠯ ᠰᠦᠢᠶᠤᠸᠠᠨ ᠢ ᠨᠡᠶᠢᠯᠡᠭᠦᠯᠬᠦ︾ ᠶᠢ ᠤᠳᠠᠲᠠᠯ᠎ᠠ ᠬᠤᠶᠢᠰᠢᠯᠠᠭᠤᠯᠤᠭᠠᠳ ᠰᠢᠶ᠋ᠳᠪᠦᠷᠢ ᠭᠠᠷᠭᠠᠭᠠᠳᠤᠶ ᠪᠠᠶᠢᠬᠤ ᠨᠢ ᠵᠠᠷᠢᠮ ᠤᠳᠤᠷᠢᠳᠬᠤ ᠺᠠᠳ᠋ᠷ ᠵᠦᠪᠰᠢᠶᠡᠷᠡᠬᠦ ᠦᠭᠡᠢ ᠠᠴᠠ ᠰᠢᠯᠳᠠᠭᠠᠯᠠᠵᠦ ᠪᠠᠶᠢᠬᠤ ᠶᠢ ᠤᠯᠵᠤ ᠮᠡᠳᠡᠭᠰᠡᠨ ᠤ ᠲᠠᠷᠠᠭ᠎ᠠ᠄ ᠳᠠᠬᠢᠨ ᠬᠤᠶᠢᠰᠢᠯᠠᠭᠤᠯᠵᠤ ᠪᠣᠯᠬᠤ ᠦᠭᠡᠢ᠂ ᠬᠡᠨ ᠵᠥᠪᠰᠢᠶᠡᠷᠡᠬᠦ ᠦᠭᠡᠢ ᠪᠣᠯ ᠲᠡᠭᠦᠨ ᠢ ᠤᠬᠴᠠᠷᠠᠭᠤᠯᠤᠨ᠎ᠠ ᠭᠡᠵᠦ ᠵᠢᠭᠠᠵᠤ ᠭᠠᠷᠭᠠᠪᠠ᠃ ᠵᠧᠤ ᠧᠨ ᠯᠠᠶ ᠨᠥᠬᠦᠷ ᠂ ᠡᠨᠡ ᠤᠴᠢᠷ ᠢ ᠲᠥᠪ ᠬᠤᠷᠢᠶᠠᠨ ᠠᠴᠠ ᠲᠣᠭᠲᠠᠭᠠᠵᠠᠢ᠂ ᠪᠢ ᠤᠴᠢᠵᠤ ᠠᠵᠢᠯ ᠬᠢᠶ᠎ᠡ᠂ ᠲᠡᠷᠢᠭᠦᠯᠡᠭᠴᠢ ᠰᠠᠨᠠᠭ᠎ᠠ ᠠᠮᠤᠷ ᠪᠠᠶᠢᠭᠠᠷᠠᠢ ᠭᠡᠵᠤ ᠬᠡᠯᠡᠪᠡ᠃ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠪᠠ ᠳᠡᠮᠵᠢᠯᠭᠡ ᠳᠣᠣᠷ᠎ᠠ᠂ 1954 ᠣᠨ ᠳᠤ ᠰᠦᠢᠶᠤᠸᠠᠨ ᠮᠤᠵᠢ ᠶᠢᠨ ᠪᠠᠶᠢᠭᠤᠯᠤᠮᠵᠢ ᠶᠢ ᠵᠢᠩᠬᠢᠨᠢ ᠪᠠᠷ ᠬᠠᠰᠤᠵᠤ᠂ ᠬᠠᠷᠢᠶᠠᠲᠤ ᠣᠷᠣᠨ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠤᠯᠪᠠ᠃ ᠳᠠᠷᠠᠭ᠎ᠠ ᠨᠢ ᠤᠤᠯ ᠨᠢ ᠭᠠᠨᠰᠦ ᠳᠤ ᠬᠠᠷᠢᠶᠠᠯᠠᠭᠳᠠᠵᠤ ᠪᠠᠶᠢᠭᠰᠠᠨ ᠠᠯᠠᠱᠠ᠂ ᠡᠵᠡᠨ᠎ᠡ᠂ ᠤᠤᠯ ᠨᠢ ᠾᠧᠪᠧᠢ ᠳᠤ ᠬᠠᠷᠢᠶᠠᠯᠠᠭᠳᠠᠵᠤ ᠪᠠᠶᠢᠭᠰᠠᠨ ᠱᠠᠩᠳᠤ ᠶᠢ ᠵᠠᠯᠭᠠᠭ᠎ᠠ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠤᠪᠢᠶᠠᠷᠢᠯᠠᠨ ᠥᠭᠴᠡᠢ᠃      ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ      ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠭᠠᠷᠤᠶ ᠵᠢᠯ ᠤᠨ ᠲᠤᠷᠰᠢ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠶ᠃ 2021 ᠣᠨ ᠳᠤ᠂ ᠪᠥᠬᠦ ᠣᠷᠣᠨ ᠤ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ 2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠬᠢ ᠠᠴᠠ 680 ᠳᠠᠬᠢᠨ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2349 .9 ᠳ᠋ᠦᠩᠰᠢᠭᠤᠷ ᠲᠥᠭᠦᠷᠢᠭ ᠲᠤ ᠬᠦᠷᠪᠠ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠡᠬᠢᠨ ᠤ ᠦᠶ᠎ᠡ ᠳᠤ ᠵᠥᠪᠬᠡᠨ 9 ᠲᠦᠮᠡᠨ ᠲᠥᠭᠦᠷᠢᠭ ᠪᠠᠶᠢᠪᠠ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 44377 ᠲᠥᠭᠦᠷᠢᠭ᠂ 18337 ᠲᠥᠭᠦᠷᠢᠭ ᠲᠤ ᠬᠦᠷᠴᠦ᠂ 1978 ᠣᠨ ᠤ ᠬᠢ ᠠᠴᠠ 146 ᠲᠠᠬᠢᠨ᠂ 182 ᠲᠠᠬᠢᠨ ᠨᠡᠮᠡᠭᠳᠡᠵᠡᠢ᠃ ᠥᠪᠥᠷ ᠮᠣᠩᠭᠤᠯ ᠤᠨ ᠡᠶᠢᠮᠦᠷᠬᠦᠦ ᠬᠥᠭᠵᠢᠯᠲᠡ ᠶᠢᠨ ᠠᠮᠵᠢᠯᠲᠠ ᠶᠢ ᠣᠯᠤᠭᠰᠠᠨ ᠨᠢ ᠦᠨᠳᠦᠰᠦᠨ ᠠᠴᠠ ᠨᠢ ᠠᠪᠴᠤ ᠬᠡᠯᠡᠪᠡᠯ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠣᠯᠤᠨ ᠤᠯᠤᠰ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠲᠠᠯ᠎ᠠ ᠶᠢᠨ ᠲᠦᠢᠯ ᠤᠨ ᠶᠡᠭᠡ ᠳᠡᠮᠵᠢᠯᠭᠡ ᠪᠠᠶᠢᠭᠰᠠᠨ ᠠᠴᠠ ᠪᠣᠯᠤᠭᠰᠠᠨ ᠶᠤᠮ᠃      ᠠᠯᠢ ᠡᠷᠲᠡ ︽ᠠᠩᠬᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠤᠯᠤᠰ ᠠᠴᠠ ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠵᠤ᠂ ᠲᠡᠮᠦᠷ ᠵᠠᠮ ᠳᠡᠪᠢᠰᠦᠭᠰᠡᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ 10 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠺᠤᠮᠫᠠᠨᠢ᠂ ᠬᠤᠶᠠᠳᠤᠭᠠᠷ ᠮᠠᠰᠢᠨ ᠮᠧᠬᠠᠨᠢᠭ ᠤᠨ ᠪᠦᠯᠦᠭᠯᠡᠯ ᠺᠤᠮᠫᠠᠨᠢ᠂ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠠᠵᠤ ᠦᠢᠯᠡᠳᠪᠦᠷᠢ ᠶᠢᠨ ᠰᠠᠭᠤᠷᠢᠨ ᠪᠦᠷ ᠲᠡᠷᠡ ᠦᠶ᠎ᠡ ᠳᠤ ᠪᠠᠷᠢᠯᠭ᠎ᠠ ᠡᠬᠢᠯᠡᠵᠤ ᠪᠦᠳᠦᠭᠡᠨ ᠪᠠᠶᠢᠭᠤᠯᠤᠬᠰᠡᠨ ᠶᠤᠮ᠃ 20 ᠳ᠋ᠤᠭᠠᠷ ᠵᠠᠭᠤᠨ ᠤ ᠵᠢᠷᠠᠭᠠᠳ ᠣᠨ ᠪᠣᠯᠬᠤ ᠳᠤ᠂ ᠤᠯᠤᠰ ᠠᠴᠠ ᠪᠠᠰᠠ ᠳᠠᠯᠠᠢ ᠳᠠᠭᠠᠤ ᠣᠷᠣᠨ ᠠᠴᠠ ᠥᠪᠥᠷ ᠮᠣᠩᠭᠤᠯ ᠵᠦᠭ ᠨᠢᠭᠡ ᠪᠦᠯᠦᠭ ᠦᠢᠯᠡᠳᠪᠦᠷᠢ ᠶᠢ ᠨᠡᠭᠦᠯᠭᠡᠪᠡ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠡᠯ᠎ᠡ ᠵᠦᠶ᠋ᠯ ᠤᠨ ᠠᠵᠢᠯ ᠦᠶ᠋ᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠪᠠ᠃ 1996 ᠣᠨ ᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠡᠭᠡᠵᠢᠩ ᠠᠴᠠ ᠥᠪᠥᠷ ᠮᠣᠩᠭᠤᠯ ᠢ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠪᠠᠷ ᠲᠣᠭᠲᠠᠪᠠ︔ ᠰᠢᠨ᠎ᠡ ᠵᠠᠭᠤᠨ ᠳᠤ ᠤᠷᠤᠭᠰᠠᠨ ᠤ ᠳᠠᠷᠠᠭ᠎ᠠ᠂ ᠨᠠᠮ ᠤᠨ ᠲᠥᠪ ᠬᠤᠷᠢᠶ᠎ᠠ ︽ᠤᠮᠠᠷᠠᠲᠤ ᠶᠢᠨ ᠭᠤᠷᠪᠠᠨ ᠤᠷᠤᠨ︾ ᠢ ᠰᠤᠨᠳᠠᠯᠠᠭᠰᠠᠨ ᠥᠪᠥᠷ ᠮᠣᠩᠭᠤᠯ ᠢ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠵᠠᠯᠭᠠᠭ᠎ᠠ ᠪᠠᠷ ᠣᠷᠣᠭᠤᠯᠪᠠ︔ 2011 ᠣᠨ ᠳᠤ ᠪᠠᠰᠠ ︽ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠴᠢᠨᠠᠷᠯᠢᠭ ᠪᠥᠭᠡᠳ ᠲᠦᠷᠭᠡᠨ ᠬᠥᠭᠵᠢᠯᠲᠡ ᠶᠢ ᠤᠯᠠᠮ ᠴᠢᠨᠠᠬᠰᠢᠳᠠ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠲᠤᠰᠬᠠᠶᠢᠯᠠᠨ ᠨᠡᠶᠢᠲᠡᠯᠡᠪᠡ᠃ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠠᠬᠢ ᠬᠠᠯᠠᠮᠵᠢᠯᠠᠯ ᠪᠣᠯ ᠴᠥᠮ ︽ᠦᠨᠡᠨ ᠪᠣᠳᠠᠲᠠᠢ ᠳᠡᠮᠵᠢᠯᠭᠡ︾ ᠪᠣᠯᠤᠨ᠎ᠠ᠃ ᠪᠦᠷᠢᠳᠭᠡᠯ ᠢ ᠦᠨᠳᠦᠰᠦᠯᠡᠪᠡᠯ᠂ ᠭᠠᠶᠢᠯᠢ ᠢᠯᠭᠠᠬᠤ ᠳᠦᠷᠢᠮ ᠤᠨ ᠥᠭᠡᠷᠡᠴᠢᠯᠡᠯᠲᠡ ᠠᠴᠠ ᠨᠠᠭᠠᠰᠢ᠂ 1995 — 2021 ᠣᠨ ᠳᠤ ᠮᠠᠨ ᠤ ᠣᠷᠣᠨ ᠲᠥᠪ ᠤᠨ ᠰᠢᠯᠵᠢᠭᠦᠯᠦᠨ ᠥᠭᠬᠦ ᠪᠡᠯᠡ ᠮᠥᠩᠭᠦ ᠶᠢ ᠨᠡᠶᠢᠲᠡ 2.86 ᠲᠦᠮᠡᠨ ᠳ᠋ᠦᠩᠰᠢᠭᠤᠷ ᠲᠥᠭᠦᠷᠢᠭ ᠣᠯᠵᠤ᠂ ᠢᠯᠠᠩᠭᠤᠶ᠎ᠠ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠲᠥᠪ ᠠᠴᠠ ᠮᠠᠨ ᠤ ᠤᠷᠤᠨ ᠳᠤ ᠲᠣᠬᠢᠷᠠᠭᠤᠯᠤᠭᠰᠠᠨ ᠰᠢᠯᠵᠢᠭᠦᠯᠦᠨ ᠥᠭᠬᠦ ᠪᠡᠯᠡ ᠮᠥᠩᠭᠦ 2012 ᠣᠨ ᠤ 1618.5 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠵᠢᠯ ᠳᠠᠷᠠᠭᠠᠯᠠᠨ ᠨᠡᠮᠡᠭᠳᠡᠭᠡᠳ 2021 ᠣᠨ ᠳᠤ 2709 ᠳ᠋ᠦᠩᠰᠢᠭᠤᠷ ᠲᠥᠭᠦᠷᠢᠭ ᠪᠣᠯᠵᠤ᠂ 10 ᠵᠢᠯ ᠳᠤ ᠨᠡᠶᠢᠲᠡ 2.18 ᠲᠦᠮᠡᠨ ᠳ᠋ᠦᠩᠰᠢᠭᠤᠷ ᠲᠥᠭᠦᠷᠢᠭ ᠲᠤ ᠬᠦᠷᠪᠡ᠃      ᠲᠥᠪ ᠤᠨ ᠲᠠᠰᠤᠷᠠᠯᠲᠠ ᠥᠬᠡᠶ ᠳᠡᠮᠵᠢᠯᠭᠡ ᠪᠠᠶᠢᠬᠰᠠᠨ ᠠᠴᠠ᠂ ᠥᠪᠥᠷ ᠮᠣᠩᠭᠤᠯ ᠶᠠᠳᠠᠭᠤ ᠬᠤᠭᠤᠰᠣᠨ ᠪᠠᠶᠢᠭᠰᠠᠨ ᠠᠴᠠ ᠪᠠᠨ ᠴᠡᠴᠡᠭᠯᠡᠨ ᠪᠠᠶᠠᠵᠢᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠢᠳᠤᠷᠠᠯ ᠢᠳᠡᠵᠦ ᠡᠮᠦᠰᠭᠦ ᠳᠡᠭᠡᠨ ᠵᠥᠪ ᠥᠬᠡᠶ ᠪᠠᠶᠢᠭᠰᠠᠨ ᠠᠴᠠ ᠪᠠᠨ ᠪᠥᠬᠦ ᠲᠠᠯ᠎ᠠ ᠪᠠᠷ ᠴᠢᠨᠡᠭᠡᠯᠢᠭᠵᠢᠭᠰᠡᠨ ᠪᠠᠶᠢᠨ᠎ᠠ᠃ ᠢᠯᠠᠩᠭᠤᠶ᠎ᠠ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠬᠠᠯᠠᠮᠵᠢᠯᠠᠯ ᠪᠠ ᠳᠡᠮᠵᠢᠯᠭᠡ ᠳᠤᠤᠷ᠎ᠠ ᠥᠪᠥᠷ ᠮᠣᠩᠭᠤᠯ ᠤᠨ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠪᠥᠬᠦ ᠣᠷᠣᠨ ᠤ ᠬᠥᠮᠦᠨ ᠳᠤᠮᠳᠠᠴᠢ ᠶᠢᠨ GDP ᠲᠦᠮᠡᠨ ᠳ᠋ᠣᠯᠯᠠᠷ ᠢ ᠳᠠᠪᠠᠵᠤ᠂ ᠠᠵᠤ ᠠᠬᠤᠶ ᠨᠡᠶᠢᠭᠡᠮ ᠤᠨ ᠡᠯ᠎ᠡ ᠵᠦᠶ᠋ᠯ ᠤᠨ ᠦᠶ᠋ᠯᠡᠰ ᠤᠨ ᠬᠥᠭᠵᠢᠯᠲᠡ ᠰᠢᠨ᠎ᠡ ᠲᠡᠦᠬᠡᠨ ᠳᠡᠭᠲᠡᠷ ᠲᠤ ᠭᠠᠷᠪᠠ᠃ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠄ ︽ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠦᠶ᠎ᠡ ᠳᠤ᠂ ᠨᠠᠮ ᠤᠨ ᠲᠥᠪ ᠬᠤᠷᠢᠶ᠎ᠠ ᠠᠴᠠ ᠲᠥᠪ ᠤᠨ ᠤᠳᠤᠷᠢᠳᠬᠤ ᠨᠥᠬᠦᠳ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠴᠥᠭᠡᠨ ᠲᠣᠭᠠᠲᠤ ᠦᠨᠳᠦᠰᠦᠲᠡᠨ ᠤ ᠣᠷᠣᠨ ᠬᠢᠯᠢ ᠬᠢᠵᠠᠭᠠᠷ ᠣᠷᠣᠨ ᠶᠠᠳᠠᠭᠤ ᠬᠦᠴᠢᠷᠳᠡᠯᠲᠡᠢ ᠭᠠᠵᠠᠷ ᠣᠷᠣᠨ ᠢ ᠰᠣᠩᠭᠤᠵᠤ ᠰᠣᠩᠭᠤᠭᠤᠯᠢ ᠳᠤ ᠣᠷᠣᠯᠴᠠᠪᠠᠯ ᠵᠣᠬᠢᠨ᠎ᠠ ᠭᠡᠵᠦ ᠳᠤᠷᠠᠳᠴᠠᠢ᠃ ᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠰᠣᠩᠭᠤᠨ ᠰᠣᠩᠭᠤᠭᠤᠯᠢ ᠳᠤ ᠣᠷᠣᠯᠴᠠᠭᠰᠠᠨ ᠨᠢ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠬᠢᠯᠢ ᠬᠢᠵᠠᠭᠠᠷ ᠣᠷᠣᠨ ᠢ ᠴᠢᠬᠤᠯᠠᠴᠢᠯᠠᠵᠤ ᠪᠠᠶᠢᠬᠤ ᠶᠢ ᠬᠠᠷᠠᠭᠤᠯᠵᠤ᠂ ᠨᠠᠮ ᠤᠨ ᠲᠥᠪ ᠬᠤᠷᠢᠶᠠᠨ ᠤ ᠬᠥᠭᠵᠢᠯᠲᠡ ᠠᠨᠠᠢ ᠭᠠᠵᠠᠷ ᠣᠷᠣᠨ ᠤ ᠬᠥᠭᠵᠢᠯᠲᠡ ᠶᠢ ᠲᠦᠷᠭᠡᠳᠭᠡᠨ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠡᠷᠴᠢ ᠵᠣᠷᠢᠭ ᠢ ᠬᠠᠷᠠᠭᠤᠯᠵᠤ ᠪᠠᠶᠢᠨ᠎ᠠ︾ ᠬᠡᠵᠤ ᠬᠡᠯᠡᠪᠡ᠃      ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠠᠴᠠ ᠵᠢᠭᠠᠨ ᠵᠢᠯᠣᠭᠤᠳᠴᠤ ᠬᠠᠪᠰᠤᠷᠤᠨ ᠵᠠᠯᠠᠷᠠᠭᠤᠯᠤᠭᠰᠠᠨ ᠶᠤᠮ      ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠠᠴᠠ ᠨᠠᠭᠠᠰᠢ᠂ ᠠᠵᠢᠯ ᠤᠨ ᠳᠤᠮᠳᠠ ᠴᠢᠬᠤᠯᠠ ᠶᠡᠭᠡ ᠵᠥᠷᠢᠶ᠎ᠡ ᠭᠠᠷᠬᠤ ᠪᠦᠷᠢ᠂ ᠨᠠᠮ ᠤᠨ ᠲᠥᠪ ᠬᠤᠷᠢᠶ᠎ᠠ ᠠᠴᠠ ᠴᠥᠮ ᠴᠠᠭ ᠲᠤᠬᠠᠶ ᠳᠤᠨᠢ ᠵᠢᠭᠠᠨ ᠵᠢᠯᠣᠭᠤᠳᠴᠤ᠂ ᠪᠢᠳᠡᠨ ᠢ ᠬᠠᠪᠰᠤᠷᠤᠨ ᠰᠤᠳᠠᠯ ᠢ ᠨᠢ ᠪᠠᠷᠢᠵᠤ ᠴᠢᠭᠯᠡᠯ ᠢ ᠨᠢ ᠲᠣᠭᠲᠠᠭᠠᠨ᠂ ᠬᠡᠯᠪᠡᠷᠢᠯ ᠢ ᠨᠢ ᠵᠠᠯᠠᠷᠠᠭᠤᠯᠵᠤ᠂ ᠲᠡᠷᠡᠴᠢᠯᠡᠨ ᠤᠳᠠᠭ᠎ᠠ ᠪᠦᠷᠢ ᠵᠠᠯᠠᠷᠠᠭᠤᠯᠵᠤ ᠰᠠᠶᠢᠵᠢᠷᠠᠭᠤᠯᠤᠭᠰᠠᠨ ᠤ ᠳᠠᠷᠠᠭ᠎ᠠ ᠥᠪᠥᠷ ᠮᠣᠩᠭᠤᠯ ᠤᠨ ᠠᠵᠢᠯ ᠴᠥᠮ ᠴᠢᠬᠤᠯᠠ ᠶᠡᠭᠡ ᠰᠢᠨ᠎ᠡ ᠳᠠᠪᠰᠢᠯᠲᠠ ᠶᠢ ᠪᠡᠶᠡᠯᠡᠭᠦᠯᠪᠡ᠃ ᠡᠷᠭᠢᠴᠡᠭᠦᠯᠵᠦ ᠦᠵᠡᠪᠡᠯ᠂ ᠬᠡᠷᠪᠡ ᠨᠠᠮ ᠤᠨ ᠲᠥᠪ ᠬᠤᠷᠢᠶᠠᠨ ᠤ ᠵᠢᠯᠤᠭᠤᠳᠤᠯᠭ᠎ᠠ ᠪᠠ ᠬᠠᠪᠰᠤᠷᠤᠯᠭ᠎ᠠ ᠪᠠᠶᠢᠭᠰᠠᠨ ᠦᠭᠡᠢ ᠪᠣᠯ ᠥᠪᠥᠷ ᠮᠣᠩᠭᠤᠯ ᠬᠡᠴᠢᠨᠡᠨ ᠨᠤᠭᠤᠷᠠᠯ ᠪᠦᠳᠦᠷᠢᠯ ᠪᠠ ᠬᠤᠬᠢᠷᠠᠯ ᠳᠤ ᠤᠴᠠᠷᠠᠬᠤ ᠶᠢ ᠪᠦᠦ ᠮᠡᠳᠡ᠂ ᠬᠡᠴᠢᠨᠡᠨ ᠮᠤᠷᠤᠶ ᠰᠠᠷᠤᠶ ᠵᠠᠮ ᠢᠶᠠᠷ ᠵᠠᠮᠨᠠᠵᠤ᠂ ᠬᠡᠴᠢᠨᠡᠨ ᠬᠦᠨᠳᠦ ᠳᠠᠷᠤᠭᠠᠰᠤ ᠶᠢ ᠡᠭᠦᠷᠭᠡᠯᠡᠬᠦ ᠶᠢ ᠪᠦᠦ ᠮᠡᠳᠡ᠃      ᠭᠠᠵᠠᠷ ᠰᠢᠷᠣᠶ ᠶᠢᠨ ᠥᠭᠡᠷᠡᠴᠢᠯᠡᠯᠲᠡ ᠶᠢᠨ ᠡᠬᠢᠨ ᠤ ᠦᠶ᠎ᠡ ᠳᠤ᠂ ᠬᠥᠳᠡᠭᠡ ᠲᠣᠰᠬᠤᠨ ᠤ ᠪᠠᠶᠢᠳᠠᠯ ᠢ ᠰᠤᠳᠤᠯᠤᠭᠰᠠᠨ ᠢᠶᠠᠷ ᠬᠦᠷᠦᠯᠴᠡᠬᠦ ᠦᠭᠡᠶ᠂ ᠣᠨᠣᠪᠴᠢᠲᠠᠶ ᠡᠵᠡᠮᠰᠢᠭᠰᠡᠨ ᠦᠭᠡᠶ ᠠᠴᠠ ᠪᠣᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠲᠤ ᠠᠳᠠᠯᠢ ᠪᠤᠰᠤ ᠬᠡᠮᠵᠢᠶ᠎ᠡ ᠪᠠᠷ ︽ᠵᠡᠭᠦᠨ︾ ᠤ ᠬᠡᠯᠪᠡᠷᠢᠯ ᠭᠠᠷᠴᠤ᠂ ᠬᠡᠰᠡᠭ ᠲᠠᠷᠢᠶᠠᠴᠢᠳ ᠤᠨ ᠪᠦᠷᠢᠯᠳᠦᠬᠦᠨ ᠢ ᠪᠤᠷᠤᠭᠤ ᠪᠠᠷ ᠢᠯᠭᠠᠵᠤ᠂ ᠴᠣᠬᠢᠯᠲᠠ ᠥᠭᠬᠦ ᠬᠡᠪᠴᠢᠶ᠎ᠡ ᠪᠠᠨ ᠥᠷᠭᠡᠳᠭᠡᠭᠰᠡᠨ ᠪᠠᠶᠢᠨ᠎ᠠ᠃ ᠨᠠᠮ ᠤᠨ ᠲᠥᠪ ᠬᠤᠷᠢᠶᠠᠨ ᠤ ᠬᠢᠨ ᠠᠵᠢᠯ ᠤᠨ ᠳᠤᠮᠳᠠᠬᠢ ᠠᠯᠳᠠᠰᠢ ᠶᠢ ᠰᠡᠷᠭᠡᠭ ᠢᠶᠠᠷ ᠲᠠᠨᠢᠵᠤ᠂ ᠭᠠᠵᠠᠷ ᠰᠢᠷᠣᠶ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠ ᠠᠷᠭ᠎ᠠ ᠪᠣᠳᠣᠯᠭ᠎ᠠ ᠶᠢ ᠴᠠᠭ ᠲᠤᠬᠠᠶ ᠳᠤᠨᠢ ᠲᠡᠭᠦᠯᠳᠡᠷᠵᠢᠭᠦᠯᠦᠭᠰᠡᠨ ᠪᠥᠭᠡᠳ ᠥᠪᠥᠷ ᠮᠣᠩᠭᠤᠯ ᠣᠷᠣᠨ ᠤ ᠴᠢᠯᠥᠭᠡᠯᠡᠭᠳᠡᠭᠰᠡᠨ ᠣᠷᠣᠨ ᠤ ᠬᠥᠳᠡᠭᠡ ᠲᠣᠰᠬᠤᠨ ᠳᠤ ᠨᠢᠭᠡ ᠤᠳᠠᠭᠠᠨ ᠤ ᠭᠠᠵᠠᠷ ᠰᠢᠷᠣᠶ ᠶᠢᠨ ᠥᠭᠡᠷᠡᠴᠢᠯᠡᠯᠲᠡ ᠶᠢ ᠳᠠᠬᠢᠨ ᠪᠠᠶᠢᠴᠠᠭᠠᠵᠤ ᠵᠠᠯᠠᠷᠠᠭᠤᠯᠬᠤ ᠠᠵᠢᠯ ᠢ ᠨᠡᠶᠢᠳᠡᠮ ᠬᠢᠵᠦ᠂ ᠭᠠᠵᠠᠷ ᠰᠢᠷᠣᠶ ᠶᠢᠨ ᠥᠭᠡᠷᠡᠴᠢᠯᠡᠯᠲᠡ ᠶᠢ ᠠᠭᠠᠵᠢᠮ ᠢᠶᠠᠷ ᠵᠥᠪ ᠵᠠᠮ ᠳᠤ ᠣᠷᠣᠭᠤᠯᠪᠠ᠃ ᠮᠠᠯᠵᠢᠬᠤ ᠣᠷᠣᠨ ᠳᠤ ᠠᠷᠠᠳᠴᠢᠯᠠᠭᠰᠠᠨ ᠥᠭᠡᠷᠡᠴᠢᠯᠡᠯᠲᠡ ᠬᠢᠭᠰᠡᠨ ᠡᠬᠢᠨ ᠤ ᠦᠶ᠎ᠡ ᠳᠤ᠂ ᠮᠠᠯ ᠠᠵᠤ ᠠᠬᠤᠶ ᠶᠢᠨ ᠣᠨᠴᠠᠯᠢᠭ ᠢ ᠣᠮᠲᠣᠭᠠᠶᠢᠯᠠᠭᠰᠠᠨ ᠠᠴᠠ ᠥᠪᠥᠷ ᠮᠣᠩᠭᠤᠯ ᠤᠨ ᠵᠠᠷᠢᠮ ᠭᠠᠵᠠᠷ ᠣᠷᠣᠨ ᠳᠤ ᠲᠠᠷᠢᠶᠠᠯᠠᠬᠤ ᠣᠷᠣᠨ ᠤ ᠭᠠᠵᠠᠷ ᠰᠢᠷᠣᠶ ᠶᠢᠨ ᠥᠭᠡᠷᠡᠴᠢᠯᠡᠯᠲᠡ ᠶᠢᠨ ᠠᠷᠭ᠎ᠠ ᠪᠠᠷ ᠳᠥᠭᠦᠮ ᠢᠶᠠᠷ ᠠᠩᠬᠢ ᠬᠤᠪᠢᠶᠠᠵᠤ᠂ ᠮᠠᠯ ᠤᠨ ᠡᠵᠡᠳ ᠢ ᠲᠡᠮᠡᠴᠡᠵᠦ᠂ ᠮᠠᠯ ᠤᠨᠤᠭ᠎ᠠ ᠶᠢ ᠲᠡᠭᠰᠢ ᠪᠠᠷ ᠬᠤᠪᠢᠶᠠᠷᠢᠯᠠᠵᠤ᠂ ᠮᠠᠯ ᠠᠵᠤ ᠠᠬᠤᠶ ᠶᠢᠨ ᠦᠢᠯᠡᠳᠪᠦᠷᠢᠯᠡᠯ ᠢ ᠬᠦᠨᠳᠦ ᠨᠣᠴᠢᠲᠠᠶ ᠡᠪᠳᠡᠵᠡᠶ᠃ ᠡᠨᠡ ᠬᠦ ᠠᠰᠠᠭᠤᠳᠠᠯ ᠢ ᠣᠯᠵᠤ ᠮᠡᠳᠡᠭᠰᠡᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠶᠢᠨ ᠲᠣᠪᠴᠢᠶᠠᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠣᠩᠭᠤᠯ ᠦᠨᠳᠦᠰᠦᠲᠡᠨ ᠤ ᠣᠯᠠᠩᠬᠢ ᠲᠣᠭᠠᠲᠠᠨ ᠲᠠᠢ ᠪᠦᠯᠬᠦᠮᠳᠡᠵᠦ᠂ ︽ᠪᠣᠯᠭᠤᠮᠵᠢᠲᠠᠶ ᠠᠯᠭᠤᠷ ᠤᠷᠤᠭᠰᠢᠯᠠᠬᠤ︾ ᠴᠢᠭᠯᠡᠯᠲᠡ ᠶᠢ ᠠᠪᠬᠤ ᠬᠡᠷᠡᠭᠲᠡᠶ ᠭᠡᠵᠦ ᠱᠠᠭᠠᠷᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠡᠭᠦᠨ ᠬᠤᠶᠢᠲᠤ ᠣᠷᠣᠨ ᠤ ᠲᠣᠪᠴᠢᠶ᠎ᠠ ᠶᠢᠨ ᠬᠦᠴᠦᠲᠡᠶ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨ ᠠᠷᠠᠳᠴᠢᠯᠠᠭᠰᠠᠨ ᠥᠭᠡᠷᠡᠴᠢᠯᠡᠯᠲᠡ ᠶᠢᠨ ᠳᠤᠮᠳᠠᠬᠢ ᠲᠤᠷᠰᠢᠯᠭ᠎ᠠ ᠰᠤᠷᠭᠠᠮᠵᠢ ᠪᠠᠨ ᠴᠠᠭ ᠲᠤᠬᠠᠶ ᠳᠤᠨᠢ ᠳ᠋ᠦᠩᠨᠡᠵᠦ᠂ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ︽ᠭᠤᠷᠪᠠ ᠶᠢ ᠬᠢᠬᠦ ᠦᠬᠡᠢ ᠬᠤᠶᠠᠷ ᠲᠤ ᠠᠰᠢᠭᠲᠠᠶ︾ ᠲᠥᠷᠥ ᠶᠢᠨ ᠪᠣᠳᠣᠯᠭ᠎ᠠ ᠶᠢ ᠳᠤᠷᠠᠳᠴᠤ᠂ ᠨᠢᠭᠡ ᠵᠦᠢᠯ ᠤᠨ ᠨᠡᠯᠢᠶᠡᠳ ᠨᠠᠮᠵᠢᠭᠤᠨ ᠬᠡᠯᠪᠡᠷᠢ ᠪᠠᠷ ᠮᠠᠯᠵᠢᠬᠤ ᠣᠷᠣᠨ ᠤ ᠬᠤᠴᠣᠷᠤᠩᠭᠤᠶ ᠦᠢᠯᠡᠳᠪᠦᠷᠢᠯᠡᠯ ᠤᠨ ᠬᠠᠷᠢᠴᠠᠭ᠎ᠠ ᠶᠢ ᠡᠪᠳᠡᠵᠦ᠂ ᠬᠥᠯᠥᠰᠥᠨ ᠮᠠᠯᠴᠢᠨ ᠪᠣᠯᠤᠨ ᠮᠠᠯ ᠤᠨ ᠡᠵᠡᠨ ᠬᠤᠶᠠᠷ ᠡᠲᠡᠭᠡᠳ ᠤᠨ ᠦᠢᠯᠡᠳᠪᠦᠷᠢᠯᠡᠯ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ᠮᠠᠯᠵᠢᠬᠤ ᠣᠷᠣᠨ ᠤ ᠠᠷᠠᠳᠴᠢᠯᠠᠭᠰᠠᠨ ᠥᠭᠡᠷᠡᠴᠢᠯᠡᠯᠲᠡ ᠶᠢᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠭᠰᠠᠨ ᠪᠠᠶᠢᠨ᠎ᠠ᠃ ︽ᠰᠣᠶᠣᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ᠂ ᠥᠪᠥᠷ ᠮᠣᠩᠭᠤᠯ ᠳᠤ ᠶᠡᠭᠡ ᠬᠡᠮᠵᠢᠶᠡᠨ ᠤ ᠬᠢᠯᠢᠰ ᠬᠤᠳᠠᠯ ᠪᠤᠷᠤᠭᠤ ᠬᠡᠷᠡᠭ ᠭᠠᠷᠴᠤ᠂ ᠠᠵᠤ ᠠᠬᠤᠢ ᠨᠡᠶᠢᠭᠡᠮ ᠤᠨ ᠬᠥᠭᠵᠢᠯᠲᠡ ᠬᠦᠨᠳᠦ ᠨᠣᠴᠢᠲᠠᠢ ᠡᠪᠳᠡᠯᠡᠭᠡ ᠳᠤ ᠤᠴᠠᠷᠠᠪᠠ᠃ ᠬᠤᠵᠢᠮ ᠨᠢ ᠨᠠᠮ ᠤᠨ ᠲᠥᠪ ᠬᠤᠷᠢᠶᠠᠨ ᠤ ᠵᠥᠪ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ᠂ ᠥᠪᠥᠷ ᠮᠣᠩᠭᠤᠯ ᠤᠨ ᠬᠢᠨ ᠦᠨᠡᠨ ᠠᠴᠠ ᠵᠥᠪ ᠢ ᠡᠷᠢᠬᠦ᠂ ᠪᠤᠷᠤᠭᠤ ᠪᠠᠶᠢᠪᠠᠯ ᠵᠠᠪᠠᠯ ᠵᠠᠯᠠᠷᠠᠭᠤᠯᠬᠤ ᠵᠠᠷᠴᠢᠮ ᠢᠶᠠᠷ ᠬᠢᠯᠢᠰ ᠬᠤᠳᠠᠯ ᠪᠤᠷᠤᠭᠤ ᠬᠡᠷᠡᠭ ᠢ ᠴᠠᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠡᠯ᠎ᠡ ᠲᠠᠯ᠎ᠠ ᠶᠢᠨ ᠬᠢᠨ ᠰᠠᠶ᠋ᠢ ᠰᠠᠮᠠᠭᠤᠷᠠᠯ ᠢ ᠵᠠᠰᠠᠨ ᠵᠦᠭᠰᠢᠷᠡᠭᠦᠯᠪᠡ      ᠥᠩᠭᠡᠷᠡᠭᠰᠡᠨ ᠨᠢᠭᠡ ᠬᠤᠭᠤᠴᠠᠭᠠᠨ ᠳᠤ᠂ ᠮᠠᠨ ᠤ ᠣᠷᠣᠨ ᠤ ᠵᠠᠷᠢᠮ ᠭᠠᠵᠠᠷ ᠣᠷᠣᠨ ᠤ ᠬᠢᠨ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠦᠯᠦ ᠬᠠᠶᠢᠬᠤᠷᠤᠨ ᠰᠣᠬᠤᠷ ᠪᠠᠯᠠᠢ ᠪᠠᠷ ᠪᠦᠳᠦᠭᠡᠨ ᠪᠠᠶᠢᠭᠤᠯᠵᠤ᠂ ᠲᠦᠷᠦᠯ ᠵᠦᠢᠯ ᠡᠷᠬᠢᠯᠡᠨ᠂ ᠥᠷᠢ ᠥᠭᠴᠡᠭᠡ ᠶᠡᠬᠡᠲᠡᠢ ᠨᠡᠮᠡᠭᠳᠡᠯ ᠢ ᠪᠠᠲᠤᠯᠠᠬᠤ ᠵᠠᠮ ᠢᠶᠠᠷ ᠵᠠᠮᠨᠠᠵᠤ᠂ ᠶᠡᠭᠡ ᠬᠡᠮᠵᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠬᠤᠷᠠᠮᠳᠤᠭᠤᠯᠤᠭᠰᠠᠨ ᠪᠠᠶᠢᠨ᠎ᠠ᠃ 2017 ᠣᠨ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠰᠠᠭᠤᠳᠠᠯ ᠤᠨ ᠲᠤᠬᠠᠶ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠵᠠᠩᠭᠢᠯᠠᠭ᠎ᠠ ᠶᠢᠨ ᠦᠶ᠎ᠡ ᠳᠤ ᠪᠢᠳᠡᠨ ᠳᠤ ︽ᠰᠡᠩᠬᠡᠷᠡᠬᠦᠯᠬᠦ ᠡᠮ︾ ᠥᠭᠴᠦ᠂ ︽ᠲᠣᠷᠮᠤᠰᠣᠯᠠᠭᠤᠷ︾ ᠢ ᠣᠭᠵᠣᠮ ᠭᠢᠰᠭᠢᠪᠡ᠃ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠪᠠ ᠵᠢᠯᠣᠭᠤᠳᠣᠯᠭ᠎ᠠ ᠳᠤᠤᠷ᠎ᠠ᠂ ᠪᠥᠬᠦ ᠣᠷᠣᠨ ᠤ ᠳᠡᠭᠡᠷ᠎ᠠ ᠳᠤᠤᠷ᠎ᠠ ᠱᠠᠲᠤ ᠪᠠᠷ ᠢᠶᠠᠨ ᠰᠤᠷᠭᠠᠮᠵᠢ ᠠᠪᠴᠤ᠂ ᠡᠷᠡᠰ ᠴᠡᠭᠴᠡᠯᠡᠨ ᠰᠠᠶᠢᠵᠢᠷᠠᠭᠤᠯᠵᠤ᠂ ᠨᠢᠭᠡ ᠠᠴᠠ ᠨᠥᠭᠦᠭᠡ ᠶᠢ ᠵᠦᠶ᠋ᠴᠢᠯᠡᠨ ᠮᠡᠳᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠬᠡᠯᠪᠠᠶᠢᠭᠦᠦ ᠶᠢ ᠵᠠᠯᠠᠷᠠᠭᠤᠯᠬᠤ ᠶᠢ ᠠᠬᠢᠭᠤᠯᠤᠨ᠂ ᠦᠨᠳᠦᠰᠦ ᠰᠠᠭᠤᠷᠢ ᠶᠢ ᠪᠠᠬᠢᠵᠢᠭᠦᠯᠵᠦ᠂ ᠣᠷᠳᠣ ᠬᠤᠭᠤᠴᠠᠭ᠎ᠠ ᠪᠠᠷ ᠬᠤᠷᠠᠮᠳᠤᠭᠤᠯᠤᠨ ᠪᠣᠶ ᠪᠣᠯᠭᠠᠭᠰᠠᠨ ᠵᠠᠷᠢᠮ ᠠᠰᠠᠭᠤᠳᠠᠯ ᠢ ᠶᠡᠷᠦᠩᠬᠡᠶ ᠳᠡᠭᠡᠨ ᠰᠢᠶ᠋ᠳᠪᠦᠷᠢᠯᠡᠪᠡ᠃     ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢᠮᠠᠭᠲᠠ ᠨᠠᠮ ᠢᠶᠠᠨ ᠬᠦᠷᠢᠶᠡᠯᠡᠵᠦ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨ᠎ᠠ      ᠥᠪᠥᠷ ᠮᠣᠩᠭᠤᠯ ᠪᠣᠯ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠤᠨ᠎ᠠ᠃ ᠨᠠᠮ ᠢᠶᠠᠨ ᠳᠠᠭᠠᠬᠤ᠂ ᠲᠥᠪ ᠬᠤᠷᠢᠶ᠎ᠠ ᠪᠠᠨ ᠳᠠᠭᠠᠬᠤ᠂ ᠪᠡᠭᠡᠵᠢᠩ ᠢᠶᠠᠨ ᠳᠠᠭᠠᠬᠤ ᠪᠣᠯ ᠥᠪᠥᠷ ᠮᠣᠩᠭᠤᠯ ᠤᠨ ᠢᠷᠠᠭᠤ ᠠᠯᠳᠠᠷᠲᠤ ᠤᠯᠠᠮᠵᠢᠯᠠᠯ ᠮᠥᠨ᠃ 75 ᠵᠢᠯ ᠤᠨ ᠡᠮᠦᠨ᠎ᠡ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠯᠢᠶᠡᠵᠦ᠂ ᠭᠠᠭᠴᠠ ᠬᠦ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠲᠡᠮᠡᠴᠡᠵᠦ᠂ ᠬᠠᠮᠲᠤ ᠪᠠᠷ ᠴᠢᠯᠥᠭᠡᠯᠡᠯᠲᠡ ᠶᠢ ᠡᠷᠢᠯᠬᠢᠯᠡᠪᠡᠯ ᠥᠪᠥᠷ ᠮᠣᠩᠭᠤᠯ ᠰᠠᠶ᠋ᠢ ᠢᠷᠡᠭᠡᠳᠦᠶ ᠪᠠ ᠬᠦᠰᠡᠯ ᠡᠷᠡᠮᠡᠯᠵᠡᠯ ᠲᠠᠢ ᠪᠣᠯᠵᠣ ᠴᠢᠳᠠᠨ᠎ᠠ ᠭᠡᠳᠡᠭ ᠢ ᠭᠦᠨᠵᠡᠭᠡᠶ ᠲᠠᠨᠢᠵᠤ ᠣᠯᠤᠭᠰᠠᠨ ᠪᠠᠶᠢᠨ᠎ᠠ᠃ ᠣᠷᠳᠣ ᠬᠤᠭᠤᠴᠠᠭᠠᠨ ᠤ ᠬᠤᠪᠢᠰᠬᠠᠯ᠂ ᠪᠥᠲᠥᠭᠡᠨ ᠪᠠᠶᠢᠭᠤᠯᠤᠯᠲᠠ᠂ ᠥᠭᠡᠷᠡᠴᠢᠯᠡᠯᠲᠡ ᠶᠢ ᠥᠩᠭᠡᠷᠡᠭᠡᠭᠡᠳ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠶᠡᠭᠡ ᠶᠣᠰᠣ ᠶᠢ ᠮᠡᠳᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠰᠤᠷᠲᠠᠯ ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ᠂ ᠬᠠᠷᠢᠭᠤᠴᠠᠯᠭ᠎ᠠ ᠡᠭᠦᠷᠭᠡᠯᠡᠬᠦ ᠭᠦᠨ ᠭᠦᠨᠵᠡᠭᠡᠶ ᠬᠠᠮᠲᠤ ᠶᠢᠨ ᠲᠠᠨᠢᠯᠲᠠ ᠪᠠ ᠡᠷᠬᠢᠮ ᠨᠠᠨᠳᠢᠨ ᠵᠠᠩ ᠴᠢᠨᠠᠷ ᠢ ᠪᠦᠷᠢᠯᠳᠦᠭᠦᠯᠵᠦ᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠶ ᠪᠠᠨ ᠰᠠᠨᠰᠠᠷ ᠤᠨ ᠠᠶᠠᠯᠠᠯ ᠤᠨ ᠲᠥᠯᠥᠭᠡ ᠵᠤᠷᠢᠭᠤᠯᠤᠭᠰᠠᠨ︾᠂ ︽ᠭᠤᠷᠪᠠᠨ ᠮᠢᠩᠭᠠᠨ ᠥᠨᠥᠴᠢᠨ ᠬᠡᠦᠬᠡᠳ ᠢ ᠦᠷᠡᠴᠢᠯᠡᠨ ᠲᠡᠵᠢᠭᠡᠭᠰᠡᠨ︾᠂ ︽ᠬᠦᠴᠢᠷ ᠪᠡᠷᠬᠡᠰᠢᠶᠡᠯ ᠢ ᠢᠯᠡᠨ ᠳᠠᠪᠠᠵᠤ ᠠᠮᠤ ᠪᠤᠳᠠᠭ᠎ᠠ ᠮᠠᠯ ᠣᠨᠤᠭ᠎ᠠ ᠪᠠᠨ ᠬᠠᠨᠳᠢᠪᠯᠠᠭᠰᠠᠨ︾᠂ ︽ᠦᠨᠳᠦᠰᠦᠲᠡᠨ ᠨᠦᠭᠦᠳ ᠤᠨ ᠠᠷᠠᠳ ᠲᠦᠮᠡᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠪᠠᠶᠢᠭᠤᠯᠤᠭᠰᠠᠨ︾ ᠵᠡᠷᠭᠡ ᠦᠨᠳᠦᠰᠦᠲᠡᠨ ᠤ ᠪᠦᠯᠬᠦᠮᠳᠡᠯ ᠤᠨ ᠲᠡᠦᠬᠡ ᠶᠢᠨ ᠰᠠᠶᠢᠬᠠᠨ ᠳᠠᠭᠤᠷᠢᠰᠬᠠᠯ ᠢ ᠪᠢᠴᠢᠭᠯᠡᠵᠦ᠂ ᠰᠢᠨ᠎ᠡ ᠳᠤᠮᠳᠠᠳᠤ ᠤᠯᠤᠰ ᠤᠨ ᠦᠨᠳᠦᠰᠦᠲᠡᠨ ᠤ ᠠᠵᠢᠯ ᠤᠨ ᠲᠡᠦᠬᠡᠨ ᠳᠡᠭᠡᠷᠡᠬᠢ ᠠᠯᠢ ᠣᠯᠠᠨ ︽ᠨᠢᠭᠡᠳᠦᠭᠡᠷ︾ ᠪᠠ ᠡᠷᠬᠢᠮ ᠨᠠᠨᠳᠢᠨ ᠲᠤᠷᠰᠢᠯᠭ᠎ᠠ ᠶᠢ ᠡᠭᠦᠳᠴᠡᠶ᠃ 75 ᠵᠢᠯ ᠤᠨ ᠲᠤᠷᠰᠢ᠂ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡ᠂ ᠦᠨᠳᠦᠰᠦᠲᠡᠨ ᠤ ᠲᠡᠦᠬᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠᠶᠢᠬᠤ ᠦᠭᠡᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠵᠤ ᠴᠢᠳᠠᠬᠤ ᠦᠭᠡᠢ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠠᠴᠠ ᠨᠠᠭᠠᠰᠢᠬᠢ ᠬᠥᠭᠵᠢᠯᠲᠡ ᠪᠠ ᠥᠨᠥᠳᠦᠷ ᠤᠨ ᠠᠮᠵᠢᠯᠲᠠ ᠪᠠᠶᠢᠵᠤ ᠴᠢᠳᠠᠬᠤ ᠦᠭᠡᠢ᠂ ᠤᠳᠤ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠮᠲᠤ ᠪᠠᠷ ᠪᠦᠯᠬᠦᠮᠳᠡᠨ ᠲᠠᠪᠰᠢᠵᠤ᠂ ᠬᠠᠮᠲᠤ ᠪᠠᠷ ᠴᠡᠴᠡᠭᠯᠡᠨ ᠬᠥᠭᠵᠢᠭᠰᠡᠨ ᠶᠡᠭᠡ ᠰᠠᠶᠢᠨ ᠪᠠᠶᠢᠳᠠᠯ ᠪᠠᠶᠢᠵᠤ ᠴᠢᠳᠠᠬᠤ ᠦᠭᠡᠢ ᠭᠡᠳᠡᠭ ᠢ ᠲᠡᠮᠦᠷ ᠮᠡᠲᠦ ᠪᠣᠳᠠᠲᠤ ᠶᠠᠪᠤᠳᠠᠯ ᠢᠶᠠᠷ ᠭᠡᠷᠡᠴᠢᠯᠡᠭᠰᠡᠨ ᠪᠠᠶᠢᠨ᠎ᠠ᠃ ᠡᠨᠡ ᠪᠣᠯ ᠲᠡᠦᠬᠡ ᠶᠢᠨ ᠵᠠᠶᠢᠯᠠᠰᠢ ᠦᠭᠡᠢ ᠳ᠋ᠦᠩᠨᠡᠯᠲᠡ ᠮᠥᠨ᠂ ᠪᠠᠰᠠ ᠴᠤ ᠪᠣᠳᠠᠲᠤ ᠠᠬᠤᠢ ᠶᠢᠨ ᠭᠦᠨᠵᠡᠭᠡᠢ ᠰᠡᠩᠬᠡᠷᠡᠭᠦᠯᠦᠯ ᠮᠥᠨ᠃      ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠭᠠᠰᠢ᠂ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠬᠦᠷᠢᠶᠡᠨ ᠳᠠᠬᠢ ᠠᠯᠢ ᠣᠯᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠵᠠᠰᠠᠪᠤᠷᠢ ᠣᠷᠣᠭᠤᠯᠤᠨ ᠨᠡᠶᠢᠲᠡᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠯᠢ ᠣᠯᠠᠨ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠠᠯᠢ ᠣᠯᠠᠨ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠶᠡᠭᠡ ᠲᠠᠯ᠎ᠠ ᠶᠢᠨ ᠦᠷᠭᠦᠯᠵᠢᠯᠡᠨ ᠪᠠᠬᠢᠵᠢᠬᠦ ᠶᠢ ᠠᠬᠢᠭᠤᠯᠪᠠ᠃ ᠬᠡᠳᠦ᠋ᠢᠪᠡᠷ ᠣᠶᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠦᠨᠳᠦᠰᠦᠲᠡᠨ ᠤ ᠠᠵᠢᠯ ᠳᠤ ᠪᠠᠰᠠ ᠵᠠᠷᠢᠮ ᠠᠰᠠᠭᠤᠳᠠᠯ ᠭᠠᠷᠴᠤ ᠥᠩᠭᠡᠷᠡᠭᠰᠡᠨ᠂ ᠦᠨᠳᠦᠰᠦᠲᠡᠨ ᠤ ᠬᠦᠷᠢᠶᠡᠨ ᠳᠤ ᠪᠠᠰᠠ ᠴᠥᠭᠡᠨ ᠪᠤᠰᠤ ᠠᠶᠤᠯ ᠲᠦᠭᠰᠢᠭᠦᠷᠢ ᠪᠠ ᠬᠡᠮ ᠰᠤᠭᠤᠭ ᠣᠷᠣᠰᠢᠵᠤ ᠪᠠᠶᠢᠭ᠎ᠠ ᠪᠣᠯᠪᠠᠴᠤ ᠪᠥᠬᠦ ᠣᠷᠣᠨ ᠤ ᠦᠨᠳᠦᠰᠦᠲᠡᠨ ᠤ ᠠᠵᠢᠯ ᠤᠨ ᠶᠡᠭᠡ ᠣᠷᠴᠢᠨ ᠲᠣᠭᠤᠷᠢᠨ ᠮᠥᠨ ᠬᠦ ᠰᠠᠶᠢᠨ ᠪᠠᠶᠢᠵᠤ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠪᠠᠶᠢᠳᠠᠯ ᠬᠤᠪᠢᠷᠠᠭ᠎ᠠ ᠥᠬᠡᠶ᠂ ᠦᠨᠳᠦᠰᠦᠲᠡᠨ ᠨᠦᠭᠦᠳ ᠤᠨ ᠠᠷᠠᠳ ᠲᠦᠮᠡᠨ ᠬᠡᠨ ᠠᠯᠢᠨ ᠨᠢ ᠭᠡᠵᠦ ᠢᠯᠭᠠᠬᠤ ᠥᠬᠡᠶ᠂ ᠠᠬ᠎ᠠ ᠳᠡᠭᠦᠦ ᠮᠡᠲᠦ ᠳᠣᠲᠣᠨᠣ᠂ ᠨᠢᠭᠡ ᠬᠡᠷ ᠤᠨ ᠬᠦᠮᠦᠨ ᠮᠡᠲᠦ ᠳᠣᠲᠣᠨᠣ ᠪᠠᠶᠢᠬᠤ ᠪᠠᠶᠢᠳᠠᠯ ᠬᠤᠪᠢᠷᠠᠭ᠎ᠠ ᠥᠬᠡᠶ᠂ ᠦᠨᠳᠦᠰᠦᠲᠡᠨ ᠤ ᠠᠵᠢᠯ ᠤᠨ ᠥᠭᠡᠳᠡᠯᠡᠨ ᠰᠠᠶᠢᠵᠢᠷᠠᠬᠤ ᠬᠠᠨᠳᠤᠰᠢ ᠬᠤᠪᠢᠷᠠᠭ᠎ᠠ ᠥᠬᠡᠶ ᠶᠤᠮ᠃ ᠥᠨᠥᠳᠦᠷ ᠤᠨ ᠥᠪᠥᠷ ᠮᠣᠩᠭᠤᠯ ᠦᠨᠳᠦᠰᠦᠲᠡᠨ ᠨᠦᠭᠦᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠠᠶᠠᠷ ᠬᠦᠷ ᠢᠶᠠᠷ ᠪᠢᠯᠬᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠵᠤ ᠪᠤᠢ᠃      ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠮᠠᠰᠢ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ᠂ ᠵᠢᠱᠢᠶᠡᠴᠢ ᠪᠤᠯᠤᠭᠰᠠᠨ ᠨᠢ ᠨᠠᠮ ᠤᠨ ᠦᠭᠡ ᠶᠢ ᠰᠣᠨᠣᠰᠳᠠᠭ ᠠᠴᠠ ᠪᠤᠯᠵᠠᠢ ᠭᠡᠵᠦ ᠪᠢ ᠤᠶᠢᠯᠠᠭᠠᠵᠤ ᠪᠠᠶᠢᠨ᠎ᠠ᠃      ᠰᠢᠨ᠎ᠡ ᠴᠠᠭ ᠦᠶ᠎ᠡ ᠰᠢᠨ᠎ᠡ ᠠᠶᠠᠨ ᠳᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ ᠳᠤ᠂ ᠶᠠᠭᠤ ᠬᠢᠬᠦ᠂ ᠶᠠᠭᠠᠬᠢᠵᠤ ᠬᠢᠬᠦ ᠪᠤᠢ︖ ᠪᠢᠳᠡᠨ ᠳᠤ ᠠᠪᠴᠤ ᠬᠡᠯᠡᠪᠡᠯ᠂ ᠬᠠᠮᠤᠭ ᠤᠨ ᠴᠢᠬᠤᠯᠠ ᠨᠢ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠨ᠎ᠠ᠄ ᠨᠢᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠨᠥᠭᠦᠭᠡ ᠨᠢ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠰᠠᠶᠢᠲᠤᠷ ᠪᠥᠲᠥᠭᠡᠨ ᠪᠠᠶᠢᠭᠤᠯᠤᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠤᠨ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠨ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠤᠨ ᠴᠡᠴᠡᠭᠡᠰ ᠢ ᠡᠭᠦᠷᠢᠳᠡ ᠳᠡᠯᠭᠡᠷᠡᠭᠦᠯᠦᠨ᠎ᠡ ᠃ ᠪᠢᠳᠡ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠭᠳᠠᠭᠠᠵᠦ ᠦᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠲᠠᠪᠤᠨ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠪᠣᠳᠠᠲᠠᠢ ᠲᠥᠰᠦᠯ ᠢ ᠲᠣᠭᠲᠠᠭᠠᠵᠤ᠂ ᠵᠢᠷᠤᠭ ᠲᠥᠯᠥᠪᠯᠡᠭᠡ ᠲᠤᠭᠳᠠᠭᠠᠨ ᠪᠠᠶᠢᠯᠳᠤᠬᠤ᠂ ᠵᠢᠷᠤᠭ ᠲᠥᠯᠥᠪᠯᠡᠭᠡ ᠶᠣᠰᠣᠭᠠᠷ ᠠᠵᠢᠯᠯᠠᠬᠤ ᠶᠢ ᠪᠠᠷᠢᠮᠲᠠᠯᠠᠵᠤ᠂ ᠡᠳᠦᠷ ᠪᠣᠯᠭᠠᠨ ᠴᠢᠷᠮᠠᠶᠢᠨ ᠠᠵᠢᠯᠯᠠᠵᠤ᠂ ᠤᠳᠠᠭᠠᠨ ᠳᠠᠭᠠᠭᠠᠮᠠᠭᠠᠢ ᠪᠠᠷ ᠴᠢᠷᠮᠠᠶᠢᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠵᠢᠷᠤᠭᠯᠠᠵᠤ ᠥᠭᠭᠦᠭᠰᠡᠨ ᠠᠤᠭ᠎ᠠ ᠲᠥᠰᠦᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠤ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠠᠪᠤᠴᠠ ᠳᠠᠬᠢ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠶᠢ ᠨᠡᠩ ᠰᠠᠶᠢᠲᠤᠷ ᠡᠭᠦᠷᠭᠡᠯᠡᠨ᠎ᠡ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠲᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号