ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ︹2022︺ 20 ᠳ᠋ᠤᠭᠠᠷ ᠲᠣᠭᠠᠲᠤ᠂ ᠳᠣᠷᠣᠭᠰᠢ ︽ | ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ︽ | ᠬᠡᠷᠡᠭᠵᠢᠭᠦᠯᠬᠦ ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ | ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ | ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠪᠠᠷ ᠲᠠᠶᠢᠯᠤᠮᠵᠢ ᠬᠢᠪᠡ᠃ | ᠨᠢᠭᠡ᠂ ︽ᠬᠡᠷᠡᠭᠵᠢᠭᠦᠯᠬᠦ ᠰᠠᠨᠠᠯ︾ ᠳᠤ ᠶᠠᠮᠠᠷ ᠬᠠᠷᠠᠯᠲᠠ ᠶᠢ ᠲᠣᠭᠲᠠᠭᠠᠭᠰᠠᠨ ᠪᠤᠢ︖ | ︽ᠬᠡᠷᠡᠭᠵᠢᠭᠦᠯᠬᠦ ᠰᠠᠨᠠᠯ︾ ᠳᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠥᠪᠡᠷᠲᠡᠭᠡᠨ | ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠲᠠᠪᠤᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠬᠦ ᠬᠡᠷᠡᠭᠲᠡᠢ ᠭᠡᠵᠦ | ᠲᠣᠳᠣᠷᠬᠠᠢ ᠱᠠᠭᠠᠷᠳᠠᠪᠠ᠃ 2025 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠬᠢᠷᠢ ᠲᠦᠪᠰᠢᠨ ᠢ ᠶᠡᠭᠡ ᠪᠠᠷ | ᠳᠡᠭᠡᠭᠰᠢᠯᠡᠭᠦᠯᠵᠦ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠣᠶᠢᠷ᠎ᠠ | ᠬᠠᠪᠢ ᠳᠤ ᠪᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠨᠠᠩ ᠲᠥᠬᠦᠮ ᠳᠥᠲᠡ ᠪᠥᠭᠡᠳ | ᠲᠦᠷᠭᠡᠨ ᠪᠣᠯᠭᠠᠨ᠎ᠠ᠃ | ᠬᠤᠶᠠᠷ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠡᠭᠦᠷᠭᠡ ᠶᠢ ᠲᠣᠬᠢᠷᠠᠭᠤᠯᠤᠭᠰᠠᠨ ᠪᠤᠢ︖ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ | ᠠᠬᠢᠭᠤᠯᠬᠤ ᠪᠠ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠵᠡᠷᠭᠡ 4 ᠲᠠᠯ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ 18 ᠵᠦᠢᠯ ᠤᠨ ᠡᠭᠦᠷᠭᠡ ᠶᠢᠨ 40 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ | ᠳᠤᠷᠠᠳᠤᠭᠰᠠᠨ ᠪᠥᠭᠡᠳ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃ | ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ᠪᠥᠬᠦ ᠣᠷᠣᠨ ᠤ ᠡᠯ᠎ᠡ ᠲᠠᠰ | ᠳᠠᠪᠬᠤᠷᠭ᠎ᠠ ᠶᠢᠨ ᠠᠳᠠᠯᠢ ᠨᠢᠭᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ | ᠲᠣᠳᠣᠷᠬᠠᠢ ᠬᠠᠭᠤᠳᠠᠰᠤ ᠶᠢ ᠨᠢᠭᠡᠳᠦᠯᠲᠡᠢ ᠪᠠᠶᠢᠯᠭᠠᠬᠤ ᠶᠢ ᠠᠬᠢᠭᠤᠯᠵᠤ᠂ ᠬᠥᠳᠡᠯᠮᠦᠷᠢ ᠠᠵᠢᠯ ᠣᠯᠭᠤᠯᠲᠠ᠂ | ᠨᠡᠶᠢᠭᠡᠮ ᠤᠨ ᠳᠠᠭᠠᠳᠬᠠᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠲᠤ ᠨᠢᠭᠡᠳᠦᠯᠲᠡᠢ ᠣᠷᠣᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠦᠨᠳᠦᠰᠦᠨ ᠭᠠᠷᠴᠠᠭ᠂ ᠬᠡᠷᠡᠭᠵᠢᠭᠦᠯᠬᠦ ᠲᠣᠳᠣᠷᠬᠠᠢ ᠬᠠᠭᠤᠳᠠᠰᠤ ᠶᠢ ᠬᠢᠨᠠᠨ | ᠬᠠᠷᠭᠤᠭᠤᠯᠵᠤ ᠨᠡᠶᠢᠲᠡᠯᠡᠬᠦ ᠪᠠ ᠬᠥᠳᠡᠯᠦᠩᠭᠦᠢ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠶᠠᠷ ᠲᠤ᠂ ᠲᠣᠳᠣᠷᠬᠠᠢ | ᠬᠠᠭᠤᠳᠠᠰᠤ ᠶᠢ ᠪᠠᠷᠢᠮᠵᠢᠶᠠᠵᠢᠭᠤᠯᠬᠤ ᠶᠢ ᠬᠡᠷᠡᠭᠵᠢᠭᠦᠯᠦᠨ᠎ᠡ᠃ ᠤᠯᠤᠰ ᠪᠠ ᠣᠷᠣᠨ ᠨᠤᠲᠤᠭ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ ᠶᠢᠨ ᠴᠢᠬᠤᠯᠠ ᠡᠯᠧᠮᠧᠨ᠋ᠲ ᠢ ᠨᠢᠭᠡᠳᠬᠡᠬᠦ ᠶᠢ | ᠠᠬᠢᠭᠤᠯᠤᠨ᠎ᠠ᠃ ᠭᠤᠷᠪᠠ ᠳᠤ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠷᠢᠭᠤᠴᠠᠯᠭ᠎ᠠ ᠪᠠ ᠪᠠᠷᠢᠮᠵᠢᠶ᠎ᠠ ᠶᠢᠨ ᠲᠣᠭᠲᠠᠯᠴᠠᠭ᠎ᠠ ᠶᠢ ᠵᠣᠬᠢᠶᠠᠨ ᠪᠠᠶᠢᠭᠤᠯᠤᠨ ᠪᠦᠷᠢᠨᠰᠢᠭᠦᠯᠵᠦ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠲᠠᠪᠤᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭᠲᠦ ᠶᠢᠨ ᠳᠦᠷᠢ ᠲᠥᠷᠬᠦ᠂ ᠦᠢᠯᠡᠴᠢᠯᠡᠭᠡᠨ ᠤ ᠪᠠᠷᠢᠮᠵᠢᠶ᠎ᠠ᠂ ᠰᠢᠯᠭᠠᠨ | ᠬᠢᠨᠠᠬᠤ ᠪᠠᠷᠢᠮᠵᠢᠶ᠎ᠠ ᠶᠢ ᠨᠢᠭᠡᠳᠬᠡᠨ᠎ᠡ᠃ | ︵ᠬᠤᠶᠠᠷ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠷᠤᠮᠵᠢᠭᠤᠯᠤᠯᠲᠠ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠵᠢᠷᠤᠮᠵᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠬᠡᠷᠡᠭᠵᠢᠭᠦᠯᠦᠯᠲᠡ ᠶᠢᠨ ᠲᠣᠳᠣᠷᠬᠠᠢ ᠬᠠᠭᠤᠳᠠᠰᠤ ᠶᠢ ᠴᠢᠩᠭ᠎ᠠ ᠵᠢᠷᠤᠮᠠᠯᠵᠤ ᠪᠠᠶᠢᠭᠠᠳ | ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠭᠦᠢᠴᠡᠳᠬᠡᠬᠦ ᠭᠤᠭᠴᠤᠭ᠎ᠠ ᠪᠠ ᠭᠤᠶᠤᠴᠢᠯᠠᠬᠤ | ᠮᠠᠲ᠋ᠧᠷᠢᠶᠠᠯ ᠢ ᠢᠯᠡᠭᠦᠴᠡ ᠨᠡᠮᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠡᠮᠡᠵᠦ ᠪᠣᠯᠬᠤ ᠦᠭᠡᠢ᠃ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠰᠦᠯᠵᠢᠶᠡᠨ ᠳᠡᠭᠡᠷᠡᠬᠢ ᠵᠠᠭᠤᠴᠢ ᠦᠢᠯᠡᠴᠢᠯᠡᠭᠡᠨ ᠤ ᠬᠡᠲᠦ ᠳᠡᠯᠭᠡᠭᠦᠷ ᠢ | ᠰᠦᠯᠵᠢᠶᠡᠨ ᠳᠤ ᠨᠡᠪᠲᠡᠷᠡᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠵᠦᠭᠯᠡᠭᠦᠷ ᠢ ᠢᠯᠡ ᠪᠣᠯᠭᠠᠨ᠂ ᠦᠢᠯᠡᠴᠢᠯᠡᠭᠡᠨ ᠤ | ᠨᠥᠬᠦᠴᠡᠯ᠂ ᠴᠤᠪᠤᠷᠠᠯ᠂ ᠴᠠᠭ ᠤᠨ ᠬᠢᠵᠠᠭᠠᠷ ᠪᠠ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠬᠦᠴᠦᠨ ᠵᠦᠢᠯ ᠢ | ᠲᠣᠳᠣᠷᠬᠠᠶᠢᠯᠠᠵᠤ᠂ ᠠᠵᠤ ᠠᠬᠤᠶᠢᠯᠠᠯ ᠢ ᠠᠯᠪᠠᠳᠠᠵᠤ ᠪᠠᠶᠢᠭᠠᠳ ᠣᠨᠴᠠ ᠲᠣᠭᠲᠠᠭᠰᠠᠨ ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ ᠶᠢ ᠰᠣᠩᠭᠤᠭᠤᠯᠵᠤ ᠪᠣᠯᠬᠤ ᠦᠭᠡᠢ᠃ ᠬᠤᠶᠠᠷ ᠲᠤ᠂ ᠦᠢᠯᠡᠴᠢᠯᠡᠭᠡᠨ ᠤ ᠲᠠᠯᠠᠪᠤᠷ ᠢ ᠵᠢᠷᠤᠮᠵᠢᠭᠤᠯᠤᠨ᠎ᠠ | ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠢ ᠪᠦᠬᠦᠨ ᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠪᠣᠯᠭᠠᠵᠤ᠂ | ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ ᠶᠢ ᠲᠥᠪᠯᠡᠷᠡᠭᠦᠯᠦᠨ ᠬᠠᠩᠭᠠᠵᠤ᠂ ᠦᠢᠯᠡᠴᠢᠯᠡᠭᠡᠨ ᠤ ᠴᠣᠩᠬᠤᠪᠴᠢ ᠶᠢ | ᠵᠣᠬᠢᠰᠲᠠᠢ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠭᠤᠷᠪᠠᠨ ᠱᠠᠲᠤᠨ ᠤ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢ ᠪᠦᠬᠦᠨ ᠢ ᠬᠠᠮᠤᠷᠤᠭᠤᠯᠬᠤ ᠶᠢ | ᠪᠡᠶᠡᠯᠡᠭᠦᠯᠦᠨ᠎ᠡ᠃ ᠭᠤᠷᠪᠠ ᠳᠤ᠂ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠵᠢᠷᠤᠮᠵᠢᠭᠤᠯᠤᠨ᠎ᠠ᠃ ᠰᠦᠯᠵᠢᠶᠡᠨ | ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠣᠷᠤᠴᠠ ᠶᠢ ᠨᠢᠭᠡᠳᠦᠯᠲᠡᠢ ᠲᠥᠯᠥᠪᠯᠡᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠨᠢᠭᠡᠳᠦᠯᠲᠡᠢ ᠬᠠᠩᠭᠠᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢᠳᠪᠦᠷᠢᠯᠡᠬᠦ ᠳᠤ ︽ᠨᠢᠭᠡ ᠯᠡ | ᠤᠳᠠᠭ᠎ᠠ ᠳᠤ ᠳᠠᠩᠰᠠᠯᠠᠭᠤᠯᠬᠤ᠂ ᠤᠯᠠᠨ ᠴᠡᠭ ᠲᠤ ᠬᠠᠷᠢᠯᠴᠠᠨ ᠮᠡᠳᠡᠷᠡᠬᠦ᠂ ᠪᠦᠬᠦ ᠰᠦᠯᠵᠢᠶ᠎ᠡ ᠳᠤ ᠨᠡᠶᠢᠳᠡᠮ | ᠨᠡᠪᠲᠡᠷᠡᠭᠦᠯᠬᠦ︾ ᠶᠢ ᠪᠡᠶᠡᠯᠡᠭᠦᠯᠦᠨ᠎ᠡ᠃ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠲᠤ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠶᠠᠪᠤᠳᠠᠯ︾ ᠤᠨ ᠲᠤᠷᠰᠢᠯᠲᠠ ᠶᠢ ᠥᠷᠨᠢᠭᠦᠯᠵᠦ᠂ | ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠴᠢᠳᠠᠮᠵᠢ ᠶᠢ ᠨᠡᠮᠡᠭᠳᠡᠭᠦᠯᠦᠨ᠎ᠡ᠃ ᠳᠥᠷᠪᠡ ᠳᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠦᠢᠯᠡᠴᠢᠯᠡᠭᠡ ᠶᠢ ᠵᠢᠷᠤᠮᠵᠢᠭᠤᠯᠤᠨ᠎ᠠ᠃ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨ᠎ᠠ ᠵᠡᠷᠭᠡ ᠳᠤ ᠨᠢ ᠦᠢᠯᠡᠴᠢᠯᠡᠵᠦ᠂ ᠭᠤᠶᠤᠴᠢᠯᠠᠭᠴᠢ ᠰᠦᠯᠵᠢᠶᠡᠨ ᠠᠴᠠ ᠭᠠᠳᠠᠨ᠎ᠠ | ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠪᠠᠨ᠂ ᠭᠤᠶᠤᠴᠢᠯᠠᠬᠤ ᠮᠠᠲ᠋ᠧᠷᠢᠶᠠᠯ ᠢ ᠤᠷᠢᠳ ᠢᠶᠠᠷ ᠰᠦᠯᠵᠢᠶᠡᠨ | ᠳᠡᠭᠡᠷ᠎ᠡ ᠠᠴᠠ ᠪᠣᠯᠵᠣᠬᠤ ᠪᠤᠶᠤ ᠰᠦᠯᠵᠢᠶᠡᠨ ᠳᠡᠭᠡᠷ᠎ᠡ ᠲᠤᠰᠢᠶᠠᠯᠭᠠᠬᠤ ᠪᠠᠷ ᠠᠯᠪᠠᠳᠠᠵᠤ ᠪᠣᠯᠬᠤ ᠦᠭᠡᠢ᠂ ᠠᠵᠤ | ᠠᠬᠤᠶᠢᠯᠠᠯ ᠪᠠ ᠣᠯᠠᠨ ᠲᠦᠮᠡᠨ ᠭᠦᠢᠴᠡᠳᠬᠡᠬᠦ ᠠᠷᠭ᠎ᠠ ᠵᠠᠮ ᠢᠶᠠᠨ ᠡᠵᠡᠨ ᠮᠡᠳᠡᠨ ᠰᠣᠩᠭᠤᠵᠤ᠂ ᠢᠯᠭᠠᠭ᠎ᠠ ᠦᠭᠡᠢ | ᠭᠥᠯᠢᠶᠡᠨ ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠲᠠᠪᠤ ᠳᠤ᠂ | ᠦᠨᠡᠯᠡᠨ ᠵᠢᠱᠢᠯᠲᠡ ᠥᠷᠨᠢᠭᠦᠯᠬᠦ ᠶᠢ ᠵᠢᠷᠤᠮᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ᠂ ᠲᠠᠪᠴᠠᠩ᠂ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ | ᠭᠦᠢᠴᠡᠳ ᠠᠰᠢᠭᠯᠠᠨ᠂ ︽ᠰᠠᠶᠢᠨ ᠮᠠᠭᠤ ᠦᠨᠡᠯᠡᠯᠲᠡ︾ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢ ᠠᠬᠢᠭᠤᠯᠬᠤ ᠲᠠᠯ᠎ᠠ ᠪᠠᠷ᠂ | ᠨᠢᠭᠡ ᠳᠤ᠂ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ ᠠᠬᠢᠭᠤᠯᠤᠨ᠎ᠠ᠃ ︽ᠨᠢᠭᠡ | ᠬᠦᠰᠦᠨᠦᠭᠲᠦ ᠬᠠᠭᠤᠳᠠᠰᠤ︾ ᠪᠠᠷ ᠭᠤᠶᠤᠴᠢᠯᠠᠬᠤ᠂ ︽ᠨᠢᠭᠡ ᠢᠵᠢ ᠮᠠᠲ᠋ᠧᠷᠢᠶᠠᠯ︾ ᠢ ᠭᠥᠯᠢᠶᠡᠨ ᠠᠪᠴᠤ | ᠰᠢᠢᠳᠪᠦᠷᠢᠯᠡᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠯᠡ ᠤᠳᠠᠭ᠎ᠠ ᠳᠤ ᠭᠦᠢᠴᠡᠳᠬᠡᠬᠦ︾ | ᠦᠢᠯᠡᠴᠢᠯᠡᠭᠡᠨ ᠤ ᠲᠤᠰᠬᠠᠢ ᠣᠷᠣᠨ ᠢ ᠲᠠᠰ ᠳᠡᠪᠰᠢᠭᠦᠯᠦᠨ᠂ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠬᠤ᠂ | ᠴᠣᠩᠬᠤᠪᠴᠢ ᠶᠢᠨ ᠠᠵᠢᠯᠲᠠᠨ ᠤ ᠭᠥᠯᠢᠶᠡᠨ ᠠᠪᠴᠤ ᠰᠢᠢᠳᠪᠦᠷᠢᠯᠡᠬᠦ ᠴᠢᠳᠠᠮᠵᠢ ᠶᠢ ᠪᠡᠶᠡᠯᠡᠭᠦᠯᠦᠨ᠎ᠡ᠃ ᠬᠤᠶᠠᠷ ᠲᠤ᠂ | ︽ᠦᠨᠡᠮᠯᠡᠯ ᠦᠭᠡᠢ ᠪᠠᠷ ᠭᠦᠢᠴᠡᠳᠬᠡᠬᠦ︾ ᠦᠢᠯᠡᠴᠢᠯᠡᠭᠡ ᠶᠢ ᠳᠡᠯᠭᠡᠷᠡᠭᠦᠯᠦᠨ᠎ᠡ᠃ ᠡᠯᠧᠺᠲᠷᠤᠨ ᠦᠨᠡᠮᠯᠡᠯ ᠤᠨ | ᠬᠡᠷᠡᠭᠯᠡᠭᠡᠨ ᠤ ᠬᠦᠷᠢᠶ᠎ᠡ ᠶᠢ ᠥᠷᠭᠡᠳᠬᠡᠬᠦ ᠶᠢ ᠠᠬᠢᠭᠤᠯᠵᠤ᠂ ᠡᠯᠧᠺᠲᠷᠤᠨ ᠦᠨᠡᠮᠯᠡᠯ ᠪᠣᠯᠣᠨ ᠴᠠᠭᠠᠰᠤᠨ ᠦᠨᠡᠮᠯᠡᠯ ᠤᠨ | ᠠᠳᠠᠯᠢᠬᠠᠨ ᠬᠦᠴᠦᠨ ᠲᠠᠢ ᠪᠠᠶᠢᠬᠤ ᠶᠢ ᠲᠣᠳᠣᠷᠬᠠᠶᠢᠯᠠᠵᠤ᠂ ᠴᠤᠭᠯᠠᠭᠤᠯᠤᠭᠰᠠᠨ ᠡᠯᠧᠺᠲᠷᠤᠨ ᠦᠨᠡᠮᠯᠡᠯ ᠢᠶᠠᠷ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠪᠣᠳᠠᠲᠠᠢ ᠦᠨᠡᠮᠯᠡᠯ ᠲᠤᠰᠢᠶᠠᠬᠤ ᠠᠴᠠ | ᠬᠡᠯᠲᠦᠷᠢᠭᠦᠯᠬᠦ ᠶᠢ ᠳᠡᠮᠵᠢᠨ᠎ᠡ᠃ ᠭᠤᠷᠪᠠ ᠳᠤ᠂ ︽ᠣᠶᠢᠷ᠎ᠠ ᠬᠠᠪᠢ ᠳᠤ ᠪᠠᠨ ᠭᠦᠢᠴᠡᠳᠬᠡᠬᠦ︾ ᠶᠢ ᠶᠡᠭᠡ ᠪᠠᠷ | ᠬᠡᠷᠡᠭᠵᠢᠭᠦᠯᠦᠨ᠎ᠡ᠃ ᠥᠪᠡᠰᠦᠪᠡᠨ ᠦᠢᠯᠡᠴᠢᠯᠡᠬᠦ ᠲᠡᠭᠦᠰᠬᠡᠯ ᠦᠵᠦᠭᠦᠷ ᠢ ᠭᠠᠴᠠᠭ᠎ᠠ ᠲᠣᠰᠬᠤᠨ ︵ᠨᠡᠶᠢᠭᠡᠮ | ᠲᠣᠭᠤᠷᠢᠭ︶᠂ ᠬᠦᠷᠢᠶᠡᠯᠡᠩ ᠲᠣᠭᠤᠷᠢᠭ᠂ ᠬᠤᠳᠠᠯᠳᠤᠭᠠᠨ ᠤ ᠲᠠᠯᠠᠪᠤᠷ᠂ ᠠᠰᠠᠷ ᠲᠠᠭᠲᠤ ᠵᠡᠷᠭᠡ ᠲᠠᠯᠠᠪᠤᠷ ᠲᠡᠶᠢᠰᠢ | ᠳᠡᠯᠭᠡᠷᠡᠭᠦᠯᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ︽ᠣᠶᠢᠷ᠎ᠠ ᠬᠠᠪᠢ ᠳᠤ ᠪᠠᠨ | ᠭᠦᠢᠴᠡᠳᠬᠡᠬᠦ᠂ ᠡᠭᠦᠳᠡᠨ ᠡᠮᠦᠨ᠎ᠡ ᠪᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠵᠦᠢᠯᠡᠰ ᠢ ᠨᠠᠶᠢᠳᠠᠨ ᠭᠥᠯᠢᠶᠡᠨ ᠠᠪᠴᠤ ᠰᠢᠢᠳᠪᠦᠷᠢᠯᠡᠬᠦ᠂ | ᠡᠷᠬᠡ ᠣᠯᠭᠤᠵᠤ ᠭᠦᠢᠴᠡᠳᠬᠡᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠠᠷᠭ᠎ᠠ ᠪᠠᠷ | ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠲᠤ ᠬᠦᠷᠴᠦ | ᠭᠦᠢᠴᠡᠳᠬᠡᠬᠦ ᠶᠢ ᠠᠬᠢᠭᠤᠯᠤᠨ᠎ᠠ᠃ ᠳᠥᠷᠪᠡ ᠳᠤ᠂ ︽ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ | ᠭᠦᠢᠴᠡᠳᠬᠡᠬᠦ︾ ᠶᠢ ᠠᠬᠢᠭᠤᠯᠤᠨ᠎ᠠ᠃ ᠠᠵᠤ ᠠᠬᠤᠶᠢᠯᠠᠯ ᠪᠠ ᠣᠯᠠᠨ ᠲᠦᠮᠡᠨ ᠤ ᠦᠷᠭᠦᠯᠵᠢ ᠭᠦᠢᠴᠡᠳᠬᠡᠳᠡᠭ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠠᠯᠠᠭᠠᠨ ᠳᠡᠭᠡᠷ᠎ᠡ ᠪᠠᠨ ᠭᠦᠢᠴᠡᠳᠬᠡᠬᠦ᠂ | ᠬᠤᠷᠤᠭᠤ ᠪᠠᠷ ᠢᠶᠠᠨ ᠭᠦᠢᠴᠡᠳᠬᠡᠬᠦ︾ ᠶᠢ ᠠᠬᠢᠭᠤᠯᠤᠨ᠎ᠠ᠃ ᠲᠠᠪᠤ ᠳᠤ᠂ ᠮᠡᠳᠡᠭᠳᠡᠵᠦ ᠠᠮᠠᠯᠠᠬᠤ ᠳᠦᠷᠢᠮ ᠪᠣᠯᠣᠨ | ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ᠮᠡᠳᠡᠭᠳᠡᠵᠦ | ᠠᠮᠠᠯᠠᠬᠤ ᠳᠦᠷᠢᠮ ᠪᠠ ᠳᠤᠲᠠᠭᠤᠳᠠᠭᠰᠠᠨ ᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠶᠢ ᠬᠡᠷᠡᠭᠯᠡᠵᠦ ᠪᠣᠯᠬᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠡᠮᠬᠢᠯᠡᠨ ᠳᠢᠭᠯᠡᠵᠦ᠂ ᠨᠡᠶᠢᠭᠡᠮ ᠳᠤ ᠨᠢᠭᠡᠳᠦᠯᠲᠡᠢ ᠨᠡᠶᠢᠲᠡᠯᠡᠨ᠎ᠡ | ᠃ ᠵᠢᠷᠭᠤᠭ᠎ᠠ ᠳᠤ᠂ ᠣᠶᠤᠨᠴᠢᠯᠠᠭᠰᠠᠨ ᠣᠨᠣᠪᠴᠢᠲᠠᠢ ᠥᠪᠡᠷᠮᠢᠴᠡ ᠣᠨᠴᠠᠯᠢᠭ ᠪᠦᠬᠦᠢ ᠦᠢᠯᠡᠴᠢᠯᠡᠭᠡᠨ ᠤ | ᠲᠦᠪᠰᠢᠨ ᠢ ᠳᠡᠭᠡᠭᠰᠢᠯᠡᠭᠦᠯᠦᠨ᠎ᠡ᠃ ︽ᠨᠢᠭᠡ ᠠᠵᠤ ᠠᠬᠤᠶᠢᠯᠠᠯ ᠳᠤ ᠨᠢᠭᠡ ᠲᠠᠩᠰᠠ ᠪᠠᠶᠢᠭᠤᠯᠬᠤ︾ ︽ᠨᠢᠭᠡ | ᠬᠥᠮᠥᠨ ᠳᠤ ᠨᠢᠭᠡ ᠲᠠᠩᠰᠠ ᠪᠠᠶᠢᠭᠤᠯᠬᠤ︾ ᠶᠢ ᠲᠡᠭᠦᠯᠳᠡᠷᠵᠢᠭᠦᠯᠵᠦ᠂ ᠬᠤᠶᠠᠷ ᠬᠡᠮᠵᠢᠯᠲᠦ ᠺᠣᠳ᠋᠂ ᠲᠣᠭᠠᠴᠢᠯᠠᠭᠰᠠᠨ | ᠨᠡᠷ᠎ᠡ ᠶᠢᠨ ᠬᠠᠭᠤᠳᠠᠰᠤ ᠵᠡᠷᠭᠡ ᠠᠬᠤᠢ ᠲᠠᠯᠠᠪᠠᠶ ᠶᠢᠨ ᠬᠡᠷᠡᠭᠯᠡᠯᠲᠡ ᠶᠢ ᠵᠢᠷᠤᠮᠵᠢᠭᠤᠯᠤᠨ ᠥᠷᠭᠡᠳᠬᠡᠵᠦ᠂ ᠥᠪᠡᠷᠮᠢᠴᠡ | ᠨᠠᠷᠢᠯᠢᠭ ᠣᠨᠣᠴᠠᠲᠠᠢ ᠦᠢᠯᠡᠴᠢᠯᠡᠭᠡ ᠶᠢ ᠪᠡᠶᠡᠯᠡᠭᠦᠯᠦᠨ᠎ᠡ᠃ ᠳᠣᠯᠤᠭ᠎ᠠ ᠳᠤ᠂ ᠲᠥᠬᠦᠮ ᠦᠵᠡᠭᠦᠯᠬᠦ ᠨᠡᠩ ᠣᠯᠠᠨ | ᠦᠢᠯᠡᠴᠢᠯᠡᠭᠡ ᠶᠢ ᠬᠠᠩᠭᠠᠨ᠎ᠠ᠃ ᠨᠡᠶᠢᠭᠡᠮ ᠤᠨ ᠦᠢᠯᠡᠴᠢᠯᠡᠭᠡ᠂ ᠨᠡᠶᠢᠭᠡᠮ ᠤᠨ ᠳᠠᠭᠠᠳᠬᠠᠯ᠂ ᠡᠮᠴᠢᠯᠡᠭᠡ ᠡᠷᠡᠭᠦᠯ | ᠬᠠᠮᠠᠭᠠᠯᠠᠯ ᠵᠡᠷᠭᠡ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ | ᠭᠤᠣᠯᠳᠠᠯᠭ᠎ᠠ ᠲᠠᠢ ᠬᠦᠷᠢᠶᠡᠨ ᠳᠤ᠂ ︽ᠡᠷᠲᠡ ᠣᠷᠣᠢ ᠬᠠᠷᠢᠮᠠᠬᠠᠢ ᠴᠢᠨᠠᠷᠲᠠᠢ ᠪᠠᠷ ᠭᠦᠢᠴᠡᠳᠬᠡᠬᠦ︾ ︽ᠦᠳᠡ ᠳᠤ | ᠲᠠᠰᠤᠯᠳᠠᠭᠤᠯᠬᠤ ᠦᠭᠡᠢ︾ ︽ᠭᠠᠷᠠᠭ ᠤᠨ ᠰᠡᠭᠦᠯᠴᠢ ᠳᠤ ᠠᠮᠠᠷᠠᠬᠤ ᠦᠭᠡᠢ︾ ᠵᠡᠷᠭᠡ ᠴᠠᠭ ᠢ ᠤᠷᠲᠤᠳᠬᠠᠬᠤ | ᠦᠢᠯᠡᠴᠢᠯᠡᠭᠡ ᠬᠠᠩᠭᠠᠵᠤ᠂ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠬᠥᠮᠥᠰ ᠲᠤ ᠲᠥᠬᠦᠮ ᠦᠵᠡᠭᠦᠯᠬᠦ | ᠦᠢᠯᠡᠴᠢᠯᠡᠭᠡ ᠬᠠᠩᠭᠠᠨ᠎ᠠ᠃ | ︵ᠳᠥᠷᠪᠡ︶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠡ ᠳᠤ᠂ ᠪᠥᠬᠦ | ᠣᠷᠣᠨ ᠤ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠎ᠠ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ 2.0 ᠲᠥᠷᠥᠯ ᠵᠦᠢᠯ ᠢ ᠬᠡᠷᠡᠭᠵᠢᠭᠦᠯᠵᠦ᠂ ︽ᠣᠶᠤᠨᠲᠤ | ᠵᠠᠰᠠᠭ ᠤᠨ ᠶᠠᠪᠤᠳᠠᠯ︾ ᠤᠨ ᠬᠡᠷᠡᠭᠯᠡᠭᠡᠨ ᠤ ᠰᠢᠰᠲ᠋ᠧᠮ ᠢ ᠪᠠᠶᠢᠭᠤᠯᠵᠤ᠂ ᠤᠯᠤᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠲᠠᠢ ᠪᠥᠬᠦ ᠲᠠᠯ᠎ᠠ ᠪᠠᠷ ᠵᠣᠯᠭᠠᠭᠤᠯᠤᠨ ᠠᠭᠤᠰᠤᠯᠴᠠᠭᠤᠯᠤᠨ᠎ᠠ᠃ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠲᠠᠪᠴᠠᠩ ᠤᠨ ᠤᠯᠠᠨ ᠨᠡᠶᠢᠲᠡ ᠶᠢᠨ | ᠲᠤᠯᠭᠠᠭᠤᠷᠢᠯᠠᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ ᠲᠤᠬᠠᠶᠢᠯᠠᠭᠰᠠᠨ | ᠠᠵᠢᠯ ᠤᠨ ᠰᠢᠰᠲ᠋ᠧᠮ ᠨᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠰᠦᠯᠵᠢᠶᠡᠨ ᠠᠴᠠ ᠭᠠᠳᠠᠨ᠎ᠠ ᠭᠥᠯᠢᠶᠡᠨ | ᠠᠪᠴᠤ ᠰᠢᠢᠳᠪᠦᠷᠢᠯᠡᠬᠦ ᠦᠢᠯᠡᠴᠢᠯᠡᠭᠡᠨ ᠤ ᠬᠡᠷᠡᠭᠴᠡᠭᠡ ᠶᠢ ᠪᠥᠬᠦ ᠲᠠᠯ᠎ᠠ ᠪᠠᠷ ᠲᠤᠯᠭᠠᠭᠤᠷᠢᠯᠠᠵᠤ᠂ ᠰᠢᠯᠵᠢᠮᠡᠯ | ᠦᠵᠦᠭᠦᠷ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ ︽ᠶᠡᠷᠦᠩᠬᠡᠶᠢᠯᠡᠭᠰᠡᠨ ᠨᠢᠭᠡ ᠴᠣᠩᠬᠤᠪᠴᠢ︾ ᠶᠢᠨ | ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠲᠠᠢ ᠵᠣᠯᠭᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠨ᠎ᠠ ᠶᠢ ᠠᠭᠤᠰᠤᠯᠴᠠᠭᠤᠯᠤᠭᠰᠠᠨ ᠦᠢᠯᠡᠴᠢᠯᠡᠭᠡᠨ ᠤ ᠵᠠᠭᠪᠤᠷ ᠢ ᠬᠠᠩᠭᠠᠨ᠎ᠠ᠃ ᠭᠤᠷᠪᠠ ᠳᠤ᠂ ᠲᠤᠭ᠎ᠠ | ᠪᠠᠷᠢᠮᠲᠠ ᠶᠢ ᠬᠠᠮᠲᠤ ᠳᠤ ᠪᠠᠨ ᠬᠦᠷᠲᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠬᠢᠭᠡᠳ ᠤᠯᠤᠰ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠭᠦᠨᠵᠡᠭᠡᠢ ᠵᠣᠯᠭᠠᠭᠤᠯᠬᠤ᠂ ᠳ᠋ᠠᠶᠢᠲ᠋ᠠ ᠶᠢ ᠬᠤᠣᠰ ᠴᠢᠭᠯᠡᠯ ᠢᠶᠠᠷ | ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ | ᠭᠤᠷᠪᠠ᠂ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠤᠭᠰᠠᠨ ᠪᠤᠢ︖ | | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠩᠨᠡᠭᠡᠨ ᠤ ᠪᠠᠶᠢᠭᠤᠯᠤᠯᠲᠠ᠂ ᠬᠠᠤᠯᠢ ᠪᠠᠷ ᠵᠠᠰᠠᠬᠤ | ᠪᠠᠲᠤᠯᠠᠭ᠎ᠠ᠂ ᠬᠢᠨᠠᠨ ᠵᠢᠯᠤᠭᠤᠳᠴᠤ ᠰᠢᠯᠭᠠᠨ ᠦᠨᠡᠯᠡᠬᠦ᠂ ᠤᠬᠠᠭᠤᠯᠤᠨ ᠳᠡᠯᠭᠡᠷᠡᠭᠦᠯᠬᠦ ᠵᠡᠷᠭᠡ 5 ᠲᠠᠯ᠎ᠠ ᠠᠴᠠ | ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠃ ᠳᠡᠭᠡᠷ᠎ᠡ ᠳᠣᠣᠷ᠎ᠠ ᠱᠠᠲᠤ ᠶᠢ ᠬᠤᠯᠪᠣᠭᠰᠠᠨ᠂ ᠱᠠᠲᠤ ᠬᠤᠪᠢᠶᠠᠨ | ᠬᠠᠷᠢᠭᠤᠴᠠᠭᠰᠠᠨ᠂ ᠬᠠᠮᠵᠢᠯᠴᠠᠨ ᠬᠤᠯᠪᠣᠭᠠᠯᠠᠵᠤ ᠬᠥᠳᠡᠯᠦᠯᠴᠡᠭᠰᠡᠨ ᠪᠥᠬᠦ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠳᠤ ᠰᠠᠭᠤᠷᠢᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠳ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠪᠥᠬᠦ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠬᠠᠮᠢᠶᠠᠷᠤᠯᠲᠠ ᠪᠠ ᠶᠡᠷᠦᠩᠬᠡᠶᠢᠯᠡᠭᠰᠡᠨ | ᠴᠣᠩᠬᠤᠪᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠲᠣᠳᠣᠷᠬᠠᠢ ᠱᠠᠭᠠᠷᠳᠠᠯᠭ᠎ᠠ | ᠳᠤᠷᠠᠳᠴᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠮᠠᠨ ᠤ ᠣᠷᠣᠨ ᠤ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠮᠳᠠᠭᠤᠯᠤᠨ | ᠪᠠᠶᠢᠴᠠᠭᠠᠬᠤ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠪᠠ᠃ | | |