ᠥᠪᠥᠷ ᠮᠣᠩᠭᠤᠯ ᠤᠨ ᠮᠦᠽᠧᠶ 2022 ᠣᠨ ᠤ ᠪᠥᠬᠦ ᠤᠯᠤᠰ ᠤᠨ ᠰᠦᠯᠵᠢᠶᠡᠨ ᠲᠡᠭᠡᠷᠡᠬᠢ  ᠬᠦᠮᠦᠰ  ᠤᠨ ᠬᠦᠷᠢᠶᠡᠯᠡᠯ ᠢ ᠬᠠᠮᠤᠭ ᠠᠴᠠ ᠢᠯᠡᠭᠦᠦ ᠤᠯᠤᠭᠰᠠᠨ ᠠᠷᠪᠠᠨ ᠶᠡᠭᠡ ︽ᠮᠤᠵᠢ ᠶᠢᠨ ᠮᠦᠽᠽᠢ︾ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/1/13
      ᠪᠥᠬᠦ ᠤᠯᠤᠰ ᠤᠨ ᠡᠯ᠎ᠡ ᠶᠡᠭᠡ ᠮᠦᠽᠧᠶ ᠶᠢᠨ ᠰᠦᠯᠵᠢᠶᠡᠨ ᠲᠡᠭᠡᠷᠡᠬᠢ  ᠬᠦᠮᠦᠰ ᠤᠨ ᠬᠦᠷᠢᠶᠡᠯᠡᠯ ᠢ ᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠰᠣᠶᠣᠯ ᠦᠵᠡᠰᠬᠦᠯᠡᠩ ᠤᠨ ᠴᠤᠭᠯᠠᠭᠠᠨ ᠤ ᠬᠥᠭᠵᠢᠯᠲᠡ ᠶᠢᠨ ᠰᠢᠨ᠎ᠡ ᠶᠢ ᠡᠭᠦᠳᠬᠦ ᠲᠦᠷᠦᠭᠦᠴᠦᠳ ᠤᠨ ᠬᠤᠷᠠᠯ 2022 ᠣᠨ ᠤ 11 ᠰᠠᠷ᠎ᠠ ᠳᠤ ︽ᠠᠷᠪᠠᠨ ᠶᠡᠭᠡ ᠤᠨᠴᠠᠯᠢᠬᠳᠤ ᠮᠦᠽᠧᠶ ᠶᠢᠨ ᠲᠤᠰᠬᠠᠶ ᠰᠡᠳᠦᠪᠲᠦ ᠲᠠᠨᠢᠯᠴᠠᠭᠤᠯᠭ᠎ᠠ ᠶᠢᠨ ᠠᠵᠢᠯᠯᠠᠭ᠎ᠠ︾ ᠶᠢ ᠥᠷᠨᠢᠭᠦᠯᠵᠦ᠂ ᠦᠵᠡᠭᠰᠡᠨ ᠬᠥᠮᠦᠨ ᠤ ᠲᠤᠭ᠎ᠠ 30 ᠲᠦᠮᠡᠨ ᠬᠥᠮᠦᠨ ᠤᠳᠠᠭ᠎ᠠ ᠳᠤ ᠬᠦᠷᠴᠦ᠂ ᠪᠢᠯᠧᠲ ᠥᠭᠭᠦᠭᠰᠡᠨ ᠬᠥᠮᠦᠨ ᠤ ᠲᠤᠭ᠎ᠠ 11 ᠲᠦᠮᠡᠨ ᠬᠥᠮᠦᠨ ᠤᠳᠠᠭ᠎ᠠ ᠳᠤ ᠬᠦᠷᠴᠡᠶ᠃ ᠠᠷᠪᠠᠨ ᠶᠡᠭᠡ ᠬᠦᠮᠦᠰ  ᠤᠨ ᠬᠦᠷᠢᠶᠡᠯᠡᠯ ᠢ ᠬᠠᠮᠤᠭ ᠠᠴᠠ ᠢᠯᠡᠭᠦᠦ ᠤᠯᠤᠭᠰᠠᠨ ︽ᠮᠤᠵᠢ ᠶᠢᠨ  ᠮᠦᠽᠽᠢ︾ ᠶᠢᠨ ᠪᠢᠯᠧᠲ ᠥᠭᠭᠦᠯᠲᠡ᠂ ᠠᠷᠪᠠᠨ ᠶᠡᠭᠡ ᠬᠥᠮᠦᠰ ᠤᠨ ᠬᠦᠷᠢᠶᠡᠯᠡᠯ ᠢ ᠣᠯᠤᠭᠰᠠᠨ ᠪᠢᠯᠧᠲ ᠥᠭᠭᠦᠯᠲᠡ᠂ ᠠᠷᠪᠠᠨ ᠶᠡᠭᠡ ᠬᠥᠮᠦᠰ ᠤᠨ ᠬᠦᠷᠢᠶᠡᠯᠡᠯ ᠢ ᠣᠯᠤᠭᠰᠠᠨ‌ᠮᠤᠵᠢ ᠶᠢᠨ ᠲᠥᠪ ᠬᠤᠲᠠ ᠶᠢᠨ ᠮᠦᠽᠧᠶ ᠶᠢᠨ ᠪᠢᠯᠧᠲ ᠥᠭᠭᠦᠯᠲᠡ᠂ ᠠᠷᠪᠠᠨ ᠶᠡᠭᠡ ᠬᠥᠮᠦᠰ ᠤᠨ ᠬᠦᠷᠢᠶᠡᠯᠡᠯ ᠢ ᠣᠯᠤᠭᠰᠠᠨ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠤ ᠲᠠᠰ ᠤᠨ ᠬᠤᠲᠠ ᠶᠢᠨ ᠮᠦᠽᠧᠶ ᠶᠢᠨ ᠪᠢᠯᠧᠲ ᠥᠭᠭᠦᠯᠲᠡ ᠵᠡᠷᠭᠡ ᠳᠥᠷᠪᠡᠨ ᠶᠡᠭᠡ ᠪᠢᠯᠧᠲ ᠥᠭᠭᠦᠯᠲᠡ ᠶᠢᠨ ᠶᠠᠪᠤᠴᠠ ᠳᠤ ᠨᠡᠶᠢᠲᠡ130 ᠮᠦᠽᠧᠶ ᠣᠷᠣᠯᠴᠠᠵᠤ᠂ ᠥᠪᠥᠷ ᠮᠣᠩᠭᠤᠯ ᠤᠨ ᠮᠦᠽᠧᠶ ᠨᠢ 2022 ᠣᠨ ᠤ ᠬᠦᠮᠦᠰ ᠤᠨ ᠬᠦᠷᠢᠶᠡᠯᠡᠯ ᠢ ᠬᠠᠮᠤᠭ  ᠠᠴᠠ ᠢᠯᠡᠭᠦᠦ ᠤᠯᠤᠭᠰᠠᠨ ᠠᠷᠪᠠᠨ ᠶᠡᠭᠡ ︽ᠮᠤᠵᠢ ᠶᠢᠨ  ᠮᠦᠽᠽᠢ︾ ᠶᠢᠨ ᠨᠢᠭᠡ ᠪᠣᠯᠤᠭᠰᠠᠨ ᠪᠠᠶᠢᠨ᠎ᠠ᠃            ︽ᠶᠡᠭᠡ ᠯᠢᠶᠣᠤ ᠤᠯᠤᠰ ᠬᠢᠳᠠᠨ︾᠂ ︽ᠲᠩᠷᠢᠯᠢᠭ ᠮᠣᠩᠭᠤᠯ︾ ︵ᠣᠲᠣ ︽ᠠᠭᠤᠰᠤᠯᠴᠠᠭᠰᠠᠨ ᠷᠢᠳᠢ ᠰᠢᠳᠢ︾︶ ᠭᠡᠬᠦ ᠬᠤᠶᠠᠷ ᠦᠵᠡᠰᠬᠦᠯᠡᠩ ᠨᠢ ᠲᠣᠰ ᠲᠣᠰ ᠠᠷᠪᠠᠨ ᠲᠠᠪᠤᠳᠤᠭᠠᠷ ᠬᠤᠭᠤᠴᠠᠭ᠎ᠠ ︵2017 ᠣᠨ︶᠂ ᠠᠷᠪᠠᠨ ᠵᠢᠷᠭᠤᠳᠤᠭᠠᠷ ᠬᠤᠭᠤᠴᠠᠭ᠎ᠠ ︵2018 ᠣᠨ︶ ᠶᠢᠨ ᠪᠥᠬᠦ ᠤᠯᠤᠰ ᠤᠨ ᠮᠦᠽᠧᠶ ᠶᠢᠨ ᠠᠷᠪᠠᠨ ᠶᠡᠭᠡ ᠦᠵᠡᠰᠭᠦᠯᠡᠩ ᠤᠨ ᠰᠣᠳᠣᠨ ᠪᠦᠲᠦᠭᠡᠯ ᠤᠨ ᠱᠠᠩᠨᠠᠯ᠂ ︽ᠪᠠᠯᠠᠷ ᠡᠷᠲᠡᠨ ᠤ ᠶᠢᠷᠲᠢᠨᠴᠣ︾ ᠶᠢᠨ ᠦᠵᠡᠭᠦᠯᠭᠡ ᠨᠢ ᠠᠷᠪᠠ ᠶᠢᠰᠦᠳᠦᠭᠡᠷ ᠬᠤᠭᠤᠴᠠᠭ᠎ᠠ ︵2021 ᠣᠨ︶ ᠶᠢᠨ ᠪᠥᠬᠦ ᠤᠯᠤᠰ ᠤᠨ ᠮᠦᠽᠧᠶ ᠶᠢᠨ ᠦᠵᠡᠭᠦᠯᠭᠡ ᠶᠢᠨ ᠰᠢᠯᠢᠳᠡᠭ ᠱᠠᠩᠨᠠᠯ ᠭᠥᠷᠳᠡᠪᠡ᠃      ᠥᠪᠥᠷ ᠮᠣᠩᠭᠤᠯ ᠤᠨ ᠮᠦᠽᠧᠶ ᠳᠡᠯᠭᠡᠨ ᠦᠵᠡᠭᠦᠯᠭᠡ ᠳᠤ ᠲᠦᠰᠢᠭᠯᠡᠨ᠂ ︽ᠶᠠᠪᠤᠴᠠ ᠶᠢ ᠴᠢᠬᠤᠯᠠᠴᠢᠯᠠᠬᠤ᠂ ᠪᠡᠶᠡᠴᠢᠯᠡᠨ ᠣᠶᠢᠯᠠᠭᠠᠬᠤ ᠶᠢ ᠴᠢᠬᠤᠯᠠᠴᠢᠯᠠᠬᠤ᠂ ᠣᠷᠣᠯᠴᠠᠬᠤ ᠶᠢ ᠴᠢᠬᠤᠯᠠᠴᠢᠯᠠᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠤ ᠲᠣᠭᠤᠷᠢᠨ ᠳᠤ᠂ ᠪᠠᠶᠠᠷ ᠳᠤᠷᠠᠰᠬᠠᠯ ᠳᠤ ᠠᠩᠬᠠᠷᠤᠯ ᠢᠶᠠᠨ ᠬᠠᠨᠲᠤᠭᠤᠯᠬᠤ᠂ ᠶᠠᠪᠠᠭᠠᠨ ᠮᠦᠽᠧᠶ ᠂ ︽ᠪᠠᠶᠠᠰᠬᠤᠯᠠᠩᠲᠤ ᠶᠡᠭᠡ ᠬᠢᠴᠢᠶᠡᠯ ᠤᠨ ᠲᠠᠩᠬᠢᠮ︾ ᠤᠨ ᠮᠡᠳᠡᠯᠭᠡ ᠶᠢᠨ ᠤᠷᠤᠯᠳᠤᠭᠠᠨ᠂ ᠪᠢᠴᠢᠬᠠᠨ ᠲᠠᠶᠢᠯᠪᠤᠷᠢᠯᠠᠭᠴᠢ ᠶᠢᠨ ᠪᠣᠯᠪᠠᠰᠤᠷᠠᠯ ᠤᠨ ᠠᠩᠭᠢ ᠵᠡᠷᠭᠡ ᠠᠷᠪᠠᠨ ᠶᠡᠭᠡ ᠲᠥᠷᠥᠯ ᠤᠨ ᠠᠳᠠᠯᠢ ᠪᠤᠰᠤ ᠭᠥᠯᠢᠶᠡᠨ ᠠᠪᠤᠭᠴᠢᠳ ᠲᠤ ᠴᠢᠭᠯᠡᠭᠦᠯᠦᠭᠰᠡᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠷᠭᠠᠨ ᠬᠥᠮᠦᠵᠢᠯ ᠤᠨ ᠲᠥᠷᠥᠯ ᠵᠦᠢᠯ ᠢ ᠪᠦᠷᠢᠯᠳᠦᠭᠦᠯᠵᠦ᠂ ᠰᠤᠷᠭᠠᠨ ᠬᠥᠮᠦᠵᠢᠯ ᠤᠨ ᠲᠥᠷᠥᠯ ᠠᠩᠭᠢᠯᠠᠯ ᠢ ᠰᠢᠨᠵᠢᠯᠡᠬᠦ ᠤᠬᠠᠭᠠᠨᠴᠢᠯᠠᠬᠤ᠂ ᠰᠤᠷᠭᠠᠨ ᠬᠥᠮᠦᠵᠢᠯ ᠤᠨ ᠲᠥᠷᠥᠯ ᠵᠦᠢᠯ ᠢ ᠰᠢᠰᠲ᠋ᠧᠮᠵᠢᠭᠦᠯᠬᠦ᠂ ᠰᠤᠷᠭᠠᠨ ᠬᠥᠮᠦᠵᠢᠯ ᠤᠨ ᠠᠷᠭ᠎ᠠ ᠪᠠᠷᠢᠯ ᠢ ᠣᠯᠠᠨ ᠶᠠᠩᠵᠤᠴᠢᠯᠠᠬᠤ ᠶᠢ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ ᠮᠢᠩᠭ᠎ᠠ ᠰᠢᠬᠠᠮ ᠲᠠᠯᠠᠪᠠᠶ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠥᠬᠡᠶ ᠪᠠᠶᠠᠯᠢᠭᠵᠢᠭᠤᠯᠪᠠ᠃ ︽ᠪᠠᠶᠠᠰᠬᠤᠯᠠᠩᠲᠤ ᠶᠡᠭᠡ ᠬᠢᠴᠢᠶᠡᠯ ᠤᠨ ᠲᠠᠩᠬᠢᠮ︾᠂ ᠨᠡᠭᠦᠳᠡᠯ ᠲᠣᠭᠠᠴᠢᠯᠠᠭᠰᠠᠨ ᠮᠦᠽᠧᠶ᠂  ᠶᠠᠪᠠᠭᠠᠨ ᠮᠦᠽᠧᠶ ᠶᠢᠨ ᠬᠢᠴᠢᠶᠡᠯ ᠵᠡᠷᠭᠡ ᠣᠯᠠᠨ ᠰᠤᠷᠭᠠᠨ ᠬᠥᠮᠦᠵᠢᠯ ᠤᠨ ᠲᠥᠷᠥᠯ ᠵᠦᠢᠯ ᠨᠢ ᠬᠠᠮᠤᠭ ᠤᠨ ᠰᠠᠶᠢᠨ ᠨᠠᠰᠤᠨ ᠳᠤ ᠥᠯᠥ ᠭᠦᠷᠦᠭᠰᠡᠳ ᠤᠨ ᠰᠤᠷᠭᠠᠨ ᠬᠥᠮᠦᠵᠢᠯ ᠤᠨ ᠲᠥᠷᠥᠯ ᠵᠦᠢᠯ᠂ ᠳᠤᠮᠳᠠᠳᠤ ᠤᠯᠤᠰ ᠤᠨ ᠮᠦᠽᠧᠶ ᠶᠢᠨ ᠰᠤᠷᠭᠠᠨ ᠬᠥᠮᠦᠵᠢᠯ ᠤᠨ ᠲᠥᠷᠥᠯ ᠵᠦᠢᠯ ᠤᠨ ᠵᠢᠱᠢᠶ᠎ᠡ ᠦᠵᠡᠭᠦᠯᠬᠦ ᠬᠡᠷᠡᠭ ᠤᠨ ᠵᠢᠱᠢᠶ᠎ᠡ᠂ ᠪᠥᠬᠦ ᠤᠯᠤᠰ ᠤᠨ ᠰᠣᠶᠣᠯ ᠦᠵᠡᠰᠬᠦᠯᠡᠩ ᠤᠨ ᠨᠡᠶᠢᠭᠡᠮ ᠤᠨ ᠰᠤᠷᠭᠠᠨ ᠬᠥᠮᠦᠵᠢᠯ ᠤᠨ ᠵᠠᠭᠤᠨ ᠬᠦᠴᠦᠷᠬᠡᠭ ᠤᠨ ᠬᠡᠷᠡᠭ ᠤᠨ ᠵᠢᠱᠢᠶ᠎ᠡ᠂ ᠳᠤᠮᠳᠠᠳᠤ ᠤᠯᠤᠰ ᠤᠨ ᠮᠦᠽᠧᠶ ᠶᠢᠨ ᠵᠠᠯᠠᠭᠤᠴᠤᠳ ᠪᠠᠭᠠᠴᠤᠳ ᠤᠨ ᠰᠤᠷᠭᠠᠨ ᠬᠥᠮᠦᠵᠢᠯ ᠤᠨ ᠬᠢᠴᠢᠶᠡᠯ ᠤᠨ ᠰᠢᠯᠢᠳᠡᠭ ᠵᠢᠭᠠᠨ ᠰᠤᠷᠭᠠᠯᠲᠠ ᠶᠢᠨ ᠬᠡᠷᠡᠭ ᠤᠨ ᠵᠢᠱᠢᠶ᠎ᠡ ᠵᠡᠷᠭᠡ ᠠᠷᠪᠠ ᠭᠠᠷᠤᠶ ᠢᠷᠠᠭᠤ ᠠᠯᠳᠠᠷ ᠤᠨ ᠴᠣᠯᠠ ᠶᠢ ᠭᠥᠷᠳᠡᠪᠡ᠃ ᠥᠪᠥᠷ ᠮᠣᠩᠭᠤᠯ ᠤᠨ ᠮᠦᠽᠧᠶ ᠤᠷᠢᠳ ᠬᠤᠵᠢᠳ ᠪᠥᠬᠦ ᠤᠯᠤᠰ ᠤᠨ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ᠂ ᠪᠥᠬᠦ ᠤᠯᠤᠰ ᠤᠨ ᠵᠠᠯᠠᠭᠤᠴᠤᠳ ᠤᠨ ᠪᠣᠯᠪᠠᠰᠤᠨ ᠤ ᠴᠣᠯᠠ᠂ ᠥᠪᠥᠷ ᠮᠣᠩᠭᠤᠯ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ ᠤᠨ ᠲᠡᠮᠳᠡᠭ ᠤᠨ ᠬᠠᠮᠲᠤ ᠨᠡᠶᠢᠲᠡ᠂ ᠪᠥᠬᠦ ᠣᠷᠣᠨ ᠤ ᠣᠶᠤᠨ ᠤ ᠪᠣᠯᠪᠠᠰᠤᠨ ᠤ ᠨᠢᠭᠡᠴᠢ ᠵᠡᠷᠭᠡ ᠳᠥᠴᠢᠨ ᠬᠡᠳᠦᠨ ᠤᠯᠤᠰ ᠤᠨ ᠲᠠᠰ ᠤᠨ᠂ ᠮᠤᠵᠢ ᠶᠠᠮᠤᠨ ᠤ ᠲᠠᠰ ᠤᠨ ᠴᠣᠯᠠ ᠶᠢ ᠭᠥᠷᠳᠡᠪᠡ᠃
 
ᠢᠷᠡᠯᠲᠡ᠄ ᠥᠪᠥᠷ ᠮᠣᠩᠭᠤᠯ ᠤᠨ ᠮᠦᠽᠧᠶ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号