2023 ᠣᠨ ᠤ 1 ᠳ᠋ᠤᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ | ᠤᠯᠠᠭᠠᠨ ᠲᠢᠶᠠᠲᠷ ᠲᠣᠭᠯᠠᠯᠲᠠ ᠶᠢᠨ ᠤᠷᠠᠯᠢᠭ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠫᠠᠶᠢᠰᠠ ᠡᠯᠭᠦᠬᠦ | ᠶᠣᠰᠣᠯᠠᠯ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠳᠤ ᠶᠠᠪᠤᠭᠳᠠᠪᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ | ᠰᠣᠨᠢᠨ ᠮᠡᠳᠡᠭᠡ ᠬᠡᠪᠯᠡᠯ ︵ᠬᠡᠪᠯᠡᠯ ᠤᠨ ᠡᠷᠬᠡ︶ ᠤᠨ ᠲᠣᠪᠴᠢᠶ᠎ᠠ ᠶᠢᠨ ᠳᠠᠷᠤᠭ᠎ᠠ᠂ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠹᠦ᠋ ᠯᠧᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ | ᠶᠠᠨ ᠶᠣᠰᠣᠯᠠᠯ ᠳᠤ ᠣᠷᠣᠯᠴᠠᠵᠤ ᠫᠠᠶᠢᠰᠠ ᠰᠡᠬᠦᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠥᠷ | ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠦᠷᠢᠶᠡᠯᠡᠩ ᠤᠨ | ᠳᠠᠷᠤᠭ᠎ᠠ ᠯᠢ ᠯᠢ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠤᠸᠠᠨ ᠶᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠵᠤ ᠦᠢᠯᠡᠰ ᠤᠨ ᠬᠥᠭᠵᠢᠯᠲᠡ ᠶᠢᠨ ᠭᠠᠵᠠᠷ ᠤᠨ ᠳᠠᠷᠤᠭ᠎ᠠ ᠮᠦ ᠸᠧᠢ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠦᠽᠧᠢ ᠶᠢᠨ ᠳᠡᠳ᠋ ᠳᠠᠷᠤᠭ᠎ᠠ ᠵᠠᠩ ᠸᠧᠨ ᠫᠢᠩ᠂ ᠥᠪᠥᠷ | ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠤᠳᠤᠷᠢᠳᠬᠤ ᠪᠠᠭ ᠵᠢᠴᠢ ᠳᠡᠳ᠋ ᠭᠠᠵᠠᠷ ᠤᠨ ᠲᠡᠰ ᠠᠴᠠ | ᠳᠡᠭᠡᠭᠰᠢᠬᠢ ᠺᠠᠳ᠋ᠷ᠂ ᠥᠪᠥᠷ ᠮᠣᠩᠭᠤᠯ ᠤᠨ ᠤᠯᠠᠭᠠᠨ ᠲᠢᠶᠠᠲᠷ ᠲᠣᠭᠯᠠᠯᠲᠠ ᠶᠢᠨ ᠤᠷᠠᠯᠢᠭ ᠤᠨ ᠬᠢᠵᠠᠭᠠᠷᠲᠤ | ᠺᠣᠮᠫᠠᠨᠢ ᠶᠢᠨ ᠠᠵᠢᠯᠲᠠᠨ ᠠᠵᠢᠯᠴᠢᠨ ᠤ ᠲᠥᠯᠥᠭᠡᠯᠡᠭᠴᠢ᠂ ᠬᠥᠬᠡᠬᠤᠲᠠ ᠶᠢᠨ ᠨᠧᠢ ᠪᠥᠸᠧ ᠢ ᠬᠠᠢ ᠰᠣᠶᠣᠯ ᠤᠨ | ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠵᠢᠯᠲᠠᠨ ᠠᠵᠢᠯᠴᠢᠨ ᠤ ᠲᠥᠯᠥᠭᠡᠯᠡᠭᠴᠢ ᠵᠢᠴᠢ | ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | | | | ᠥᠪᠥᠷ ᠮᠣᠩᠭᠤᠯ ᠤᠨ ᠤᠯᠠᠭᠠᠨ ᠲᠢᠶᠠᠲᠷ ᠲᠣᠭᠯᠠᠯᠲᠠ ᠶᠢᠨ ᠤᠷᠠᠯᠢᠭ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠪᠠᠶᠢᠭᠤᠯᠤᠭᠳᠠᠭᠰᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ | ᠬᠤᠷᠢᠳᠤᠭᠠᠷ ᠶᠡᠭᠡ ᠬᠤᠷᠠᠯ ᠤᠨ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ︔ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ᠂ | ᠤᠯᠤᠰ ᠤᠨ ᠥᠮᠴᠢᠯᠡᠯᠲᠦ ᠰᠣᠶᠣᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠤᠯᠤᠰ ᠤᠨ ᠥᠮᠴᠢᠯᠡᠯᠲᠦ | ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠪᠣᠯᠣᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠢ | ᠠᠵᠢᠯᠯᠠᠭ᠎ᠠ ᠪᠣᠯᠣᠨ᠎ᠠ︔ ᠰᠣᠶᠣᠯ ᠤᠨ ᠦᠢᠯᠡᠰ ᠪᠣᠯᠣᠨ ᠰᠣᠶᠣᠯ ᠤᠨ ᠠᠵᠤ ᠦᠢᠯᠡᠰ ᠤᠨ ︽ᠬᠤᠣᠰ ᠬᠦᠷᠳᠦ ᠪᠠᠷ | ᠬᠥᠳᠡᠯᠭᠡᠭᠦᠷ ᠪᠣᠯᠭᠠᠬᠤ︾᠂ ᠠᠭᠤᠰᠤᠯᠴᠠᠨ ᠬᠥᠭᠵᠢᠬᠦ ᠶᠢ ᠠᠬᠢᠭᠤᠯᠬᠤ ᠰᠢᠨ᠎ᠡ ᠶᠢ ᠡᠭᠦᠳᠬᠦ ᠦᠢᠯᠡᠳᠦᠯᠭᠡ ᠮᠥᠨ︔ | ᠮᠥᠨ ᠴᠦ ᠰᠣᠶᠣᠯ ᠤᠷᠠᠯᠢᠭ ᠤᠨ ᠦᠢᠯᠡᠰ ᠤᠨ ᠠᠮᠢᠵᠢᠷᠠᠯ ᠤᠨ ᠬᠦᠴᠦᠨ ᠪᠠ ᠬᠥᠳᠡᠯᠭᠡᠭᠦ ᠬᠦᠴᠦᠨ ᠢ ᠬᠥᠭᠵᠢᠭᠡᠵᠦ᠂ | ᠰᠣᠶᠣᠯ ᠤᠨ ᠠᠵᠤ ᠦᠢᠯᠡᠰ ᠢᠶᠠᠷ ᠰᠣᠶᠣᠯ ᠤᠨ ᠦᠢᠯᠡᠰ ᠢ ᠲᠡᠳᠬᠦᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠢ | ᠰᠣᠩᠭᠤᠯᠲᠠ ᠮᠥᠨ᠃ | | | | | ᠺᠣᠮᠫᠠᠨᠢ ᠪᠠᠶᠢᠭᠤᠯᠤᠭᠳᠠᠭᠰᠠᠨ ᠤ ᠳᠠᠷᠠᠭ᠎ᠠ᠂ ᠡᠵᠡᠩᠨᠡᠯᠲᠡ ᠶᠢᠨ ᠬᠡᠪᠴᠢᠶ᠎ᠡ ᠪᠠᠨ ᠥᠷᠭᠡᠳᠬᠡᠵᠦ᠂ 3 ︱ 5 | ᠵᠢᠯ ᠤᠨ ᠬᠤᠭᠤᠴᠠᠭᠠᠨ ᠳᠤ ᠠᠵᠢᠯᠯᠠᠭᠠᠨ ᠤ ᠤᠬᠠᠭᠠᠯᠠᠭ᠎ᠠ᠂ ᠲᠣᠭᠯᠠᠯᠲᠠ ᠶᠢᠨ ᠵᠠᠭᠤᠴᠢᠯᠠᠭᠠ᠂ ᠲᠢᠶᠠᠲᠷ ᠤᠨ | ᠬᠠᠮᠢᠶᠠᠷᠤᠯᠲᠠ᠂ ᠲᠠᠯᠠᠪᠠᠶ ᠳᠤ ᠰᠠᠭᠤᠭ᠎ᠠ ᠲᠣᠭᠯᠠᠯᠲᠠ᠂ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ᠂ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠰᠣᠶᠣᠯ ᠤᠨ ᠬᠥᠷᠥᠩᠭᠡ ᠶᠢᠨ ᠠᠵᠢᠯᠯᠠᠭᠠᠨ᠂ | ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠡᠰᠢᠲᠦ | ᠬᠥᠭᠵᠢᠯᠲᠡ ᠶᠢᠨ ᠪᠦᠯᠦᠭᠯᠡᠯ ᠺᠣᠮᠫᠠᠨᠢ ᠪᠣᠯᠭᠠᠨ ᠬᠥᠭᠵᠢᠭᠦᠯᠬᠦ ᠪᠠᠷ ᠴᠢᠷᠮᠠᠶᠢᠨ᠎ᠠ᠃ ᠺᠣᠮᠫᠠᠨᠢ ᠶᠢᠨ ᠳᠣᠲᠣᠭᠠᠳᠤ ᠳᠤ | ᠤᠳᠤ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠲᠣᠭᠯᠠᠯᠲᠠ ᠶᠢᠨ ᠵᠠᠬ᠎ᠠ ᠳᠡᠯᠭᠡᠭᠦᠷ ᠢ ᠭᠦᠨᠵᠡᠭᠡᠢ ᠰᠤᠳᠤᠯᠵᠤ᠂ ᠤᠷᠠᠯᠢᠭ ᠤᠨ ᠳᠠᠮᠵᠢᠭᠤᠯᠭ᠎ᠠ ᠶᠢᠨ ᠠᠷᠭ᠎ᠠ | ᠬᠡᠯᠪᠡᠷᠢ ᠶᠢᠨ ᠰᠡᠳᠬᠢᠴᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠣᠭᠲᠠᠴᠠ ᠶᠢᠨ ᠰᠢᠨ᠎ᠡ ᠶᠢ | ᠡᠭᠦᠳᠴᠦ᠂ ᠲᠣᠭᠯᠠᠯᠲᠠ ᠶᠢᠨ ᠤᠷᠠᠯᠢᠭ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠪᠥᠷ | ᠮᠣᠩᠭᠤᠯ ᠤᠨ ᠲᠣᠭᠯᠠᠯᠲᠠ ᠶᠢᠨ ᠤᠷᠠᠯᠢᠭ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ | ᠳᠠᠭᠠᠭᠤᠯᠵᠤ ᠵᠢᠱᠢᠶ᠎ᠡ ᠦᠵᠡᠭᠦᠯᠬᠦ ᠰᠢᠨ᠎ᠡ ᠲᠠᠪᠴᠠᠩ ᠢ ᠡᠭᠦᠳᠴᠦ᠂ ᠥᠪᠥᠷ ᠮᠣᠩᠭᠤᠯ ᠤᠨ ᠰᠣᠶᠣᠯ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠨᠡᠩ ᠶᠡᠭᠡ ᠬᠤᠪᠢ ᠨᠡᠮᠡᠷᠢ | ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | | | | | |