2023 ᠣᠨ ᠤ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠢ ᠳᠡᠯᠭᠡᠷᠡᠭᠦᠯᠬᠦ ᠬᠤᠯᠪᠣᠭᠠᠨ ᠤ ᠠᠵᠢᠯ ᠤᠨ ᠬᠤᠷᠠᠯ ᠵᠢᠴᠢ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠳᠤ ᠥᠪᠥᠷ ᠮᠣᠩᠭᠤᠯ ᠤᠨ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠢ ᠭᠤᠶᠢᠳᠠ ᠰᠠᠶᠢᠬᠠᠨ ᠲᠠᠨᠢᠯᠴᠠᠭᠤᠯᠪᠠ
ᠨᠡᠶᠢᠲᠡᠯᠡᠭᠰᠡᠨ ᠴᠠᠭ᠄
2023/1/14
     1 ᠳ᠋ᠣᠭᠡᠷ ᠰᠠᠷ᠎ᠠ ᠶᠢᠨ 5 ᠤ ᠡᠳᠦᠷ᠂ 2023 ᠣᠨ ᠤ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠢ ᠳᠡᠯᠭᠡᠷᠡᠭᠦᠯᠬᠦ ᠬᠤᠯᠪᠣᠭᠠᠨ ᠤ ᠠᠵᠢᠯ ᠤᠨ ᠬᠤᠷᠠᠯ ᠵᠢᠴᠢ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠲᠠᠨᠢᠯᠴᠠᠭᠤᠯᠬᠤ ᠬᠤᠷᠠᠯ ᠬᠠᠷᠪᠢᠨ ᠬᠤᠲᠠ ᠳᠤ ᠶᠠᠪᠤᠭᠳᠠᠪᠠ᠃ ᠲᠣᠰ ᠤᠳᠠᠭᠠᠨ ᠤ ᠲᠠᠨᠢᠯᠴᠠᠭᠤᠯᠬᠤ ᠬᠤᠷᠠᠯ ᠢ ᠰᠣᠶᠣᠯ ᠪᠠ ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠵᠤᠷᠭᠠᠨ ᠠᠴᠠ ᠵᠢᠯᠤᠭᠤᠳᠴᠤ᠂ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠢ ᠳᠡᠯᠭᠡᠷᠡᠭᠦᠯᠬᠦ ᠬᠤᠯᠪᠣᠭ᠎ᠠ ᠠᠴᠠ ᠭᠤᠣᠯᠯᠠᠨ ᠡᠷᠭᠢᠯᠡᠵᠦ᠂ ᠪᠡᠭᠡᠵᠢᠩ ᠬᠤᠲᠠ᠂ ᠾᠧᠪᠧᠢ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠯᠢᠶᠣᠤᠨᠢᠩ ᠮᠤᠵᠢ᠂ ᠭᠢᠷᠢᠨ ᠮᠤᠵᠢ᠂ ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ᠂ ᠬᠠᠷᠠᠮᠥ᠋ᠷᠡᠨ ᠮᠤᠵᠢ ᠵᠡᠷᠭᠡ ᠮᠤᠵᠢ ᠶᠢᠨ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠳᠠᠭᠠᠭᠠᠴᠢᠯᠠᠨ ᠡᠷᠭᠢᠯᠡᠪᠡ᠃ ᠲᠣᠰ ᠠᠵᠢᠯᠯᠠᠭ᠎ᠠ ᠨᠢ ᠮᠥᠰᠥ ᠴᠠᠰᠤᠨ ᠤ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ︽ᠤᠮᠠᠷᠠᠲᠤ ᠶᠢᠨ ᠮᠥᠰᠥ ᠴᠠᠰᠤ︾ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠵᠤᠷᠢᠯᠭ᠎ᠠ ᠪᠠᠨ ᠪᠤᠯᠭᠠᠭᠰᠠᠨ ᠶᠤᠮ᠃      2023 ᠣᠨ ᠤ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠢ ᠳᠡᠯᠭᠡᠷᠡᠭᠦᠯᠬᠦ ᠬᠤᠯᠪᠤᠭᠠᠨ ᠤ ᠠᠵᠢᠯ ᠤᠨ ᠬᠤᠷᠠᠯ ᠳᠡᠭᠡᠷ᠎ᠡ᠂ ᠬᠠᠷᠠᠮᠥ᠋ᠷᠡᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠵᠢᠩ ᠬᠤᠯᠪᠣᠭ᠎ᠠ ᠶᠢᠨ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠪᠠᠷ ᠰᠣᠩᠭᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠸᠧᠨ ᠵᠢᠶᠦ᠋ᠨ ᠬᠤᠯᠪᠣᠭ᠎ᠠ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠪᠠᠷ ᠰᠣᠩᠭᠤᠭᠳᠠᠪᠠ᠃      ᠬᠤᠷᠠᠯ ᠠᠴᠠ ᠪᠠᠰᠠ ︽ᠬᠤᠯᠪᠣᠭᠠᠨ ᠤ ᠳᠦᠷᠢᠮ︾ ᠢ ᠶᠠᠷᠢᠯᠴᠠᠨ ᠵᠠᠰᠠᠪᠤᠷᠢ ᠣᠷᠣᠭᠤᠯᠵᠤ᠂ ︽ᠳᠤᠮᠳᠠᠳᠤ ᠤᠯᠤᠰ ᠤᠨ ᠮᠥᠰᠥ ᠴᠠᠰᠤᠨ ᠤ  ᠵᠢᠭᠤᠯᠴᠢᠯᠠᠯ ᠢ ᠳᠡᠯᠭᠡᠷᠡᠭᠦᠯᠬᠦ ᠬᠤᠯᠪᠣᠭᠠᠨ ᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠶᠠᠷᠢᠯᠴᠠᠪᠠ᠃ ᠡᠭᠦᠨ ᠤ ᠳᠠᠭᠠᠤ ᠳᠤ᠂ ︽ᠤᠮᠠᠷᠠᠲᠤ ᠶᠢᠨ ᠮᠥᠰᠥ ᠴᠠᠰᠤ · ᠳᠡᠯᠡᠬᠡᠢ ᠳ᠋ᠠᠬᠢᠨ ᠢ ᠭᠡᠶᠢᠭᠦᠯᠦᠨ᠎ᠡ︾︱ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠢ ᠳᠡᠯᠭᠡᠷᠡᠭᠦᠯᠬᠦ ᠬᠤᠯᠪᠣᠭ᠎ᠠ ᠶᠢᠨ ᠪᠦᠷᠢᠯᠳᠦᠭᠦᠨ ᠨᠢᠭᠡᠴᠢ ᠶᠢᠨ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠦᠵᠡᠰᠬᠦᠯᠡᠩ ᠶᠠᠪᠤᠭᠳᠠᠪᠠ᠃ ᠪᠥᠬᠦ ᠤᠯᠤᠰ ᠤᠨ ᠮᠥᠰᠥ ᠴᠠᠰᠤᠨ ᠤ ᠠᠯᠳᠠᠷᠲᠤ ᠬᠡᠷᠡᠯ ᠵᠢᠷᠤᠭᠴᠢᠳ ᠤᠨ ᠵᠠᠭᠤ ᠰᠢᠬᠠᠮ ᠪᠦᠲᠦᠭᠡᠯ ᠢ ᠳᠡᠯᠭᠡᠨ ᠦᠵᠡᠭᠦᠯᠵᠦ᠂ ᠮᠥᠰᠥ ᠴᠠᠰᠤᠨ ᠤ ᠬᠡᠷᠡᠯ ᠵᠢᠷᠤᠭ ᠤᠨ ᠪᠦᠲᠦᠭᠡᠯ ᠤᠨ ᠴᠢᠨᠠᠷ ᠨᠢ ᠥᠨᠳᠥᠷ᠂ ᠬᠠᠷᠠᠭᠠᠨ ᠰᠡᠷᠡᠯ ᠤᠨ ᠳᠠᠭᠠᠷᠢᠯᠲᠠ ᠶᠢᠨ ᠬᠦᠴᠦᠨ ᠪᠠ ᠤᠷᠠᠯᠢᠭ ᠤᠨ ᠨᠥᠯᠥᠭᠡᠯᠡᠬᠦ ᠬᠦᠴᠦᠨ ᠢᠶᠠᠷ ᠪᠠᠶᠠᠯᠢᠭ ᠪᠠᠶᠢᠵᠤ᠂ ᠳᠤᠮᠳᠠᠳᠤ ᠤᠯᠤᠰ ᠤᠨ ᠤᠮᠠᠷᠠᠲᠤ ᠶᠢᠨ ᠡᠪᠦᠯ ᠤᠨ ᠤᠯᠠᠷᠢᠯ ᠤᠨ ᠮᠥᠰᠥ ᠴᠠᠰᠤᠨ ᠤ ᠷᠢᠳᠢ ᠰᠢᠳᠢ ᠶᠢ ᠭᠦᠢᠴᠡᠳ ᠳᠡᠯᠭᠡᠨ ᠦᠵᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠲᠤ ᠮᠥᠰᠥ ᠴᠠᠰᠤ ᠶᠢ ᠣᠶᠢᠯᠠᠭᠠᠭᠤᠯᠵᠤ᠂ ᠳᠡᠳᠡ ᠨᠡᠷ ᠢ ᠮᠥᠰᠥ ᠴᠠᠰᠤᠨ ᠳᠤ  ᠤᠶᠢᠷᠠᠳᠤᠭᠤᠯᠵᠤ᠂ ᠮᠥᠰᠥ ᠴᠠᠰᠤᠨ ᠳᠤ ᠪᠠᠭ᠋ᠠᠲᠠᠢ ᠪᠣᠯᠭᠠᠭᠰᠠᠨ ᠪᠠᠶᠢᠨ᠎ᠠ᠃      ᠲᠠᠨᠢᠯᠴᠠᠭᠤᠯᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠢ ᠳᠡᠯᠭᠡᠷᠡᠭᠦᠯᠬᠦ ᠬᠤᠯᠪᠣᠭ᠎ᠠ ᠶᠢᠨ ᠡᠯ᠎ᠡ ᠪᠦᠷᠢᠯᠳᠦᠭᠦᠨ ᠨᠢᠭᠡᠴᠢ ᠲᠤᠰ ᠲᠤᠰ ᠵᠢᠭᠤᠯᠴᠢᠯᠠᠯ ᠤᠨ ᠡᠬᠢ ᠪᠠᠶᠠᠯᠢᠭ ᠪᠠ ᠳᠦᠷᠢ ᠲᠥᠷᠬᠦ ᠪᠠᠨ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ  ᠪᠠᠶᠢᠭᠠᠯᠢ ᠶᠢᠨ ᠮᠥᠰᠥ ᠴᠠᠰᠤ︾ ᠪᠠᠷ ᠭᠤᠣᠯ ᠰᠡᠳᠦᠪ ᠪᠣᠯᠭᠠᠵᠤ᠂ ᠮᠠᠨ ᠤ ᠣᠷᠣᠨ ᠤ ᠮᠥᠰᠥ ᠴᠠᠰᠤᠨ ᠤ ᠰᠢᠯᠢᠳᠡᠭ ᠰᠠᠶᠢᠨ ᠵᠢᠭᠤᠯᠴᠢᠯᠠᠯ ᠤᠨ ᠡᠬᠢ ᠪᠠᠶᠠᠯᠢᠭ᠂ ᠥᠪᠡᠷᠮᠢᠴᠡ ᠣᠨᠴᠠᠯᠢᠭ ᠲᠠᠢ ᠵᠠᠩ ᠵᠠᠩᠰᠢᠯ ᠪᠣᠯᠣᠨ ᠤᠯᠠᠨ ᠶᠠᠩᠵᠤ ᠶᠢᠨ ᠮᠥᠰᠥ ᠴᠠᠰᠤᠨ ᠤ ᠵᠢᠭᠤᠯᠴᠢᠯᠠᠯ ᠤᠨ ᠵᠠᠮ ᠱᠤᠭᠤᠮ ᠪᠣᠯᠣᠨ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠲᠢᠭ᠋ ᠲᠤᠭ᠂ ᠪᠤᠰᠢᠭᠤ ᠭᠠᠷ᠂ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠢ ᠳᠡᠯᠭᠡᠷᠡᠭᠦᠯᠬᠦ ᠬᠤᠯᠪᠣᠭᠠᠨ ᠤ ᠸᠢᠳᠢᠤ᠋ ᠨᠣᠮᠧᠷ᠂ ᠲᠥᠪ ᠤᠨ ᠷᠠᠳᠢᠣ᠋ ᠨᠡᠪᠲᠡᠷᠡᠭᠦᠯᠭᠡ ᠶᠢᠨ ᠰᠦᠯᠵᠢᠶ᠎ᠡ᠂ ᠬᠠᠷᠠᠮᠥ᠋ᠷᠡᠨ ᠤ ᠲᠧᠯᠸᠢᠰ ᠬᠤᠷᠢᠶ᠎ᠠ᠂ ᠯᠦᠩ ᠲᠸᠦ ᠰᠣᠨᠢᠨ ᠮᠡᠳᠡᠭᠡ᠂ ᠵᠡᠭᠦᠨ ᠬᠤᠶᠢᠲᠤ ᠰᠦᠯᠵᠢᠶ᠎ᠡ᠂ ᠬᠠᠷᠠᠮᠥ᠋ᠷᠡᠨ ᠰᠦᠯᠵᠢᠶ᠎ᠡ᠂ ᠰᠸᠦ ᠬᠤ᠋ ᠰᠦᠯᠵᠢᠶ᠎ᠡ᠂ ᠰᠢᠨ ᠯᠠᠩ ᠰᠦᠯᠵᠢᠶ᠎ᠡ᠂ ᠲᠧᠩ ᠰᠢᠶᠦ᠋ᠨ ᠰᠦᠯᠵᠢᠶ᠎ᠡ ᠵᠡᠷᠭᠡ ᠲᠠᠪᠴᠠᠩ ᠤᠨ ᠪᠦᠬᠦ ᠰᠦᠯᠵᠢᠶ᠎ᠡ ᠪᠠᠷ ᠰᠢᠭᠤᠳ ᠨᠡᠪᠲᠡᠷᠡᠭᠦᠯᠪᠡ᠃      ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠢ ᠳᠡᠯᠭᠡᠷᠡᠭᠦᠯᠬᠦ ᠬᠤᠯᠪᠣᠭ᠎ᠠ ᠶᠢ ᠬᠠᠷᠠᠮᠥ᠋ᠷᠡᠨ ᠮᠤᠵᠢ ᠬᠠᠮᠤᠭ ᠤᠨ ᠲᠦᠷᠦᠭᠦᠨ ᠳᠤ ᠡᠭᠦᠰᠬᠡᠨ ᠪᠠᠶᠢᠭᠤᠯᠵᠤ᠂ ᠥᠪᠥᠷ ᠮᠣᠩᠭᠤᠯ᠂ ᠪᠡᠭᠡᠵᠢᠩ᠂ ᠾᠧᠪᠸᠢ᠂ ᠬᠢᠷᠢᠨ᠂ ᠯᠢᠶᠣᠤᠨᠢᠩ ᠵᠡᠷᠭᠡ ᠵᠢᠷᠭᠤᠭᠠᠨ ᠮᠤᠵᠢ ᠶᠢᠨ ᠵᠢᠭᠤᠯᠴᠢᠯᠠᠯ ᠤᠨ ᠲᠢᠩᠬᠢᠮ ︵ᠲᠣᠪᠴᠢᠶ᠎ᠠ᠂ ᠵᠥᠪᠯᠡᠯ︶ ᠲᠠᠢ ᠬᠠᠮᠲᠤᠷᠠᠨ 2015 ᠣᠨ ᠤ 12 ᠳ᠋ᠤᠭᠠᠷ ᠰᠠᠷ᠎ᠠ ᠶᠢᠨ 25 ᠤ ᠡᠳᠦᠷ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠣᠨ ᠤ ᠬᠤᠷᠠᠯ ᠵᠢᠴᠢ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ︵ᠤᠯᠠᠨ ᠤᠯᠤᠰ︶ ᠤᠨ ᠮᠥᠰᠥ ᠴᠠᠰᠤᠨ ᠤ ᠵᠢᠭᠤᠯᠴᠢᠯᠠᠯ ᠤᠨ ᠲᠦᠷᠦᠭᠦᠴᠦᠳ ᠤᠨ ᠬᠤᠷᠠᠯ ᠳᠡᠭᠡᠷ᠎ᠡ ᠪᠠᠶᠢᠭᠤᠯᠤᠭᠳᠠᠪᠠ᠃  ᠬᠤᠵᠢᠮ ᠨᠢ ᠪᠠᠰᠠ ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠤᠯᠪᠣᠭ᠎ᠠ ᠳᠤ ᠣᠷᠣᠯᠴᠠᠪᠠ᠃ ᠬᠤᠯᠪᠣᠭ᠎ᠠ ᠪᠠᠶᠢᠭᠤᠯᠤᠭᠳᠠᠭᠰᠠᠨ ᠨᠠᠢᠮᠠᠨ ᠵᠢᠯ ᠤᠨ ᠲᠤᠷᠰᠢ᠂ ᠳᠤᠮᠳᠠᠳᠤ ᠤᠯᠤᠰ ᠤᠨ ᠮᠥᠰᠥ ᠴᠠᠰᠤᠨ ᠤ  ᠵᠢᠭᠤᠯᠴᠢᠯᠠᠯ ᠤᠨ ᠰᠣᠳᠣᠨ ᠪᠦᠲᠦᠭᠡᠯ ᠢ ᠡᠭᠦᠳᠴᠦ᠂ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠤᠨ ᠨᠡᠷᠡᠲᠦ ᠲᠦᠷᠦᠯ ᠲᠡᠮᠳᠡᠭ ᠢ  ᠳᠠᠭᠤᠷᠢᠰᠬᠠᠬᠤ ᠪᠠᠷ ᠬᠦᠴᠦᠯᠡᠨ ᠴᠢᠷᠮᠠᠶᠢᠵᠤ᠂ ᠮᠥᠰᠥ ᠴᠠᠰᠤᠨ ᠤ ᠵᠢᠭᠤᠯᠴᠢᠯᠠᠯ ᠳᠤ ᠲᠠᠰᠤᠷᠠᠯᠲᠠ ᠦᠭᠡᠢ ᠰᠢᠨ᠎ᠡ ᠠᠭᠤᠯᠤᠭᠳᠠᠬᠤᠨ ᠨᠡᠮᠡᠷᠢᠯᠡᠵᠦ᠂ ᠮᠥᠰᠥ ᠴᠠᠰᠤᠨ ᠤ ᠵᠢᠭᠤᠯᠴᠢᠯᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠵᠦ᠂ ᠮᠥᠰᠥ ᠴᠠᠰᠤᠨ ᠤ ᠵᠢᠭᠤᠯᠴᠢᠯᠠᠯ ᠤᠨ ᠰᠢᠨ᠎ᠡ ᠬᠡᠪ ᠳᠠᠭᠤᠷᠢᠶᠠᠯ ᠢ ᠪᠤᠢ ᠪᠣᠯᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号