︽ᠲᠦᠮᠡᠨ ᠭᠠᠵᠠᠷ ᠤᠨ ᠴᠠᠢ ᠶᠢᠨ ᠵᠠᠮ︾ ᠨᠢ ᠳᠤᠮᠳᠠᠳᠤ ᠣᠷᠣᠰ ᠮᠣᠩᠭᠤᠯ ᠭᠤᠷᠪᠠᠨ ᠤᠯᠤᠰ ᠢ | ᠰᠤᠨᠳᠠᠯᠠᠵᠤ᠂ ᠡᠷᠲᠡᠨ ᠤ ᠲᠣᠷᠭᠠᠨ ᠤ ᠵᠠᠮ ᠤᠨ ᠳᠠᠷᠠᠭᠠᠬᠢ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠳᠡᠭᠡᠷᠡᠬᠢ | ᠴᠢᠬᠤᠯᠠ ᠨᠢᠭᠡᠨ ᠣᠯᠠᠨ ᠤᠯᠤᠰ ᠤᠨ ᠬᠤᠳᠠᠯᠳᠤᠭᠠᠨ ᠤ ᠵᠠᠮ ᠪᠣᠯᠬᠤ ᠪᠥᠭᠡᠳ ᠳᠤᠮᠳᠠᠳᠤ ᠣᠷᠣᠰ ᠮᠣᠩᠭᠤᠯ | ᠭᠤᠷᠪᠠᠨ ᠤᠯᠤᠰ ᠤᠨ ᠠᠷᠠᠳ ᠲᠦᠮᠡᠨ ᠤ ᠬᠠᠮᠲᠤ ᠪᠠᠷ ᠡᠳ᠋ᠯᠡᠬᠦ ᠡᠷᠬᠢᠮ ᠨᠠᠨᠳᠢᠨ ᠲᠡᠦᠬᠡ ᠶᠢᠨ ᠥᠪ ᠬᠥᠷᠥᠩᠭᠡ ᠪᠠ | ᠰᠣᠶᠣᠯ ᠤᠨ ᠥᠪ ᠬᠥᠷᠥᠩᠭᠡ ᠪᠣᠯᠣᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ︽ᠲᠦᠮᠡᠨ ᠭᠠᠵᠠᠷ ᠤᠨ ᠴᠠᠢ ᠶᠢᠨ ᠵᠠᠮ︾ ᠤᠨ | ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ᠂ ᠳᠣᠲᠣᠷ᠎ᠠ ᠪᠠᠨ ᠨᠠᠢᠮᠠᠨ ᠮᠤᠵᠢ ᠣᠷᠣᠨ ᠲᠠᠢ | ᠵᠠᠯᠭᠠᠯᠳᠤᠵᠤ᠂ ᠭᠠᠳᠠᠨ᠎ᠠ ᠪᠠᠨ ᠣᠷᠣᠰ ᠮᠣᠩᠭᠤᠯ ᠲᠠᠢ ᠵᠠᠯᠭᠠᠯᠳᠤᠬᠤ ᠵᠠᠮ ᠠᠭᠤᠯᠵᠠᠷ ᠤᠨ ᠦᠢᠯᠡᠳᠦᠯ ᠢ ᠡᠭᠦᠷᠭᠡᠯᠡᠵᠦ | ᠪᠠᠶᠢᠳᠠᠭ᠃ ᠡᠳᠦᠭᠡ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ | ᠭᠦᠨᠵᠡᠭᠡᠢ ᠬᠡᠷᠡᠭᠵᠢᠭᠦᠯᠦᠭᠰᠡᠨ ᠢᠶᠠᠷ᠂ ︽ᠲᠦᠮᠡᠨ ᠭᠠᠵᠠᠷ ᠤᠨ ᠴᠠᠢ ᠶᠢᠨ ᠵᠠᠮ︾ ᠠᠯᠬᠤᠮ ᠠᠯᠬᠤᠮ ᠢᠶᠠᠷ ᠳᠤᠮᠳᠠᠳᠤ | ᠤᠷᠤᠰ ᠮᠣᠩᠭᠤᠯ ᠭᠤᠷᠪᠠᠨ ᠤᠯᠤᠰ ᠤᠨ ᠰᠣᠶᠣᠯ ᠵᠢᠭᠤᠯᠴᠢᠯᠠᠯ ᠤᠨ ᠰᠣᠳᠣᠨ ᠲᠦᠷᠦᠯ ᠲᠡᠮᠳᠡᠭ ᠪᠣᠯᠵᠤ᠂ | ᠨᠡᠭᠡᠭᠡᠯᠲᠡᠲᠡᠢ᠂ ᠪᠣᠯᠪᠠᠰᠤᠨ᠂ ᠨᠥᠬᠦᠷᠯᠡᠯ ᠤᠨ ᠰᠣᠶᠣᠯ ᠤᠨ ᠬᠤᠯᠪᠣᠭᠠᠰᠤ ᠪᠣᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠨᠢᠭᠡ ᠪᠦᠰᠡ ᠨᠢᠭᠡ ᠵᠠᠮ | ︾ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ︽ᠲᠠᠪᠤᠨ ᠶᠡᠭᠡ ᠡᠭᠦᠷᠭᠡ︾ ᠶᠢ ᠪᠦᠬᠦ | ᠬᠦᠴᠦᠨ ᠢᠶᠠᠷ ᠠᠬᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ︽ᠬᠥᠬᠦᠷᠭᠡ ᠪᠠᠬᠢᠯᠡᠯᠲᠡ︾ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ | ᠵᠢᠭᠤᠯᠴᠢᠯᠠᠯ ᠤᠨ ᠰᠢᠷᠢᠰ ᠠᠵᠢᠯ ᠢ ᠥᠷᠨᠢᠭᠦᠯᠵᠡᠢ᠃ | 2016 ᠣᠨ ᠤ ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ | ᠵᠢᠭᠤᠯᠴᠢᠯᠠᠯ ᠤᠨ ᠰᠠᠶᠢᠳ ᠨᠠᠷ ᠤᠨ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠢᠭᠤᠯᠴᠢᠯᠠᠯ ᠤᠨ ᠲᠢᠩᠬᠢᠮ ︵ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠲᠣᠪᠴᠢᠶ᠎ᠠ︶ ᠲᠦᠷᠦᠭᠦᠯᠡᠨ ᠳᠤᠮᠳᠠᠳᠤ ᠣᠷᠣᠰ ᠮᠣᠩᠭᠤᠯ ᠤᠨ ︽ᠲᠦᠮᠡᠨ ᠭᠠᠵᠠᠷ ᠤᠨ ᠴᠠᠢ ᠶᠢᠨ | ᠵᠠᠮ︾ ᠤᠨ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠶᠢ ᠪᠠᠶᠢᠭᠤᠯᠵᠤ᠂ ᠡᠭᠦᠨ ᠤ ᠬᠠᠮᠲᠤ ᠬᠤᠯᠪᠣᠭᠠᠨ ᠤ | ᠨᠠᠷᠢᠨ ᠪᠢᠴᠢᠭ ᠤᠨ ᠭᠠᠵᠠᠷ ᠤᠨ ᠲᠤᠰᠢᠶᠠᠯ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠳᠡᠯᠡᠬᠡᠢ ᠶᠢᠨ ᠰᠣᠶᠣᠯ | ᠵᠢᠭᠤᠯᠴᠢᠯᠠᠯ ᠤᠨ ᠨᠡᠷᠡᠳᠤ ᠲᠡᠮᠳᠡᠭ ᠪᠠ ᠵᠢᠭᠤᠯᠴᠢᠯᠠᠯ ᠤᠨ ᠵᠠᠮ ᠱᠤᠭᠤᠮ ᠢ ᠪᠤᠢ ᠪᠣᠯᠭᠠᠬᠤ ᠪᠠᠷ ᠬᠠᠷᠠᠯᠲᠠ ᠪᠣᠯᠭᠠᠵᠤ᠂ | ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠷ ᠳᠠᠮᠵᠢᠭᠤᠯᠤᠨ ᠵᠢᠭᠤᠯᠴᠢᠯᠠᠯ ᠤᠨ ᠬᠥᠭᠵᠢᠯᠲᠡ ᠶᠢ ᠲᠠᠶᠢᠴᠢᠯᠠᠵᠤ᠂ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠡᠭᠦᠳᠴᠦ ᠬᠠᠮᠲᠤ ᠪᠠᠷ ᠠᠰᠢᠭ ᠬᠥᠷᠳᠡᠬᠦ ᠤᠯᠤᠰ | ᠠᠯᠤᠰᠯᠠᠭᠰᠠᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠵᠠᠭᠪᠤᠷ ᠢ ᠪᠤᠢ ᠪᠤᠯᠭᠠᠬᠤ ᠪᠠᠷ ᠴᠢᠷᠮᠠᠶᠢᠪᠠ᠃ | ᠨᠠᠷᠠᠲᠤ ᠲᠥᠷᠥᠯ ᠲᠡᠮᠳᠡᠭᠲᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠥᠯᠥᠭᠡᠯᠡᠬᠦ ᠬᠦᠴᠦᠨ ᠢ | ᠳᠡᠭᠡᠭᠰᠢᠯᠡᠬᠦᠯᠪᠡ᠃ ︽ᠨᠥᠬᠦᠷᠯᠡᠯ · ᠡᠩᠬᠡ ᠲᠠᠶᠢᠪᠤᠩ · ᠵᠠᠯᠠᠭᠤ ᠶᠢᠨ ᠡᠯᠴᠢ︾ ᠳᠤᠮᠳᠠᠳᠤ ᠣᠷᠣᠰ ᠮᠣᠩᠭᠤᠯ | ᠭᠤᠷᠪᠠᠨ ᠤᠯᠤᠰ ᠤᠨ ᠵᠠᠯᠠᠭᠤᠴᠤᠳ ᠪᠠᠭᠠᠴᠤᠳ ᠤᠨ ᠵᠤᠰᠠᠯᠠᠩ ᠤᠨ ᠬᠠᠷᠢᠯᠴᠠᠨ ᠠᠶᠢᠯᠴᠢᠯᠠᠬᠤ ᠠᠵᠢᠯᠯᠠᠭ᠎ᠠ᠂ ︽ | ᠲᠦᠮᠡᠨ ᠭᠠᠵᠠᠷ ᠤᠨ ᠴᠠᠢ ᠶᠢᠨ ᠵᠠᠮ︾ ᠮᠠᠨᠵᠤᠤᠷ ᠤᠨ ᠰᠢᠪᠧᠷᠢᠶ᠎ᠠ ᠨᠡᠷᠡᠮᠵᠢᠲᠦ ᠲᠤᠰᠬᠠᠢ ᠭᠠᠯᠲᠤ ᠲᠡᠷᠭᠡᠨ ᠤ | ᠠᠵᠢᠯᠯᠠᠭ᠎ᠠ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠥᠨᠳᠥᠷ ᠠᠭᠤᠯᠠ ᠤᠷᠤᠰᠬᠠᠯ ᠤᠰᠤᠨ ᠤ ᠭᠤᠣᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠵᠡᠷᠭᠡ ᠶᠢ ᠤᠬᠠᠭᠠᠯᠠᠨ ᠡᠷᠭᠢᠯᠡᠵᠦ᠂ ᠳᠤᠮᠳᠠᠳᠤ ᠣᠷᠣᠰ ᠮᠣᠩᠭᠤᠯ | ᠭᠤᠷᠪᠠᠨ ᠤᠯᠤᠰ ᠤᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠠᠷᠭ᠎ᠠ ᠵᠠᠮ ᠢ ᠪᠥᠬᠦ | ᠲᠠᠯ᠎ᠠ ᠪᠠᠷ ᠥᠷᠭᠡᠳᠬᠡᠪᠡ᠃ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠪᠣᠳᠠᠰ ᠤᠨ ᠪᠤᠰᠤ ᠰᠣᠶᠣᠯ ᠤᠨ ᠥᠪ ᠮᠡᠳᠡᠭᠦᠯᠬᠦ ᠪᠠ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ ᠪᠠᠷ ᠬᠤᠣᠰ ᠬᠥᠳᠡᠯᠭᠡᠭᠦᠷ ᠪᠤᠯᠭᠠᠪᠠ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠮᠣᠩᠭᠤᠯ ᠤᠯᠤᠰ ᠲᠠᠢ ᠬᠠᠮᠲᠤᠷᠠᠨ ᠬᠡᠭᠡᠷ᠎ᠡ ᠲᠠᠯ᠎ᠠ ᠶᠢᠨ ᠬᠠᠭᠤᠴᠢ ᠰᠤᠳᠤᠯᠤᠯ ᠤᠨ ᠨᠡᠭᠡᠭᠡᠨ | ᠮᠠᠯᠲᠠᠯᠲᠠ ᠶᠢ 6 ᠤᠳᠠᠭ᠎ᠠ ᠬᠢᠵᠦ᠂ ᠬᠠᠮᠢᠶ᠎ᠠ ᠪᠦᠬᠦᠢ 14 ᠦᠯᠡᠳᠡᠭᠳᠡᠯ ᠢ ᠢᠯᠡᠷᠡᠭᠦᠯᠵᠦ᠂ ︽ᠲᠦᠮᠡᠨ ᠭᠠᠵᠠᠷ ᠤᠨ | ᠴᠠᠢ ᠶᠢᠨ ᠵᠠᠮ︾ ᠢ ᠬᠠᠮᠲᠤᠷᠠᠨ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠳᠤ ᠬᠤᠪᠣᠷ ᠨᠠᠨᠳᠢᠨ | ᠪᠣᠳᠠᠲᠤ ᠮᠠᠲ᠋ᠧᠷᠢᠶᠠᠯ ᠬᠠᠩᠭᠠᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ | ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ᠂ ᠣᠷᠣᠰ ᠤᠨ ᠬᠤᠶᠢᠲᠤ ᠪᠠᠶᠢᠭᠠᠯ ᠤᠨ ᠬᠢᠯᠢ ᠬᠢᠵᠠᠭᠠᠷ | ᠣᠷᠣᠨ ᠳᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠪᠠᠭᠤᠷᠢ ᠶᠢᠨ ᠳᠤᠷᠠᠰᠬᠠᠯ ᠤᠨ ᠬᠥᠰᠢᠶ᠎ᠡ ᠪᠣᠰᠬᠠᠪᠠ᠃ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠬᠦ ᠶᠢ ᠪᠠᠷᠢᠮᠲᠠᠯᠠᠵᠤ᠂ ︽ | ᠲᠦᠮᠡᠨ ᠭᠠᠵᠠᠷ ᠤᠨ ᠴᠠᠢ ᠶᠢᠨ ᠵᠠᠮ︾ ᠢ ᠪᠥᠬᠦ ᠳᠡᠯᠡᠬᠡᠢ ᠳᠤ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠬᠦᠯᠦᠨ᠂ ᠮᠠᠨᠵᠤᠤᠷ ᠤᠨ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠮᠥᠰᠥ ᠴᠠᠰᠤᠨ ᠤ | ᠵᠢᠭᠤᠯᠴᠢᠯᠠᠯ ᠤᠨ ᠨᠠᠶᠢᠷ᠂ ᠡᠷᠢᠶᠡᠨ ᠬᠤᠲᠠ ᠶᠢᠨ ︽ᠴᠠᠢ ᠶᠢᠨ ᠵᠠᠮ︾ ᠣᠯᠠᠨ ᠤᠯᠤᠰ ᠤᠨ ᠰᠣᠶᠣᠯ | ᠵᠢᠭᠤᠯᠴᠢᠯᠠᠯ ᠤᠨ ᠨᠠᠶᠢᠷ ᠵᠡᠷᠭᠡ ᠶᠢ ᠥᠷᠨᠢᠭᠦᠯᠬᠦ ᠶᠢ ᠳᠡᠮᠵᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠢᠯᠡᠷᠡᠭᠦᠯᠦᠭᠰᠡᠨ᠂ ᠬᠡᠯᠪᠡᠷᠢ ᠳᠦᠷᠰᠦ ᠲᠠᠢ ᠪᠥᠭᠡᠳ ᠮᠡᠳᠡᠷᠡᠮᠵᠢ ᠲᠠᠢ ᠨᠢᠭᠡ ᠪᠦᠯᠦᠭ ᠰᠣᠶᠣᠯ ᠵᠢᠭᠤᠯᠴᠢᠯᠠᠯ ᠤᠨ | ᠪᠦᠲᠦᠭᠡᠭᠳᠡᠬᠦᠨ ᠢ ᠬᠦᠴᠦᠯᠡᠨ ᠡᠭᠦᠳᠬᠦ ᠪᠠ ᠭᠠᠳᠠᠭᠠᠳᠤ ᠳᠤ ᠭᠠᠷᠭᠠᠨ᠎ᠠ ᠃ | ᠰᠢᠨ᠎ᠡ ᠠᠶᠠᠨ ᠳᠤ ᠪᠠᠨ ᠮᠣᠷᠳᠠᠬᠤ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠦᠷᠭᠦᠯᠵᠢᠯᠡᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠰᠢᠷᠢᠰ ᠠᠵᠢᠯ ᠢ ᠰᠢᠨ᠎ᠡ | ᠳᠡᠭᠲᠡᠷ ᠲᠤ ᠭᠠᠷᠭᠠᠬᠤ ᠪᠠᠷ ᠬᠦᠴᠦᠯᠡᠨ ᠴᠢᠷᠮᠠᠶᠢᠵᠤ᠂ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠪᠣᠯᠣᠨ | ᠰᠣᠶᠣᠯ ᠤᠨ ᠬᠠᠮᠲᠤ ᠶᠢᠨ ᠴᠡᠴᠡᠭᠯᠡᠯᠲᠡ ᠶᠢᠨ ᠰᠢᠨ᠎ᠡ ᠪᠠᠶᠢᠳᠠᠯ ᠢ ᠡᠭᠦᠳᠴᠦ᠂ ᠡᠬᠡ ᠤᠯᠤᠰ ᠤᠨ ᠤᠮᠠᠷᠠᠲᠤ ᠶᠢᠨ | ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠵᠤ᠂ ᠥᠪᠥᠷ | ᠮᠣᠩᠭᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ | |