ᠰᠣᠶᠣᠯ ᠪᠠ ᠵᠢᠭᠤᠯᠴᠢᠯᠠᠯ ᠤᠨ ᠶᠠᠮᠤᠨ 2022 ᠣᠨ ᠤ ᠠᠵᠢᠯ ᠤᠨ ᠪᠠᠶᠢᠳᠠᠯ ᠪᠠ 2023 ᠣᠨ ᠤ ᠠᠵᠢᠯ ᠤᠨ ᠭᠤᠣᠯᠳᠠᠯᠭ᠎ᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/19
     1 ᠳ᠋ᠤᠭᠡᠷ ᠰᠠᠷ᠎ᠠ ᠶᠢᠨ 12 ᠤᠨ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ 2022 ᠣᠨ ᠤ ᠠᠵᠢᠯ ᠤᠨ ᠪᠠᠶᠢᠳᠠᠯ ᠪᠠ 2023 ᠣᠨ ᠤ ᠠᠵᠢᠯ ᠤᠨ ᠭᠤᠣᠯᠳᠠᠯᠭ᠎ᠠ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠾᠧ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠴᠢᠶᠦ᠋ᠨ᠂ ᠸᠠᠩ ᠰᠢᠦᠢ ᠳ᠋ᠦᠩ᠂ ᠯᠠ ᠢ ᠹᠠᠨ᠂ ᠯᠦ ᠶᠢᠩ ᠴᠤᠸᠠᠨ᠂ ᠳ᠋ᠦ᠋ ᠵᠢᠶᠠᠩ᠂ ᠷᠣᠣ ᠴᠢᠤᠸᠠᠨ᠂ ᠳᠤᠮᠳᠠᠳᠤ ᠤᠯᠤᠰ ᠤᠨ ᠤᠯᠤᠰ ᠤᠨ ᠮᠦᠽᠧᠢ ᠶᠢᠨ ᠳᠠᠷᠤᠭ᠎ᠠ ᠸᠠᠩ ᠴᠦᠨ ᠹᠠ ᠬᠤᠷᠠᠯ ᠳᠤ ᠣᠷᠣᠯᠴᠠᠪᠠ᠃      ᠰᠣᠶᠣᠯ ᠪᠠ ᠵᠢᠭᠤᠯᠴᠢᠯᠠᠯ ᠤᠨ ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ ᠲᠣᠪᠴᠢᠶ᠎ᠠ᠂ ᠪᠠᠶᠢᠭᠤᠯᠭ᠎ᠠ ᠶᠢᠨ ᠦᠢᠯᠡᠴᠢᠯᠡᠭᠡᠨ ᠤ ᠲᠣᠪᠴᠢᠶ᠎ᠠ᠂ ᠮᠡᠳᠡᠭᠡ ᠵᠠᠩᠭᠢ ᠶᠢᠨ ᠲᠥᠪ ᠤᠨ ᠬᠠᠷᠢᠭᠤᠴᠠᠯᠭᠠᠲᠠᠨ ᠨᠥᠬᠦᠳ ᠬᠤᠷᠠᠯ ᠳᠡᠭᠡᠷ᠎ᠡ ᠠᠵᠢᠯ ᠤᠨ ᠳ᠋ᠦᠩᠨᠡᠯᠲᠡ ᠬᠢᠵᠦ᠂ ᠰᠡᠳᠬᠢᠴᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠠᠵᠢᠯ ᠢᠶᠠᠨ ᠠᠬᠢᠭᠤᠯᠬᠤ ᠰᠠᠨᠠᠯ ᠰᠠᠨᠠᠭᠤᠯᠭ᠎ᠠ ᠳᠤᠷᠠᠳᠪᠠ︔ ᠡᠯ᠎ᠡ ᠰᠢᠭᠤᠳ ᠬᠠᠷᠢᠶ᠎ᠠ ᠨᠢᠭᠡᠴᠢ ᠨᠦᠭᠦᠳ ᠪᠢᠴᠢᠭ ᠤᠨ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠢᠶᠠᠨ ᠲᠤᠰᠢᠶᠠᠪᠠ᠃ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠣᠯᠣᠨ ᠸᠠᠩ ᠴᠦᠨ ᠹᠠ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠲᠠᠷᠠᠭ᠎ᠠ᠂ ᠲᠤᠰ ᠲᠤᠰ ᠤᠨ ᠭᠤᠣᠯᠯᠠᠨ ᠬᠠᠮᠢᠶᠠᠷᠴᠤ ᠪᠠᠶᠢᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠳᠤ ᠦᠨᠡᠯᠡᠯᠲᠡ ᠬᠢᠵᠦ᠂ 2023 ᠣᠨ ᠤ ᠠᠵᠢᠯ ᠤᠨ ᠰᠡᠳᠬᠢᠴᠡ ᠪᠣᠯᠣᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃      ᠬᠤᠷᠠᠯ ᠢ ᠰᠦᠯᠵᠢᠶᠡᠨ ᠠᠴᠠ ᠭᠠᠳᠠᠭᠤᠷᠬᠢ ᠪᠠ ᠰᠦᠯᠵᠢᠶ᠎ᠡ ᠶᠢ ᠤᠶᠠᠯᠳᠤᠭᠤᠯᠬᠤ ᠬᠡᠯᠪᠡᠷᠢ ᠪᠠᠷ ᠬᠤᠷᠠᠯᠳᠤᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ ᠲᠣᠪᠴᠢᠶ᠎ᠠ᠂ ᠪᠠᠶᠢᠭᠤᠯᠭ᠎ᠠ ᠶᠢᠨ ᠦᠢᠯᠡᠴᠢᠯᠡᠭᠡᠨ ᠤ ᠲᠣᠪᠴᠢᠶ᠎ᠠ᠂ ᠮᠡᠳᠡᠭᠡ ᠵᠠᠩᠭᠢ ᠶᠢᠨ ᠲᠥᠪ ᠤᠨ ᠤᠳᠤᠷᠢᠳᠬᠤ ᠪᠠᠭ ᠤᠨ ᠪᠦᠷᠢᠯᠳᠦᠭᠦᠨ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠡᠯ᠎ᠡ ᠰᠢᠭᠤᠳ ᠬᠠᠷᠢᠶ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠬᠤᠪᠢᠶᠠᠷᠢ ᠬᠤᠷᠠᠯ ᠤᠨ ᠲᠠᠯᠠᠪᠠᠢ ᠳᠤ ᠤᠷᠤᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号