ᠪᠦᠬᠦ ᠤᠯᠤᠰ ᠤᠨ ᠤᠷᠠᠯᠢᠭ ᠤᠨ ᠵᠣᠬᠢᠶᠠᠨ ᠪᠥᠲᠦᠭᠡᠯᠭᠡ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2023/1/19
     1 ᠳ᠋ᠤᠭᠡᠷ ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠪᠦᠬᠦ ᠤᠯᠤᠰ ᠤᠨ ᠤᠷᠠᠯᠢᠭ ᠤᠨ ᠵᠣᠬᠢᠶᠠᠨ   ᠪᠥᠲᠦᠭᠡᠯᠭᠡ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠦᠪᠰᠢᠨ ᠢᠶᠠᠨ ᠲᠠᠰᠤᠷᠠᠯᠲᠠ ᠦᠭᠡᠢ  ᠳᠡᠭᠡᠭᠰᠢᠯᠡᠬᠦᠯᠦᠨ᠂ ᠨᠡᠩ ᠤᠯᠠᠨ ᠰᠢᠯᠢᠳᠡᠭ ᠪᠦᠲᠦᠭᠡᠯ ᠢ ᠡᠭᠦᠳᠴᠦ᠂ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠡᠾᠧ ᠫᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠯᠦ ᠶᠢᠩ ᠴᠤᠸᠠᠨ ᠬᠤᠷᠠᠯ ᠢ ᠡᠷᠬᠢᠯᠡᠪᠡ᠃      ᠬᠤᠷᠠᠯ ᠤᠨ ᠬᠤᠭᠤᠴᠠᠭᠠᠨ ᠳᠤ᠂ ︽2023 ︱ 2025 ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠯᠭᠡ   ᠶᠢᠨ ᠠᠵᠢᠯᠯᠠᠭᠠᠨ ᠤ ᠲᠥᠯᠥᠪᠯᠡᠭᠡ︾ ᠪᠠ ︽2023 ︱ 2025 ᠤᠷᠠᠨ ᠵᠢᠷᠤᠭ ᠤᠨ ᠵᠣᠬᠢᠶᠠᠨ ᠪᠦᠲᠦᠭᠡᠯᠭᠡ   ᠶᠢᠨ ᠠᠵᠢᠯᠯᠠᠭᠠᠨ ᠤ ᠲᠥᠯᠥᠪᠯᠡᠭᠡ︾ ᠶᠢ ᠨᠡᠶᠢᠲᠡᠯᠡᠵᠦ᠂ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠥᠷᠨᠢᠭᠦᠯᠵᠦ᠂ ᠠᠯᠳᠠᠷᠲᠤ ᠤᠷᠠᠯᠢᠭᠴᠢᠳ ᠵᠣᠬᠢᠶᠠᠨ ᠪᠦᠲᠦᠭᠡᠯᠭᠡ ᠶᠢᠨ ᠦᠢᠯᠡᠳᠦᠯᠭᠡ ᠲᠠᠢ ᠪᠠᠨ ᠤᠶᠠᠯᠳᠤᠭᠤᠯᠤᠨ ᠲᠤᠷᠰᠢᠯᠭ᠎ᠠ ᠪᠠᠨ ᠲᠠᠶᠢᠯᠪᠤᠷᠢᠯᠠᠨ ᠠᠷᠭ᠎ᠠ ᠪᠠᠨ ᠬᠤᠪᠢᠶᠠᠯᠴᠠᠭᠰᠠᠨ ᠪᠠᠶᠢᠨ᠎ᠠ᠃ ᠳᠤᠮᠳᠠᠳᠤ ᠤᠯᠤᠰ ᠤᠨ ᠳᠣᠷᠣᠨᠠᠳᠠᠬᠢᠨ ᠤ ᠤᠷᠠᠨ ᠰᠠᠶᠢᠬᠠᠨ ᠤ ᠪᠦᠯᠦᠭᠯᠡᠯ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ᠂ ᠡᠾᠧᠪᠸᠢ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠵᠢᠶᠠᠩᠰᠤ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠤᠯᠢᠯᠴᠠᠵᠤ ᠶᠠᠷᠢᠶ᠎ᠠ ᠳᠠᠯᠪᠢᠪᠠ᠃ ᠲᠥᠪ ᠤᠨ ᠤᠬᠠᠭᠤᠯᠬᠤ ᠬᠡᠯᠲᠡᠰ ᠤᠨ ᠤᠳᠬ᠎ᠠ ᠤᠷᠠᠯᠢᠭ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠢᠶ᠎ᠠ ᠪᠦᠬᠦᠢ ᠵᠤᠷᠭᠠᠨ ᠲᠣᠪᠴᠢᠶ᠎ᠠ ᠪᠠ ᠰᠢᠭᠤᠳ ᠬᠠᠷᠢᠶ᠎ᠠ ᠤᠷᠠᠯᠢᠭ ᠤᠨ ᠨᠢᠭᠡᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠠᠮᠢᠶ᠎ᠠ ᠪᠦᠬᠦᠢ ᠶᠠᠮᠤᠨ ᠵᠥᠪᠯᠡᠯ ᠤᠨ ᠰᠢᠭᠤᠳ ᠬᠠᠷᠢᠶ᠎ᠠ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠡᠯᠲᠡᠰ ᠤᠨ ᠤᠬᠠᠭᠤᠯᠬᠤ ᠲᠣᠪᠴᠢᠶ᠎ᠠ᠂ ᠡᠯ᠎ᠡ ᠮᠤᠵᠢ ᠣᠷᠣᠨ ᠬᠤᠳᠠ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠣᠶᠣᠯ ᠪᠠ  ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠬᠠᠮᠲᠤ ᠪᠠᠷ ᠪᠠᠶᠢᠭᠤᠯᠤᠭᠰᠠᠨ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号