ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2023 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠲᠢᠩᠬᠢᠮ ᠤᠨ ᠪᠠᠶᠢᠭᠤᠯᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠪᠠᠶᠢᠳᠠᠯ ᠤᠨ ᠲᠤᠬᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ
ᠨᠡᠶᠢᠲᠡᠯᠡᠭᠰᠡᠨ ᠴᠠᠭ᠄
2023/1/30
    2023 ᠣᠨ ᠤ 1 ᠳ᠋ᠤᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ 2023 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠢᠩᠬᠢᠮ ᠤᠨ ᠪᠠᠶᠢᠭᠤᠯᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠰᠢᠭᠤᠳ ᠬᠠᠷᠢᠶ᠎ᠠ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠤᠷ ᠲᠤ ᠰᠢᠯᠭᠠᠨ ᠦᠨᠡᠯᠡᠪᠡ᠃     ᠬᠤᠷᠠᠯ ᠳᠡᠭᠡᠷ᠎ᠡ᠂ ᠲᠢᠩᠬᠢᠮ ᠤᠨ ᠤᠳᠤᠷᠢᠳᠤᠯᠭ᠎ᠠ ᠯᠢ ᠯᠢ᠂ ᠢᠦᠢ ᡁᠢ ᠭᠦᠸᠧ᠂ ᠵᠠᠩ ᠸᠧᠨ ᠵᠢᠶᠦ᠋ᠨ᠂ ᠼᠤᠤ ᠵᠢᠶᠠᠨ ᠧᠨ᠂ ᠵᠤᠤ ᠽᠢ ᠢ ᠨᠠᠷ ᠤᠯᠠᠨ ᠤ ᠠᠵᠢᠯ ᠤᠨ ᠬᠠᠷᠢᠭᠤ ᠮᠡᠳᠡᠭᠦᠯᠦᠯᠲᠡ ᠬᠢᠭᠰᠡᠨ ᠪᠠᠶᠢᠳᠠᠯ ᠢ ᠨᠢᠭᠡᠳ ᠨᠢᠭᠡ ᠪᠠᠷ ᠦᠨᠡᠯᠡᠵᠦ᠂ ᠠᠵᠢᠯ ᠢ ᠨᠢ ᠨᠤᠲᠠᠯᠠᠭᠰᠠᠨ ᠪᠥᠭᠡᠳ ᠠᠰᠠᠭᠤᠳᠠᠯ ᠢ ᠵᠢᠭᠠᠨ ᠭᠠᠷᠭᠠᠵᠤ᠂ ᠴᠢᠨ ᠶᠠᠨ ᠶᠡᠷᠦᠩᠬᠡᠶᠢᠯᠡᠭᠰᠡᠨ ᠦᠨᠡᠯᠡᠯᠲᠡ ᠬᠢᠵᠡᠢ᠃     ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠬᠠᠢ ᠠᠯᠢ ᠣᠯᠠᠨ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠰᠣᠶᠣᠯ ᠪᠠ ᠵᠢᠭᠤᠯᠴᠢᠯᠠᠯ ᠤᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠪᠡ᠃     ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠪᠠᠶᠢᠭᠤᠯᠤᠯᠲᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠲᠦᠷᠪᠡᠨ ᠤᠬᠠᠮᠰᠠᠷ︾   ᠢ ᠪᠠᠲᠤ ᠪᠤᠢ ᠪᠣᠯᠭᠠᠬᠤ᠂ ︽ᠲᠦᠷᠪᠡᠨ ᠢᠲᠡᠭᠡᠯ︾  ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠷ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ︔ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠴᠠᠭ ᠲᠤᠬᠠᠢ ᠳᠤ ᠨᠢ  ᠲᠠᠭᠠᠨ ᠰᠤᠷᠤᠯᠴᠠᠬᠤ ᠬᠡᠷᠡᠭᠲᠡᠢ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠠᠮ ᠤᠨ ᠠᠵᠢᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号