ᠥᠪᠥᠷ ᠮᠣᠩᠭᠤᠯ ᠤᠨ ᠬᠤᠶᠠᠷ ᠭᠠᠵᠠᠷ ᠤᠨ ᠬᠢᠨ ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠵᠠᠷᠯᠠᠨ ᠨᠡᠶᠢᠲᠡᠯᠡᠬᠦ ᠨᠡᠷᠡᠰ ᠲᠤ ᠠᠮᠵᠢᠯᠲᠠᠲᠠᠢ ᠰᠣᠩᠭᠤᠭᠳᠠᠪᠠ
ᠨᠡᠶᠢᠲᠡᠯᠡᠭᠰᠡᠨ ᠴᠠᠭ᠄
2023/1/30
   1 ᠳ᠋ᠤᠭᠡᠷ ᠰᠠᠷ᠎ᠠ ᠶᠢᠨ 18 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠬᠠᠮᠲᠤᠷᠠᠨ ᠬᠤᠶᠠᠳᠠᠭᠢ ᠪᠦᠯᠦᠭ ᠤᠨ 7 ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠤᠨ ᠭᠠᠵᠠᠷ ᠤᠨ ᠨᠡᠷᠡᠰ ᠢ ᠵᠠᠷᠯᠠᠨ ᠨᠡᠶᠢᠲᠡᠯᠡᠵᠦ᠂ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠬᠠᠷᠠᠴᠢᠨ ᠮᠠᠶᠢᠷᠠᠨ ᠬᠥᠨᠳᠡᠢ ᠪᠣᠯᠣᠨ ᠬᠥᠯᠥᠨ ᠪᠤᠶᠢᠷ ᠬᠤᠲᠠ ᠶᠢᠨ ᠶᠠᠭᠰᠢ ᠴᠠᠨᠠᠯᠠᠬᠤ ᠵᠢᠭᠤᠯᠴᠢᠯᠠᠯ ᠤᠨ ᠭᠠᠵᠠᠷ ᠠᠮᠵᠢᠯᠲᠠ ᠲᠠᠢ ᠪᠠᠷ ᠰᠣᠩᠭᠤᠭᠳᠠᠪᠠ᠃    ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠨᠢ ᠪᠠᠶᠢᠭ᠎ᠠ ᠰᠢᠶᠠᠨ ︵ᠲᠣᠭᠤᠷᠢᠭ ︶ ᠤ ᠬᠡᠪᠴᠢᠶ᠎ᠡ ᠪᠠᠷ ᠲᠦᠰᠢᠭ ᠪᠣᠯᠭᠠᠵᠤ᠂ ᠥᠨᠳᠥᠷ ᠬᠢᠷᠢ ᠲᠦᠪᠰᠢᠨ ᠪᠦᠬᠦᠢ ᠴᠠᠨᠠᠯᠠᠬᠤ ᠬᠥᠳᠡᠯᠭᠡᠭᠡᠨ ᠤ ᠪᠡᠯᠡᠳᠬᠡᠮᠵᠢ ᠪᠠ ᠴᠢᠨᠠᠷ ᠰᠠᠶᠢᠲᠠᠢ ᠵᠢᠭᠤᠯᠴᠢᠯᠠᠯ ᠤᠨ ᠠᠮᠠᠷᠠᠯᠲᠠ ᠶᠢᠨ ᠦᠢᠯᠡᠴᠢᠯᠡᠭᠡ ᠶᠢ ᠪᠣᠶ ᠪᠣᠯᠭᠠᠵᠤ᠂ ᠵᠢᠭᠤᠯᠴᠢᠯᠠᠭᠴᠢᠳ ᠲᠤ ᠮᠥᠰᠥ ᠴᠠᠰᠤᠨ ᠤ ᠵᠢᠭᠤᠯᠴᠢᠯᠠᠯ ᠤᠨ ᠰᠢᠨ᠎ᠡ ᠰᠣᠩᠭᠤᠯᠲᠠ ᠬᠠᠩᠭᠠᠵᠤ᠂ ᠴᠠᠨᠠᠯᠠᠬᠤ ᠠᠮᠠᠷᠠᠯᠲᠠ ᠶᠢᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ 2022 ᠣᠨ ᠳᠤ ᠬᠥᠯᠥᠨ ᠪᠤᠶᠢᠷ ᠬᠤᠲᠠ ᠶᠢᠨ ᠵᠠᠯᠠᠨ ᠠᠶᠢᠯ ᠲᠦᠷᠦᠭᠦᠸ ᠪᠦᠯᠦᠭ ᠤᠨ ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢᠶᠠᠷ ᠦᠨᠡᠯᠡᠭᠳᠡᠵᠦ᠂ ᠣᠳᠣᠬᠠᠨ ᠳᠤ ᠥᠪᠥᠷ ᠮᠣᠩᠭᠤᠯ ᠤᠨ ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ 3 ᠪᠣᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号