ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2023 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠵᠡᠷᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/1/30
     2023 ᠣᠨ ᠤ 1 ᠳ᠋ᠤᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ 2023 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ᠂ ᠪᠥᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ᠂ ᠪᠦᠬᠦ ᠤᠯᠤᠰ ᠤᠨ ᠰᠤᠶᠤᠯ ᠪᠠ ᠵᠢᠭᠤᠯᠴᠢᠯᠠᠯ  ᠤᠨ ᠲᠢᠩᠬᠢᠮ ᠲᠤᠪᠴᠢᠶ᠎ᠠ ᠶᠢᠨ ᠳᠠᠷᠤᠭ᠎ᠠ ᠨᠠᠷ ᠤᠨ ᠬᠤᠷᠠᠯ᠂ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ᠂ ᠪᠥᠬᠦ ᠤᠯᠤᠰ ᠤᠨ ᠤᠷᠠᠯᠢᠭ ᠤᠨ ᠵᠣᠬᠢᠶᠠᠨ ᠪᠦᠲᠦᠭᠡᠬᠦ ᠠᠵᠢᠯ ᠤᠨ ᠬᠤᠷᠠᠯ ᠵᠡᠷᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ︽ᠲᠠᠪᠤᠨ ᠪᠦᠬᠦ ᠤᠯᠤᠰ ᠤᠨ ᠬᠤᠷᠠᠯ︾ ᠤᠨ ᠶᠠᠷᠢᠶᠠᠨ ᠤ ᠵᠣᠷᠢᠭ ᠰᠠᠨᠠᠭ᠎ᠠ  ᠶᠢ ᠬᠢᠨᠠᠮᠠᠭᠠᠢ ᠰᠤᠷᠤᠯᠴᠠᠨ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠨᠡᠶᠢᠴᠡᠬᠦ ᠴᠢᠭ᠋ ᠪᠠ ᠠᠵᠢᠯ ᠤᠨ ᠭᠤᠣᠯᠳᠠᠯᠭ᠎ᠠ ᠲᠠᠢ ᠴᠢᠭᠯᠡᠯ ᠢ ᠣᠨᠣᠪᠴᠢᠲᠠᠶ ᠡᠷᠢᠵᠦ᠂ ︽ᠲᠠᠪᠤᠨ ᠪᠥᠬᠦ ᠤᠯᠤᠰ ᠤᠨ ᠬᠤᠷᠠᠯ︾ ᠳᠤ ᠲᠣᠳᠣᠷᠬᠠᠶᠢᠯᠠᠭᠰᠠᠨ ᠬᠥᠭᠵᠢᠯᠲᠡ ᠶᠢᠨ ᠰᠡᠳᠬᠢᠴᠡ᠂ ᠭᠤᠣᠯᠳᠠᠯᠭ᠎ᠠ ᠲᠠᠢ ᠡᠭᠦᠷᠭᠡ ᠶᠢ ᠰᠣᠶᠣᠯ ᠪᠠ ᠵᠢᠭᠤᠯᠴᠢᠯᠠᠯ ᠤᠨ ᠲᠢᠩᠬᠢᠮ ᠤᠨ 2023 ᠣᠨ ᠤ ᠠᠵᠢᠯ ᠤᠨ ᠭᠤᠣᠯᠳᠠᠯᠭ᠎ᠠ ᠳᠤ ᠣᠷᠣᠭᠤᠯᠵᠤ᠂ ᠭᠤᠣᠯᠳᠠᠯᠭ᠎ᠠ ᠲᠠᠢ ᠡᠭᠦᠷᠭᠡ ᠶᠢᠨ ᠡᠬᠡ ᠲᠠᠩᠰᠠ ᠶᠢ ᠪᠠᠶᠢᠭᠤᠯᠤᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠪᠠ ᠬᠠᠷᠢᠭᠤᠴᠠᠯᠭᠠᠲᠠᠨ ᠢ ᠵᠦᠢᠯ ᠳᠠᠷᠠᠭᠠᠯᠠᠨ ᠲᠣᠳᠣᠷᠬᠠᠶᠢᠯᠠᠵᠤ᠂ ᠰᠢᠮᠳᠠᠭᠤᠯᠤᠨ ᠪᠠᠶᠢᠴᠠᠭᠠᠵᠤ ᠲᠣᠬᠢᠷᠠᠭᠤᠯᠬᠤ ᠶᠢ ᠴᠢᠩᠭᠠᠳᠬᠠᠨ᠂ ︽ᠵᠦᠢᠯ ᠪᠦᠷᠢ ᠳᠤ ᠬᠠᠷᠢᠭᠤ ᠦᠭᠡ ᠲᠠᠢ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠤᠯᠲᠠ ᠲᠠᠢ》ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠷᠢᠭᠤᠴᠠᠯᠭ᠎ᠠ ᠲᠠᠢ ᠭᠠᠵᠠᠷ ᠭᠡᠷ ᠨᠢ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠬᠠᠮᠢᠶ᠎ᠠ ᠪᠦᠬᠦᠢ ᠵᠤᠷᠭᠠᠨ ᠲᠣᠪᠴᠢᠶ᠎ᠠ ᠲᠠᠢ ᠨᠢᠭᠲᠠ ᠨᠡᠪᠲᠡᠷᠡᠯᠴᠡᠵᠦ᠂ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤ ᠨᠢ ᠬᠠᠷᠢᠭᠤ ᠮᠡᠳᠡᠭᠦᠯᠵᠦ᠂ ᠤᠯᠤᠰ ᠤᠨ ᠶᠠᠮᠤᠨ ᠵᠥᠪᠯᠡᠯ ᠤᠨ ᠳᠡᠮᠵᠢᠯᠭᠡ ᠪᠠ ᠵᠢᠯᠣᠭᠤᠳᠤᠯᠭ᠎ᠠ ᠶᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃     ᠬᠤᠷᠠᠯ ᠠᠴᠠ ᠪᠠᠰᠠ ᠴᠠᠭᠠᠨ ᠰᠠᠷ᠎ᠠ ᠶᠢᠨ ᠬᠤᠭᠤᠴᠠᠭᠠᠨ ᠳᠤ ᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠠᠶᠤᠯ ᠦᠭᠡᠢ ᠦᠢᠯᠡᠳᠪᠦᠷᠢᠯᠡᠯ ᠪᠠ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠯ ᠪᠠ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号