ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠠᠮᠤᠷ ᠲᠦᠪᠰᠢᠨ ᠢ ᠬᠢᠨᠠᠨ ᠵᠢᠯᠤᠭᠤᠳᠬᠤ ᠳᠤᠭᠤᠶᠢᠯᠠᠩ ᠨᠢᠭᠡᠳᠦᠭᠡᠷ ᠹᠷᠣᠨᠲ ᠤᠨ ᠪᠠᠶᠢᠭᠤᠯᠭ᠎ᠠ ᠨᠢᠭᠡᠴᠢ ᠳᠤ ᠭᠦᠨᠵᠡᠭᠡᠶᠢᠷᠡᠨ ᠵᠢᠯ ᠤᠨ ᠡᠴᠦᠰ  ᠣᠨ ᠤ ᠡᠬᠢᠨ ᠤ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/1/31
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠯ ᠤᠨ ᠡᠴᠦᠰ ᠣᠨ ᠤ ᠡᠬᠢᠨ ᠤ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠪᠠ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠤᠨ ᠲᠥᠰᠥᠯ︾᠂ ︽ᠵᠢᠯ ᠤᠨ ᠡᠴᠦᠰ ᠤᠨ ᠤ ᠡᠬᠢᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠮᠦᠽᠧᠢ ᠶᠢᠨ ᠪᠠᠶᠢᠭᠤᠯᠭ᠎ᠠ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠵᠦᠢᠯ ᠤᠨ ᠬᠢᠨᠠᠨ ᠵᠢᠯᠤᠭᠤᠳᠴᠤ ᠪᠠᠶᠢᠴᠠᠭᠠᠬᠤ ᠲᠥᠰᠥᠯ︾ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠤᠰᠠᠳᠠ᠂ 1 ᠳ᠋ᠦ᠋ᠭᠡᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠠᠷᠤᠭ᠎ᠠ ᠼᠤᠤ ᠵᠢᠶᠠᠨ ᠧᠨ ᠪᠦᠯᠬᠦᠮ ᠳᠠᠭᠠᠭᠤᠯᠤᠨ ᠣᠷᠤᠨ ᠤ ᠰᠢᠭᠤᠳ ᠬᠠᠷᠢᠶ᠎ᠠ ᠰᠣᠶᠣᠯ ᠪᠠ ᠮᠦᠽᠸᠢ ᠶᠢᠨ ᠪᠠᠶᠢᠭᠤᠯᠭ᠎ᠠ ᠨᠢᠭᠡᠴᠢ᠂ ᠬᠥᠬᠡᠬᠤᠲᠠ ᠶᠢᠨ ᠵᠠᠩᠵᠤᠨ ᠤ ᠶᠠᠮᠤᠨ ᠵᠡᠷᠭᠡ ᠭᠠᠵᠠᠷ ᠲᠠᠯᠠᠪᠤᠷ ᠢ ᠬᠢᠨᠠᠨ ᠵᠢᠯᠤᠭᠤᠳᠴᠤ ᠪᠠᠶᠢᠴᠠᠭᠠᠪᠠ᠃
     ᠲᠣᠰ ᠤᠳᠠᠭᠠᠨ ᠤ ᠪᠠᠶᠢᠴᠠᠭᠠᠯᠲᠠ ᠳᠤ᠂ ︽ᠳᠥᠷᠪᠡᠨ ᠦᠭᠡᠢ ᠬᠤᠶᠠᠷ ᠰᠢᠭᠤᠳ︾ ᠠᠷᠭ᠎ᠠ ᠶᠢ ᠠᠪᠴᠤ᠂ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠡᠯ᠎ᠡ ᠨᠢᠭᠡᠴᠢ ᠶᠢᠨ ᠬᠥᠮᠥᠷᠭᠡ᠂ ᠠᠮᠤᠷ ᠲᠦᠪᠰᠢᠨ ᠤ ᠬᠢᠨᠠᠨ ᠡᠵᠡᠮᠳᠡᠬᠦ ᠲᠠᠰᠤᠭ᠂ ᠪᠢᠴᠢᠯ ᠭᠠᠯ ᠤᠨᠲᠠᠷᠠᠭᠠᠬᠤ ᠥᠷᠲᠡᠭᠡ᠂ ᠬᠤᠭᠤᠯᠠᠨ ᠤ ᠭᠡᠷ ᠵᠡᠷᠭᠡ ᠳᠤᠯᠠᠭᠠᠯᠠᠭ᠎ᠠ ᠶᠢᠨ ᠬᠠᠩᠭᠠᠯᠲᠠ ᠲᠠᠢ ᠴᠠᠬᠢᠯᠭᠠᠨ ᠵᠠᠷᠤᠬᠤ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ᠂ ᠡᠯ᠎ᠡ ᠨᠢᠭᠡᠴᠢ ᠶᠢᠨ ᠣᠳᠣᠬᠢ ᠱᠠᠲᠤᠨ ᠤ ᠳᠡᠯᠭᠡᠨ ᠦᠵᠡᠭᠦᠯᠵᠦ ᠴᠢᠯᠦᠭᠡᠲᠡᠢ ᠨᠡᠭᠡᠭᠡᠭᠰᠡᠨ ᠪᠠᠶᠢᠳᠠᠯ᠂ ᠪᠠᠶᠠᠷ ᠤᠨ ᠡᠳᠦᠷ ᠤᠨ ᠬᠤᠭᠤᠴᠠᠭᠠᠨ ᠳᠤ ᠬᠢ ᠠᠵᠢᠯᠯᠠᠭ᠎ᠠ ᠶᠢᠨ ᠲᠣᠬᠢᠷᠠᠭᠤᠯᠤᠯᠲᠠ ᠵᠢᠴᠢ ᠡᠯ᠎ᠡ ᠲᠠᠯᠠᠪᠤᠷ ᠤᠨ ᠬᠠᠮᠢᠶᠠᠷᠤᠯᠲᠠ ᠬᠡᠷᠡᠭᠯᠡᠯᠲᠡ ᠵᠡᠷᠭᠡ ᠪᠠᠶᠢᠳᠠᠯ ᠢ ᠨᠠᠷᠢᠨ  ᠠᠰᠠᠭᠤᠵᠤ ᠣᠶᠢᠯᠠᠭᠠᠪᠠ᠃ ᠭᠠᠯ ᠰᠡᠷᠭᠡᠶᠢᠯᠡᠬᠦ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠭᠠᠯ ᠰᠡᠷᠭᠡᠶᠢᠯᠡᠬᠦ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ ᠦᠵᠡᠵᠡᠢ᠃ ᠼᠤᠤ ᠵᠢᠶᠠᠨ ᠧᠨ ᠴᠢᠬᠤᠯᠠᠴᠢᠯᠠᠭᠰᠠᠨ ᠨᠢ᠂ ᠵᠢᠯ ᠤᠨ ᠡᠴᠦᠰ ᠣᠨ ᠤ ᠡᠬᠢ ᠪᠠᠷ ᠡᠯ᠎ᠡ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠵᠤᠭᠠᠴᠠᠨ ᠲᠣᠭᠤᠷᠢᠬᠤ᠂ ᠬᠦᠵᠢ ᠠᠰᠠᠭᠠᠨ ᠳᠠᠭᠠᠳᠬᠠᠨ ᠳᠠᠬᠢᠬᠤ ᠤᠷᠬᠢᠯ ᠤᠨ ᠬᠤᠭᠤᠴᠠᠭ᠎ᠠ ᠶᠢ ᠤᠭᠲᠤᠨ ᠠᠪᠳᠠᠭ᠂ ᠳᠡᠭᠡᠷ᠎ᠡ ᠠᠴᠠ ᠨᠢ ᠴᠠᠭᠠᠨ ᠰᠠᠷ᠎ᠠ ᠶᠢᠨ ᠬᠤᠭᠤᠴᠠᠭᠠᠨ ᠳᠤ ᠰᠠᠭᠤᠭᠠᠯᠢ ᠠᠷᠠᠳ ᠬᠤᠸᠠᠷ ᠫᠤᠤᠵᠢᠩ ᠲᠠᠯᠪᠢᠬᠤ ᠨᠢ ᠭᠠᠯ ᠰᠡᠷᠭᠡᠶᠢᠯᠡᠬᠦ ᠭᠡᠮ ᠰᠣᠭᠤᠭ ᠢ ᠶᠡᠭᠡ ᠪᠠᠷ ᠨᠡᠮᠡᠭᠳᠡᠭᠦᠯᠦᠨ᠎ᠡ᠃ ᠡᠯ᠎ᠡ ᠪᠠᠶᠢᠭᠤᠯᠭ᠎ᠠ ᠨᠢᠭᠡᠴᠢ ︽ᠰᠡᠷᠭᠡᠶᠢᠯᠡᠬᠦ ᠪᠠᠷ ᠭᠤᠣᠯ ᠪᠣᠯᠭᠠᠬᠤ︾ ᠠᠵᠢᠯ ᠤᠨ ᠴᠢᠭᠯᠡᠯ ᠢᠶᠠᠨ ᠪᠠᠲᠤᠳᠬᠠᠵᠤ᠂ ᠭᠡᠮ ᠰᠣᠭᠤᠭ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠬᠢ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠪᠡ᠃      ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠳᠡᠳ᠋ ᠳᠠᠷᠤᠭ᠎ᠠ ᠵᠤᠤ ᠵᠢᠶᠠᠨ ᠬᠤᠸᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠢᠨᠠᠨ ᠪᠠᠶᠢᠴᠠᠭᠠᠬᠤ ᠭᠠᠵᠠᠷ ᠤᠨ ᠳᠠᠷᠤᠭ᠎ᠠ ᠸᠠᠩ ᠬᠦᠢ ᠪᠢᠩ ᠪᠠᠷ᠎ᠠ ᠪᠣᠯᠵᠤ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号