ᠢ ᠯᠢ ᠶᠢᠨ ᠳᠡᠯᠡᠬᠡᠢ ᠳᠤ ᠣᠶᠤᠨᠴᠢ ᠪᠠᠷ ᠦᠢᠯᠡᠳᠬᠦ ᠠᠵᠤ ᠦᠢᠯᠡᠰ ᠤᠨ ᠬᠦᠷᠢᠶᠡᠯᠡᠩ ︽2022 ᠣᠨ ᠤ ᠤᠯᠤᠰ ᠤᠨ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/1/31
     ᠲᠦᠷᠦᠭᠦᠬᠡᠨ᠂ ᠰᠣᠶᠣᠯ ᠪᠠ ᠵᠢᠭᠤᠯᠴᠢᠯᠠᠯ ᠤᠨ ᠶᠠᠮᠤᠨ ︽2022 ᠣᠨ ᠤ ᠤᠯᠤᠰ ᠤᠨ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ︾ ᠤᠨ ᠨᠡᠷᠡᠰ ᠢ ᠨᠡᠶᠢᠲᠡᠯᠡᠪᠡ᠂ ᠪᠥᠬᠦ ᠤᠯᠤᠰ ᠤᠨ ᠨᠡᠶᠢᠲᠡ 12 ᠬᠦᠷᠢᠶᠡᠯᠡᠩ ᠲᠣᠭᠤᠷᠢᠭ ᠰᠤᠩᠭᠤᠭᠳᠠᠭᠰᠠᠨ ᠤ ᠳᠣᠲᠤᠷ᠎ᠠ ᠮᠠᠨ ᠤ ᠲᠢᠩᠬᠢᠮ ᠤᠨ ᠲᠠᠨᠢᠯᠴᠠᠭᠤᠯᠤᠭᠰᠠᠨ ᠢ ᠯᠢ ᠶᠢᠨ ᠳᠡᠯᠡᠬᠡᠢ ᠳᠤ ᠣᠶᠤᠨᠴᠢ ᠪᠠᠷ ᠦᠶᠯᠡᠳᠬᠦ ᠠᠵᠤ ᠦᠢᠯᠡᠰ ᠤᠨ ᠬᠦᠷᠢᠶᠡᠯᠡᠩ ᠨᠡᠷ᠎ᠡ  ᠪᠠᠨ ᠦᠯᠡᠳᠡᠭᠡᠪᠡ᠃ ᠲᠣᠰ ᠤᠳᠠᠭ᠎ᠠ ᠡᠶᠢᠨ ᠰᠣᠩᠭᠤᠭᠳᠠᠭᠰᠠᠨ ᠨᠢ ᠤᠯᠤᠰ ᠤᠨ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠨᠡᠷᠡᠰ ᠤᠨ ᠵᠢᠭᠰᠠᠭᠠᠯᠲᠠ ᠳᠤ ᠮᠠᠨ ᠤ ᠣᠷᠣᠨ ᠠᠩᠬᠠᠳᠠᠭᠴᠢ ᠦᠪᠡᠷ ᠤᠨ ᠲᠥᠷᠥᠯ ᠵᠦᠢᠯ ᠢᠶᠠᠷ ᠢᠶᠠᠨ ᠰᠤᠩᠭᠤᠭᠳᠠᠭᠰᠠᠨ ᠶᠠᠪᠤᠳᠠᠯ ᠪᠣᠯᠬᠤ ᠪᠥᠭᠡᠳ ᠲᠣᠰ ᠴᠠᠷᠠᠭᠠᠨ ᠤ ︽ᠠᠩᠬᠠᠨ ᠤ ᠠᠮᠵᠢᠯᠲᠠ︾ ᠶᠢ ᠪᠡᠶᠡᠯᠡᠭᠦᠯᠦᠭᠰᠡᠨ ᠶᠤᠮ᠃ ᠪᠠᠰᠠ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ ᠣᠷᠤᠭᠰᠠᠨ ᠴᠤᠷᠢ ᠶᠢᠨ ᠭᠠᠭᠴᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠭᠡᠰᠡᠨ ᠢᠶᠠᠷ ᠢᠶᠠᠨ ᠤᠯᠤᠰ ᠤᠨ ᠳᠣᠲᠣᠭᠠᠳᠤ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠰᠢᠨ᠎ᠡ ᠬᠡᠪ ᠳᠠᠭᠤᠷᠢᠶᠠᠯ ᠪᠣᠯᠤᠭᠰᠠᠨ ᠶᠤᠮ᠃      ᠰᠣᠶᠣᠯ ᠪᠠ ᠵᠢᠭᠤᠯᠴᠢᠯᠠᠯ ᠤᠨ ᠶᠠᠮᠤᠨ ᠤ ᠲᠤᠰ ᠤᠳᠠᠭ᠎ᠠ ᠶᠢᠨ ᠰᠢᠯᠭᠠᠷᠠᠭᠤᠯᠤᠯᠲᠠ ᠬᠢᠭᠰᠡᠨ ᠤ ᠵᠣᠷᠢᠯᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠵᠢᠭᠤᠯᠴᠢᠯᠠᠯ ᠳᠤ ᠦᠵᠡᠭᠦᠯᠬᠦ ᠲᠤᠯᠭᠠᠭᠤᠷᠢᠯᠠᠨ ᠳᠠᠭᠠᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠨᠢ ᠵᠢᠭᠤᠯᠴᠢᠯᠠᠯ ᠳᠤ ᠴᠢᠳᠠᠪᠬᠢ ᠣᠯᠭᠤᠬᠤ ᠶᠢ ᠠᠬᠢᠭᠤᠯᠤᠨ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃ ᠰᠢᠯᠭᠠᠷᠠᠭᠤᠯᠤᠯᠲᠠ ᠳᠤ ᠣᠷᠣᠯᠴᠠᠭᠰᠠᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠨᠢ ᠵᠢᠭᠤᠯᠴᠢᠯᠠᠯ ᠤᠨ ᠦᠢᠯᠡᠰ ᠲᠤ ᠬᠠᠨᠳᠤᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠤᠶᠤ ᠬᠡᠷᠡᠭᠯᠡᠭᠡᠨ ᠢ ᠥᠷᠨᠢᠭᠦᠯᠵᠦ᠂ ᠵᠢᠭᠤᠯᠴᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠳᠤ ᠢᠯᠡᠳᠲᠡ ᠦᠷ᠎ᠡ ᠪᠦᠲᠦᠮᠵᠢ ᠣᠯᠬᠤ ᠶᠢᠨ ᠬᠠᠮᠲᠤ ᠠᠵᠢᠯ ᠲᠦᠷᠦᠯ ᠤᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠤᠨ ᠦᠢᠯᠡᠳᠦᠯ ᠲᠠᠢ ᠪᠠᠶᠢᠬᠤ ᠬᠡᠷᠡᠭᠲᠡᠢ᠃      ᠢ ᠯᠢ ᠶᠢᠨ ᠳᠡᠯᠡᠬᠡᠢ ᠳᠤ ᠣᠶᠤᠨᠴᠢ ᠪᠠᠷ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ  ᠨᠢ ︽ᠣᠶᠤᠨᠴᠢᠯᠠᠭᠰᠠᠨ +  ᠵᠢᠭᠤᠯᠴᠢᠯᠠᠯ ᠤᠨ ᠦᠢᠯᠡᠴᠢᠯᠡᠭᠡ︾ ᠶᠢ ᠪᠠᠶᠢᠭᠤᠯᠬᠤ ᠪᠠᠷ ᠰᠠᠭᠤᠷᠢ ᠪᠣᠯᠭᠠᠨ ᠣᠶᠤᠨᠲᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠲᠠᠪᠴᠠᠩ ᠢ ᠨᠡᠭᠡᠭᠡᠨ ᠬᠥᠭᠵᠢᠭᠦᠯᠵᠦ᠂ ᠵᠢᠭᠤᠯᠴᠢᠯᠠᠭᠴᠢᠳ ᠤᠨ ᠲᠣᠮᠣ ᠳ᠋ᠠᠶᠢᠲ᠋ᠠ ᠶᠢ ᠴᠤᠭᠯᠠᠭᠤᠯᠤᠨ ᠵᠠᠳᠠᠯᠬᠤ ᠪᠠᠷ ᠳᠠᠮᠵᠢᠭᠤᠯᠵᠤ᠂ ᠦᠵᠡᠮᠵᠢ ᠶᠢᠨ ᠣᠷᠣᠨ ᠤ ᠡᠵᠡᠩᠨᠡᠯᠲᠡ ᠶᠢᠨ ᠨᠠᠷᠢᠯᠢᠭ ᠬᠠᠮᠢᠶᠠᠷᠤᠯᠲᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠥᠨᠳᠥᠷ  ᠪᠦᠲᠦᠮᠵᠢᠲᠦ ᠬᠦᠮᠦᠯᠢᠭ ᠦᠢᠯᠡᠴᠢᠯᠡᠭᠡ ᠶᠢ ᠪᠡᠶᠡᠯᠡᠭᠦᠯᠵᠡᠢ᠃ ᠲᠠᠯᠠᠪᠠᠶ ᠣᠷᠳᠣᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ VR᠂ XR᠂  ᠰᠢᠯ ᠦᠭᠡᠢ 3D ᠵᠡᠷᠭᠡ ᠮᠡᠷᠭᠡᠵᠢᠯ ᠤᠨ ᠠᠷᠭ᠎ᠠ ᠪᠠᠷᠢᠯ ᠢ ᠡᠰᠢᠯᠡᠨ ᠬᠡᠷᠡᠭᠯᠡᠵᠦ᠂ ᠰᠢᠨᠵᠢᠯᠡᠬᠦ ᠤᠬᠠᠭᠠᠨᠴᠢᠯᠠᠭᠰᠠᠨ᠂ ᠣᠶᠤᠨᠴᠢᠯᠠᠭᠰᠠᠨ᠂ ᠣᠳᠣᠬᠢᠴᠢᠯᠠᠭᠰᠠᠨ ᠴᠠᠭᠠᠨ ᠢᠳᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠪᠠ ᠰᠦᠨ ᠰᠣᠶᠣᠯ ᠤᠨ ᠣᠯᠠᠨ ᠡᠰᠢᠲᠦ ᠣᠶᠢᠯᠠᠭᠠᠯᠲᠠ᠂ ᠠᠭᠤᠰᠤᠯᠴᠠᠯ ᠢᠶᠠᠷ ᠭᠤᠣᠯ ᠪᠣᠯᠭᠠᠵᠤ᠂ ︽ᠪᠥᠬᠦ ᠶᠠᠪᠤᠴᠠ᠂ ᠨᠢᠭᠡ ᠥᠷᠲᠡᠭᠡᠨ ᠤ ᠮᠠᠶ᠋ᠢᠭ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ︾ ᠤᠨ ᠣᠶᠤᠨᠴᠢ ᠵᠢᠭᠤᠯᠴᠢᠯᠠᠯ ᠤᠨ ᠰᠢᠰᠲ᠋ᠧᠮᠵᠢ ᠶᠢ ᠡᠭᠦᠳᠦᠨ᠂ ᠵᠢᠭᠤᠯᠴᠢᠯᠠᠭᠴᠢᠳ ᠤᠨ ᠭᠡᠷ ᠪᠦᠯᠢ ᠪᠠᠷ ᠢᠶᠠᠨ ᠠᠮᠠᠷᠠᠯᠲᠠ ᠪᠠᠨ ᠥᠩᠭᠡᠷᠡᠭᠡᠬᠦ᠂ ᠰᠤᠳᠤᠯᠤᠨ  ᠰᠤᠷᠤᠯᠴᠠᠵᠤ ᠣᠶᠢᠯᠠᠭᠠᠬᠤ᠂ ᠭᠡᠷ ᠪᠦᠯᠢ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨᠵᠢᠯᠡᠬᠦ ᠤᠬᠠᠭᠠᠨᠴᠢᠯᠠᠭᠰᠠᠨ ᠬᠥᠭᠵᠢᠯᠲᠡ ᠶᠢ ᠠᠬᠢᠭᠤᠯᠪᠠ᠃ ᠢ ᠯᠢ ᠶᠢᠨ ᠤᠶᠤᠨ ᠤ ᠦᠢᠯᠡᠳᠬᠡᠯ ᠤᠨ ᠲᠤᠷᠰᠢᠯᠲᠠ ᠶᠢᠨ ᠲᠥᠪ ᠲᠤ ᠪᠠᠰᠠ ᠬᠦᠮᠦᠨ ᠦᠭᠡᠢ ᠵᠢᠵᠢᠭᠯᠡᠨ ᠬᠤᠳᠠᠯᠳᠤᠬᠤ ᠮᠠᠰᠢᠨ ᠲᠡᠷᠭᠡ᠂ ᠠᠦ᠋ᠲ᠋ᠣ᠋ ᠪᠠᠷᠠᠭ᠎ᠠ ᠬᠤᠳᠠᠯᠳᠤᠬᠤ ᠮᠠᠰᠢᠨ᠂ ᠬᠥᠮᠥᠨ ᠦᠭᠡᠢ ᠵᠣᠭᠤᠰ ᠬᠤᠷᠢᠶᠠᠬᠤ ᠮᠠᠰᠢᠨ᠂ ᠠᠵᠠ ᠶᠢᠨ ᠬᠠᠶᠢᠷᠴᠠᠭ ᠬᠤᠳᠠᠯᠳᠤᠬᠤ ᠮᠠᠰᠢᠨ ᠵᠢᠴᠢ ᠪᠦᠬᠦ ᠳᠡᠯᠡᠬᠡᠢ ᠶᠢᠨ ᠠᠩᠬᠠᠳᠠᠭᠴᠢ ᠠᠵᠤ ᠦᠢᠯᠡᠳᠪᠦᠷᠢ ᠶᠢᠨ ᠵᠢᠭᠤᠯᠴᠢᠯᠠᠯ ᠤᠨ ᠰᠢᠨ᠎ᠡ ᠶᠢ ᠡᠭᠦᠳᠬᠦ ᠬᠡᠯᠪᠡᠷᠢ ᠶᠢᠨ 5D ᠺᠢᠨᠣ᠋ ᠶᠢᠨ ᠣᠷᠳᠣᠨ ᠵᠡᠷᠭᠡ ᠲᠥᠬᠦᠭᠡᠷᠦᠮᠵᠢ ᠪᠤᠢ᠃ ᠣᠳᠣᠬᠠᠨ ᠪᠣᠯᠲᠠᠯ᠎ᠠ᠂ ᠢ ᠯᠢ ᠪᠦᠯᠦᠭᠯᠡᠯ ᠤᠨ ᠶᠡᠷᠦᠩᠬᠡᠢ ᠬᠡᠯᠲᠡᠰ ᠪᠣᠯᠣᠨ ᠪᠦᠬᠦ ᠤᠯᠤᠰ ᠤᠨ ᠡᠯ᠎ᠡ ᠭᠠᠵᠠᠷ ᠤᠨ 40 ᠭᠠᠷᠤᠢ ᠦᠢᠯᠡᠳᠪᠦᠷᠢᠯᠡᠯ ᠤᠨ ᠰᠠᠭᠤᠷᠢᠨ ᠭᠠᠵᠠᠷ ᠢᠶᠠᠷ ᠳᠠᠮᠵᠢᠨ ᠥᠷᠨᠢᠭᠦᠯᠦᠭᠰᠡᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠲᠦᠷᠦᠯ ᠵᠦᠢᠯ ᠵᠢᠭᠤᠯᠴᠢᠯᠠᠭᠴᠢᠳ ᠢ ᠨᠡᠶᠢᠳᠡ ᠳᠠᠪᠬᠤᠷᠳᠠᠭᠰᠠᠨ ᠬᠦᠮᠦᠨ ᠤ ᠲᠤᠭ᠎ᠠ ᠪᠠᠷ 2.67 ᠳ᠋ᠦᠩᠰᠢᠭᠤᠷ ᠤᠳᠠᠭ᠎ᠠ ᠭᠥᠯᠢᠶᠡᠨ ᠠᠪᠤᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号