2023 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠠᠶᠢᠳᠠᠯ
ᠨᠡᠶᠢᠲᠡᠯᠡᠭᠰᠡᠨ ᠴᠠᠭ᠄
2023/1/31
     2023 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠮᠠᠷᠠᠯᠲᠠ ᠶᠢᠨ ᠡᠳᠦᠷ ᠤᠨ ᠵᠠᠬ᠎ᠠ ᠳᠡᠯᠭᠡᠭᠦᠷ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠰᠣᠶᠣᠯ ᠪᠠ ᠵᠢᠭᠤᠯᠴᠢᠯᠠᠯ ᠤᠨ ᠶᠠᠮᠤᠨ ᠤ ᠲᠤᠭ᠎ᠠ ᠪᠠᠷᠢᠮᠲᠠ ᠶᠢᠨ ᠲᠥᠪ ᠤᠨ ᠵᠢᠱᠢᠯᠲᠡ ᠪᠠᠷ᠂ ᠡᠨᠡ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠬᠦ ᠤᠯᠤᠰ ᠤᠨ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠲᠤᠭ᠎ᠠ 3.08 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.1% ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ 88.6% ᠬᠦᠷᠲᠡᠯ᠎ᠡ ᠰᠡᠷᠭᠦᠵᠡᠢ︔ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 3758.43 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ 73.1% ᠪᠣᠯᠲᠠᠯ᠎ᠠ ᠰᠡᠷᠭᠦᠪᠡ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠬᠦ ᠤᠯᠤᠰ ᠤᠨ ᠰᠣᠶᠣᠯ ᠪᠠ  ᠵᠢᠭᠤᠯᠴᠢᠯᠠᠯ ᠤᠨ ᠵᠠᠬ᠎ᠠ ᠳᠡᠯᠭᠡᠭᠦᠷ ᠶᠡᠷᠦᠩᠬᠡᠢ ᠳᠤ ᠪᠠᠨ ᠠᠮᠤᠷ ᠲᠦᠪᠰᠢᠨ ᠲᠣᠭᠲᠠᠭᠤᠨ ᠡᠮᠬᠢ ᠳᠢᠭᠯᠢᠮ ᠲᠠᠢ᠃      ᠨᠢᠭᠡ᠂ ᠰᠣᠶᠣᠯ ᠤᠨ ᠪᠠ ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠡᠯᠪᠡᠭ ᠳᠡᠯᠪᠡᠭ      ᠠᠶᠤᠯ ᠦᠭᠡᠢ ᠦᠢᠯᠡᠳᠪᠦᠷᠢᠯᠡᠯ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ᠂ 10739 A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠬᠡᠪ ᠤᠨ ᠶᠣᠰᠣᠭᠠᠷ ᠨᠡᠭᠡᠭᠡᠭᠳᠡᠵᠦ᠂ ᠪᠦᠬᠦ ᠤᠯᠤᠰ ᠤᠨ A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠡᠷᠦᠩᠬᠡᠢ ᠲᠣᠭᠠᠨ ᠤ 73.5% ᠢ ᠡᠵᠡᠯᠡᠪᠡ᠃ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠬᠠᠮᠲᠤᠷᠠᠨ ︽ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠣᠳᠣᠨ ᠱᠤᠭᠤᠮ︾ ᠢ ᠨᠡᠶᠢᠲᠡᠯᠡᠵᠦ᠂ ᠴᠠᠭᠠᠨ ᠰᠠᠷ᠎ᠠ ᠶᠢᠨ ᠵᠢᠭᠤᠯᠴᠢᠯᠠᠯ ᠰᠡᠯᠡᠭᠦᠴᠡᠯ ᠢ ᠳᠡᠯᠭᠡᠷᠡᠭᠦᠯᠬᠦ ᠠᠵᠢᠯᠯᠠᠭ᠎ᠠ ᠥᠷᠨᠢᠭᠦᠯᠪᠡ᠃ ᠪᠡᠭᠡᠵᠢᠩ᠂ ᠲᠢᠶᠠᠨᠵᠢᠨ᠂ ᠾᠧᠪᠸᠢ ᠬᠠᠮᠲᠤᠷᠠᠨ ᠪᠡᠭᠡᠵᠢᠩ ᠲᠢᠶᠠᠨᠵᠢᠨ  ᠾᠧᠪᠸᠢ ᠶᠢᠨ ᠭᠤᠣᠯ ᠰᠡᠳᠦᠪᠲᠦ ᠵᠢᠭᠤᠯᠴᠢᠯᠠᠯ ᠤᠨ 10 ᠰᠣᠳᠣᠨ ᠱᠤᠭᠤᠮ ᠢ ᠭᠠᠷᠭᠠᠵᠤ᠂ ᠪᠡᠭᠡᠵᠢᠩ ᠲᠢᠶᠠᠨᠵᠢᠨ ᠾᠧᠪᠸᠢ ᠶᠢᠨ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠢ ᠡᠷᠬᠢᠯᠡᠪᠡ᠃ ᠲᠣᠭᠯᠠᠯᠲᠠ᠂ ᠦᠵᠡᠰᠬᠦᠯᠡᠩ᠂ ᠳ᠋ᠧᠩᠯᠦ ᠶᠢᠨ ᠴᠤᠭᠯᠠᠭᠠᠨ᠂ ᠬᠥᠳᠡᠭᠡ ᠲᠣᠰᠬᠤᠨ ᠤ ︽ᠲᠣᠰᠬᠤᠨ ᠤ ᠦᠳᠡᠰᠢᠯᠡᠭᠡ︾ ᠵᠡᠷᠭᠡ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠪᠠ᠃ ︽ᠤᠳᠬ᠎ᠠ ᠤᠷᠠᠯᠢᠭ ᠤᠨ ᠳᠤᠮᠳᠠᠳᠤ ᠤᠯᠤᠰ 2023 ᠣᠨ ᠤ ᠴᠠᠭᠠᠨ ᠰᠠᠷ᠎ᠠ ᠶᠢᠨ ᠣᠨᠴᠠᠭᠠᠶ ᠫᠷᠣᠭ᠍ᠷᠠᠮ︾ ᠢ 87 ᠲᠠᠪᠴᠠᠩ ᠤᠨ 160 ᠳ᠋ᠤᠭᠠᠷ ᠢᠶᠠᠷ ᠰᠢᠭᠤᠳ ᠨᠡᠪᠲᠡᠷᠡᠭᠦᠯᠵᠦ᠂ ᠦᠵᠡᠭᠴᠢᠳ ᠤᠨ ᠲᠤᠭ᠎ᠠ ᠨᠡᠶᠢᠲᠡ 2715.41 ᠲᠦᠮᠡᠨ ᠬᠥᠮᠥᠨ ᠤᠳᠠᠭ᠎ᠠ ᠳᠤ ᠬᠦᠷᠪᠡ᠃ ᠪᠦᠬᠦ ᠤᠯᠤᠰ ᠲᠤ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠨᠡᠶᠢᠳᠡ ᠪᠠᠷᠤᠭ 11 ᠲᠦᠮᠡᠨ ᠲᠠᠯᠠᠪᠤᠷ ᠡᠷᠬᠢᠯᠡᠵᠦ᠂ ᠣᠷᠣᠯᠴᠠᠭᠰᠠᠨ ᠬᠥᠮᠥᠨ ᠤ ᠲᠤᠭ᠎ᠠ ᠪᠠᠷᠤᠭ 4.73 ᠳ᠋ᠦᠩᠰᠢᠭᠤᠷ ᠬᠥᠮᠥᠨ ᠤᠳᠠᠭ᠎ᠠ ᠳᠤ  ᠬᠦᠷᠪᠡ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠪᠦᠬᠦ ᠤᠯᠤᠰ ᠤᠨ ᠡᠵᠡᠩᠨᠡᠯᠲᠡ ᠶᠢᠨ ᠴᠢᠨᠠᠷᠲᠠᠢ ᠲᠣᠭᠯᠠᠯᠲᠠ 9400 ᠭᠠᠷᠤᠢ ᠲᠠᠯᠠᠪᠠᠢ ᠲᠤᠭᠯᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 40.92% ᠢᠶᠠᠷ ᠨᠡᠮᠡᠭᠳᠡᠵᠦ᠂ 2019 ᠣᠨ ᠤ ᠬᠢ ᠠᠴᠠ 22.5% ᠢᠶᠠᠷ ᠨᠡᠮᠡᠭᠳᠡᠵᠦ᠂ ᠪᠢᠯᠧᠲ ᠤᠨ ᠣᠷᠣᠯᠭ᠎ᠠ 3.78 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠯᠠᠯᠲᠠ ᠦᠵᠡᠭᠰᠡᠨ ᠬᠥᠮᠥᠨ ᠤ ᠲᠤᠭ᠎ᠠ ᠪᠠᠷᠤᠭ 323.8 ᠲᠦᠮᠡᠨ ᠬᠥᠮᠥᠨ ᠤᠳᠠᠭ᠎ᠠ ᠳᠤ ᠬᠦᠷᠪᠡ᠃ ᠡᠯ᠎ᠡ ᠭᠠᠵᠠᠷ ᠤᠨ ᠬᠢᠨ ᠪᠤᠳᠠᠰ ᠤᠨ ᠪᠤᠰᠤ ᠰᠣᠶᠣᠯ ᠤᠨ ᠦᠪ ᠢ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠶᠢᠨ ᠠᠵᠢᠯᠯᠠᠭ᠎ᠠ ᠶᠢ 10522 ᠤᠳᠠᠭ᠎ᠠ ᠥᠷᠨᠢᠭᠦᠯᠵᠦ᠂ ︽ᠰᠣᠶᠣᠯ ᠢ ᠲᠦᠮᠡᠨ ᠡᠷᠦᠬᠡ ᠳᠤ ᠬᠦᠷᠭᠡᠬᠦ ︱ ᠸᠢᠳᠢᠤ᠋ ᠪᠠᠷ ᠨᠤᠲᠤᠭ ᠤᠨ ᠢᠶᠠᠨ ᠴᠠᠭᠠᠨ ᠰᠠᠷ᠎ᠠ ᠶᠢ ᠰᠢᠭᠤᠳ ᠨᠡᠪᠲᠡᠷᠡᠭᠦᠯᠬᠦ︾ ᠠᠵᠢᠯᠯᠠᠭ᠎ᠠ ᠳᠤ ᠣᠷᠣᠯᠴᠠᠭᠰᠠᠨ ᠸᠢᠳᠢᠤ᠋ ᠶᠢᠨ ᠶᠡᠷᠦᠩᠬᠡᠢ ᠬᠡᠮᠵᠢᠶ᠎ᠡ 6.5 ᠲᠦᠮᠡ ᠶᠢ ᠳᠠᠪᠠᠵᠤ᠂ ᠰᠢᠭᠤᠳ ᠨᠡᠪᠲᠡᠷᠡᠭᠦᠯᠭᠡ ᠶᠢᠨ ᠲᠤᠭ᠎ᠠ 580 ᠤᠳᠠᠭ᠎ᠠ ᠶᠢ ᠳᠠᠪᠠᠵᠠᠢ᠃      ᠬᠤᠶᠠᠷ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠠᠷ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠠᠶᠢᠵᠢᠷᠠᠯᠲᠠ ᠶᠢ ᠠᠬᠢᠭᠤᠯᠪᠠ      ᠡᠯ᠎ᠡ ᠭᠠᠵᠠᠷ ᠤᠨ ᠬᠢᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠬᠠᠰᠤᠵᠤ ᠬᠡᠯᠲᠦᠷᠢᠭᠦᠯᠬᠦ ᠪᠤᠶᠤ ᠬᠢᠮᠳᠠᠷᠠᠭᠤᠯᠬᠤ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠪᠡ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ ᠴᠠᠭᠠᠨ ᠰᠠᠷ᠎ᠠ ᠶᠢᠨ ᠬᠤᠭᠤᠴᠠᠭᠠᠨ ᠳᠤ 1281 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠪᠥᠬᠦ ᠤᠯᠤᠰ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠥᠬᠦ ᠲᠣᠭᠠᠨ ᠤ 9% ᠶᠢ ᠡᠵᠡᠯᠡᠵᠦ ᠪᠠᠶᠢᠨ᠎ᠠ᠂ ᠡᠭᠦᠨ ᠳᠤ 5A ᠲᠠᠰ ᠤᠨ ᠵᠢᠭᠤᠯᠴᠢᠯᠠᠯ ᠤᠨ 62 ᠦᠵᠡᠮᠵᠢ ᠶᠢᠨ ᠣᠷᠣᠨ ᠳᠤ ᠪᠢᠯᠧᠲ ᠠᠪᠬᠤ ᠦᠭᠡᠢ ᠪᠠᠶᠢᠬᠤ ᠶᠢ ᠬᠡᠷᠡᠭᠵᠢᠭᠦᠯᠦᠨ᠎ᠡ      ᠭᠤᠷᠪᠠ᠂ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠶᠢᠨ ᠴᠠᠭᠠᠨ ᠰᠠᠷ᠎ᠠ ᠶᠢ ᠤᠭᠲᠤᠬᠤ ᠠᠭᠤᠷ ᠠᠮᠢᠰᠬᠤᠯ ᠥᠳᠬᠡᠨ ᠵᠤᠵᠠᠭᠠᠨ ᠪᠠᠶᠢᠨ᠎ᠠ      ᠡᠯ᠎ᠡ ᠭᠠᠵᠠᠷ ᠤᠨ ᠬᠢᠨ ᠡᠯᠪᠡᠭ ᠪᠠᠶᠠᠯᠢᠭ ᠣᠯᠠᠨ ᠶᠠᠩᠵᠤ ᠶᠢᠨ ᠰᠣᠶᠣᠯ ᠪᠠ ᠵᠢᠭᠤᠯᠴᠢᠯᠠᠯ ᠤᠨ ᠠᠵᠢᠯᠯᠠᠭ᠎ᠠ ᠡᠷᠭᠢᠯᠡᠵᠦ᠂ ᠲᠤᠬᠠᠢ ᠶᠢᠨ ᠭᠠᠵᠠᠷ ᠤᠨ ᠠᠷᠠᠳ ᠣᠯᠠᠨ ᠪᠠ ᠵᠢᠭᠤᠯᠴᠢᠯᠠᠭᠴᠢᠳ ᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠱᠠᠩᠬᠠᠢ ᠬᠤᠲᠠ ᠶᠢᠨ ᠬᠢᠨ ︽ᠪᠠᠶᠠᠷ  ᠪᠠᠶᠠᠰᠬᠤᠯᠠᠩᠲᠠᠢ ᠪᠠᠷ ᠴᠠᠭᠠᠨ ᠰᠠᠷ᠎ᠠ ᠶᠢ ᠦᠩᠭᠡᠷᠡᠭᠡᠵᠦ    ᠰᠠᠨᠠᠭᠰᠠᠨ ᠪᠦᠬᠦᠨ ᠴᠢᠨᠢ ᠰᠠᠨᠠᠭᠠᠴᠢᠯᠠᠨ ᠪᠦᠲᠦᠬᠦ ᠪᠤᠯᠲᠤᠭᠠᠢ︾ ᠪᠠᠷ ᠭᠤᠣᠯ ᠰᠡᠳᠦᠪ ᠪᠣᠯᠭᠠᠵᠤ᠂ ︽ᠴᠠᠭᠠᠨ ᠰᠠᠷ᠎ᠠ  ᠶᠢᠨ ᠦᠨᠦᠷ ᠠᠮᠲᠠ︾ ᠬᠡᠮᠡᠬᠦ ᠡᠯᠪᠡᠭ ᠳᠡᠯᠪᠡᠭ ᠦᠪᠡᠳᠡᠭᠰᠢ ᠨᠠᠶᠢᠷ ᠢ ᠭᠠᠷᠭᠠᠪᠠ᠂ ᠡᠭᠦᠨ ᠳᠤ ᠲᠠᠪᠤᠨ ᠵᠠᠭᠤᠨ ᠵᠦᠢᠯ ᠤᠨ ᠴᠠᠭᠠᠨ ᠰᠠᠷ᠎ᠠ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠪᠠᠭᠲᠠᠭᠠᠵᠤ ᠪᠠᠶᠢᠨ᠎ᠠ᠃ ᠱᠠᠨ ᠰᠢ ᠶᠢᠨ 11 ᠬᠤᠳᠠ ᠶᠢᠨ ᠬᠢᠨ ᠲᠤᠯᠤᠭᠠᠨ ᠶᠡᠭᠡ ᠲᠦᠷᠦᠯ ᠤᠨ 650 ᠭᠠᠷᠤᠢ ᠲᠦᠷᠦᠯ ᠤᠨ ᠠᠵᠢᠯᠯᠠᠭ᠎ᠠ ᠶᠢ ᠥᠷᠨᠢᠭᠦᠯᠵᠦ᠂ ᠬᠦᠴᠦ ᠪᠠᠨ ᠬᠠᠮᠲᠤᠳᠬᠠᠨ ︽ᠪᠠᠶᠠᠰᠬᠤᠯᠠᠩᠲᠤ ᠳᠤᠮᠳᠠᠳᠤ ᠤᠯᠤᠰ ᠤᠨ ᠴᠠᠭᠠᠨ ᠰᠠᠷ᠎ᠠ᠂ ᠱᠠᠨ ᠰᠢ ᠶᠢᠨ ᠦᠨᠦᠷ ᠠᠮᠲᠠ︾ ᠭᠡᠬᠦ ᠲᠦᠷᠦᠯ ᠲᠡᠮᠳᠡᠭ ᠨᠢ ᠠᠩᠬ᠎ᠠ ᠠᠮᠵᠢᠯᠲᠠ ᠣᠯᠪᠠ᠃ ᠬᠠᠶᠢᠨᠠᠨ ᠤ ᠰᠠᠨᠶᠠ ᠵᠤᠭᠠᠴᠠᠯ ᠤᠨ ᠣᠩᠭᠤᠴᠠ ᠶᠢᠨ ᠵᠢᠭᠤᠯᠴᠢᠯᠠᠯ᠂ ᠤᠰᠤᠨ ᠳᠡᠭᠡᠷᠡᠬᠢ ᠵᠢᠭᠤᠯᠴᠢᠯᠠᠯ᠂ ᠳᠣᠣᠷ᠎ᠠ ᠣᠭᠲᠠᠷᠭᠤᠢ ᠶᠢᠨ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠣᠨᠴᠠᠯᠢᠭᠲᠤ ᠵᠢᠭᠤᠯᠴᠢᠯᠠᠯ ᠤᠨ ᠪᠦᠲᠦᠭᠡᠭᠳᠡᠬᠦᠨ ᠪᠣᠯᠣᠨ ᠵᠢᠭᠤᠯᠴᠢᠯᠠᠯ ᠤᠨ ᠱᠤᠭᠤᠮ ᠢ ᠭᠠᠷᠭᠠᠵᠤ᠂ ᠴᠠᠭᠠᠨ ᠰᠠᠷ᠎ᠠ ᠶᠢᠨ ᠴᠤᠭᠯᠠᠭ᠎ᠠ ᠮᠠᠶᠢᠮᠠᠢ᠂ ᠤᠯᠤᠰ ᠤᠨ ᠲᠦᠯᠬᠢᠭᠡᠨ ᠤ ᠬᠦᠷᠢᠶᠡᠯᠡᠩ ᠤᠨ ᠵᠢᠭᠤᠯᠴᠢᠯᠠᠯ ᠤᠨ ᠴᠤᠭᠯᠠᠭᠠᠨ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠠᠷᠠᠮᠥ᠋ᠷᠡᠨ ᠤ ᠬᠢᠨ ︽ᠦᠵᠡᠰᠭᠦᠯᠡᠩᠲᠦ ᠰᠠᠶᠢᠬᠠᠨ ᠮᠥᠰᠥ ᠴᠠᠰᠤᠨ ᠤ ᠤᠯᠠᠷᠢᠯ᠂ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ︾ ᠪᠠᠷ ᠭᠤᠣᠯ ᠰᠡᠳᠦᠪ ᠪᠣᠯᠭᠠᠵᠤ᠂ ︽ᠬᠤᠶᠠᠳᠤᠭᠠᠷ ᠬᠤᠭᠤᠴᠠᠭᠠᠨ ᠤ ᠬᠠᠷᠠᠮᠥ᠋ᠷᠡᠨ ᠤ ᠮᠥᠰᠥ ᠴᠠᠰᠤᠨ ᠤ ᠪᠣᠳᠠᠰ ᠤᠨ ᠪᠤᠰᠤ ᠰᠣᠶᠣᠯ ᠤᠨ ᠥᠪ ᠤᠨ ᠭᠠᠷᠠᠭ︾ ᠢ ᠡᠷᠭᠢᠯᠡᠵᠦ᠂ ︽ᠵᠠᠭᠤᠨ ᠬᠥᠮᠥᠨ ᠵᠠᠭᠤᠨ ᠮᠧᠲᠷ ᠵᠠᠭᠤᠨ ᠵᠢᠷᠤᠭ ᠤᠨ ᠴᠠᠭᠠᠰᠤᠨ ᠬᠠᠶᠢᠴᠢᠯᠠᠮᠠᠯ ᠤᠨ ᠦᠵᠡᠰᠭᠦᠯᠡᠩ︾᠂ ︽ᠪᠣᠳᠠᠰ ᠤᠨ ᠪᠤᠰᠤ ᠰᠣᠶᠣᠯ ᠤᠨ ᠥᠪ ᠤᠨ ᠬᠠᠪᠤᠷ ᠢ ᠤᠭᠲᠤᠬᠤ ᠳ᠋ᠧᠩ ᠤᠨ ᠬᠡᠷᠡᠯ ᠤᠨ ᠦᠵᠡᠭᠦᠯᠭᠡ︾ ᠵᠡᠷᠭᠡ ᠠᠵᠢᠯᠯᠠᠭ᠎ᠠ ᠶᠢ ᠥᠷᠨᠢᠭᠦᠯᠪᠡ᠃      ᠳᠥᠷᠪᠡ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠨᠢ ᠵᠠᠬ᠎ᠠ ᠳᠡᠯᠭᠡᠭᠦᠷ ᠤᠨ ᠬᠢᠯᠠᠰ ᠴᠡᠭ ᠪᠣᠯᠪᠠ      ᠣᠯᠠᠨ ᠭᠠᠵᠠᠷ ᠤᠨ ᠬᠢᠨ ︽ᠰᠥᠨᠢ ᠶᠢᠨ ᠬᠤᠲᠠ︾ ᠶᠢᠨ ᠣᠨᠴᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠰᠥᠨᠢ ᠶᠢᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠪᠡ᠃ ᠲᠤᠭ᠎ᠠ ᠪᠠᠷᠢᠮᠲᠠ ᠶᠢᠨ ᠬᠢᠨᠠᠨ ᠬᠡᠮᠵᠢᠯᠲᠡ ᠶᠢ ᠦᠨᠳᠦᠰᠦᠯᠡᠪᠡᠯ᠂ 243 ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠵᠢᠭᠤᠯᠴᠢᠯᠠᠭᠴᠢᠳ ᠤᠨ ᠲᠤᠭ᠎ᠠ 5212.2 ᠲᠦᠮᠡᠨ ᠬᠥᠮᠥᠨ ᠤᠳᠠᠭ᠎ᠠ ᠳᠤ ᠬᠦᠷᠴᠦ᠂ ᠲᠥᠪᠯᠡᠷᠡᠭᠰᠡᠨ ᠣᠷᠣᠨ ᠨᠢᠭᠡᠪᠦᠷᠢ ᠳᠤᠮᠳᠠᠴᠢ ᠪᠠᠷ ᠰᠥᠨᠢ ᠪᠦᠷᠢ 3.06 ᠲᠦᠮᠡᠨ ᠬᠥᠮᠥᠨ ᠤᠳᠠᠭ᠎ᠠ ᠳᠤ ᠬᠦᠷᠴᠡᠢ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号