ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ 2022 ᠣᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠢᠢᠳᠭᠡᠯ ᠤᠨ ︽ᠠᠷᠪᠠᠨ ᠰᠠᠶᠢᠨ ᠬᠡᠷᠡᠭ ᠤᠨ ᠡᠪᠬᠡᠮᠡᠯ︾ ᠢ ᠨᠡᠶᠢᠲᠡᠯᠡᠭᠰᠡᠨ ᠪᠥᠭᠡᠳ ᠬᠤᠯᠪᠣᠭᠳᠠᠯ ᠪᠦᠬᠦᠢ ᠬᠡᠷᠡᠭ ᠢ ᠰᠢᠢᠳᠪᠦᠷᠢᠯᠡᠭᠰᠡᠨ ᠨᠢᠭᠡᠴᠢ ᠶᠢ ᠰᠠᠶᠢᠰᠢᠶᠠᠨ ᠬᠥᠬᠢᠭᠦᠯᠪᠡ
ᠨᠡᠶᠢᠲᠡᠯᠡᠭᠰᠡᠨ ᠴᠠᠭ᠄
2023/1/8
     ᠣᠶᠢᠷ᠎ᠠ ᠶᠢᠨ ᠵᠢᠯ ᠳᠤ᠂ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ  ᠤ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠶᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠪᠠᠶᠢᠭᠤᠯᠵᠤ᠂ ᠨᠢᠭᠡ ᠪᠦᠯᠦᠭ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠢ ᠱᠠᠯᠠᠪᠳᠠᠭᠤᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠢᠷᠦᠮᠵᠢᠯᠲᠡ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ 2022 ᠣᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ  ᠰᠢᠢᠳᠭᠡᠯ ᠤᠨ ︽ᠠᠷᠪᠠᠨ ᠰᠠᠶᠢᠨ ᠬᠡᠷᠡᠭ ᠤᠨ ᠡᠪᠬᠡᠮᠡᠯ︾᠂ ︽ᠰᠢᠯᠢᠳᠡᠭ ᠬᠡᠷᠡᠭ ᠤᠨ ᠡᠪᠬᠡᠮᠡᠯ︾ ᠪᠠ ︽ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠢ︾ ᠶᠢ ᠨᠡᠶᠢᠲᠡᠯᠡᠪᠡ᠃      ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠬᠠᠮᠲᠤ ᠳᠤ ᠨᠢ ᠪᠠᠰᠠ 20 ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠢᠢᠳᠭᠡᠯ ᠤᠨ ︽ᠰᠢᠯᠢᠳᠡᠭ ᠬᠡᠷᠡᠭ ᠤᠨ ᠡᠪᠬᠡᠮᠡᠯ︾ ᠢ ᠨᠡᠶᠢᠲᠡᠯᠡᠪᠡ᠂ ᠡᠨᠡ ᠨᠢ ᠲᠣᠰ ᠲᠣᠰ ᠪᠡᠭᠡᠵᠢᠩ᠂ ᠱᠠᠨ ᠰᠢ᠂ ᠯᠢᠶᠣᠤᠨᠢᠩ᠂ ᠭᠢᠷᠢᠨ᠂ ᠵᠢᠶᠠᠩᠰᠤ᠂ ᠵᠧᠵᠢᠶᠠᠩ᠂ ᠠᠨᠾᠦ᠋ᠢ᠂ ᠹᠦᠵᠢᠶᠠᠨ᠂ ᠱᠠᠨᠳᠦ᠋ᠩ᠂ ᠾᠧᠨᠠᠨ᠂ ᠬᠤᠪᠧᠢ᠂ ᠬᠤᠨᠠᠨ᠂ ᠭᠤᠸᠠᠩᠳᠦ᠋ᠩ᠂ ᠬᠠᠶᠢᠨᠠᠨ᠂ ᠴᠦᠩᠴᠢᠩ᠂ ᠭᠦᠢᠵᠧᠦ᠂ ᠱᠠᠨᠰᠢ᠂ ᠭᠠᠨᠰᠤ᠂ ᠨᠢᠩᠰᠢᠶᠠ᠂ ᠰᠢᠨᠵᠢᠶᠠᠩ ᠵᠡᠷᠭᠡ ᠮᠤᠵᠢ ᠣᠷᠣᠨ ᠪᠤᠯᠤᠨ᠎ᠠ᠃ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠪᠠᠰᠠ ᠵᠢᠶᠠᠩᠰᠤ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠵᠧᠵᠢᠶᠠᠩ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠹᠦᠵᠢᠶᠠᠨ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠱᠠᠨᠳᠦ᠋ᠩ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ᠂ ᠾᠧᠨᠠᠨ ᠮᠤᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠵᠡᠷᠭᠡ 5 ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠵᠤ ︽ᠰᠢᠯᠢᠳᠡᠭ ᠵᠣᠬᠢᠶᠠᠨ ᠪᠠᠶᠢᠭᠤᠯᠤᠭᠰᠠᠨ ᠨᠢᠭᠡᠴᠢ︾ ᠶᠢ ᠬᠠᠮᠲᠤ ᠳᠤ ᠨᠢ ᠵᠠᠷᠯᠠᠨ ᠬᠦᠬᠢᠭᠦᠯᠪᠡ᠃      ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠠᠴᠠ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠤᠯᠢ ᠠᠴᠠ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠦᠷᠢᠶᠡᠨ ᠳᠤ ᠬᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠵᠢᠷᠤᠮ ᠢ ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠦᠨᠡᠨ ᠬᠦ ᠲᠦᠯᠬᠢᠨ ᠠᠬᠢᠭᠤᠯᠵᠤ᠂ ᠲᠡᠦᠬᠡ ᠶᠢᠨ ᠳᠤᠷᠠᠰᠬᠠᠯᠲᠤ  ᠵᠦᠢᠯᠡᠰ ᠤᠨ ᠠᠮᠤᠷ ᠲᠦᠪᠰᠢᠨ ᠢ ᠦᠨᠡᠨ ᠬᠦ ᠪᠠᠲᠤᠯᠠᠪᠠ᠃      ᠣᠶᠢᠷ᠎ᠠ ᠶᠢᠨ ᠵᠢᠯ ᠳᠤ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠨᠢᠭᠡᠨᠲᠡ ᠶᠢᠰᠦᠨ ᠬᠤᠭᠤᠴᠠᠭᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯᠯᠠᠭ᠎ᠠ ᠶᠢ ᠵᠠᠯᠭᠠᠭ᠎ᠠ ᠪᠠᠷ ᠡᠷᠬᠢᠯᠡᠵᠦ᠂ ᠱᠠᠩᠨᠠᠯ ᠣᠯᠣᠭᠰᠠᠨ ᠬᠡᠷᠡᠭ ᠤᠨ ᠡᠪᠬᠡᠮᠡᠯ ᠢ ᠵᠠᠬᠢᠳᠠᠯ ᠢᠶᠠᠷ ᠬᠥᠬᠢᠭᠦᠯᠦᠨ ᠰᠠᠶᠢᠰᠢᠶᠠᠬᠤ᠂ ᠤᠬᠠᠭᠤᠯᠤᠨ ᠲᠠᠨᠢᠯᠴᠠᠭᠤᠯᠬᠤ᠂ ᠢᠯᠡ ᠪᠠᠷ ᠨᠡᠶᠢᠲᠡᠯᠡᠬᠦ ᠵᠡᠷᠭᠡ ᠪᠠᠷ ᠳᠠᠮᠵᠢᠭᠤᠯᠤᠨ᠂ ᠡᠯ᠎ᠡ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠳᠤ ᠢᠳᠡᠪᠬᠢᠲᠡᠢ ᠲᠤᠰᠬᠠᠯ ᠭᠠᠷᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠮᠠᠰᠢ ᠰᠠᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠦᠷ᠎ᠡ ᠪᠦᠲᠦᠮᠵᠢ ᠭᠠᠷᠭᠠᠵᠤ᠂ ᠪᠥᠬᠦ ᠨᠡᠶᠢᠭᠡᠮ ᠢᠶᠠᠷ ᠢᠶᠠᠨ ᠬᠦᠴᠦ ᠪᠠᠨ ᠬᠠᠮᠲᠤᠳᠬᠠᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号