ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 2023 ᠣᠨ ᠤ 28 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠪᠠ
ᠨᠡᠶᠢᠲᠡᠯᠡᠭᠰᠡᠨ ᠴᠠᠭ᠄
2023/10/10
     10 ᠳ᠋ᠤᠭᠠᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ 2023 ᠣᠨ ᠤ 28 ᠳ᠋ᠤᠭᠠᠷ ᠣᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ   ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠪᠠ ᠪᠥᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠳᠠᠮᠵᠢᠭᠤᠯᠤᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠵᠠᠢ᠃      ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠭᠠᠷᠭᠠᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠴᠢᠬᠤᠯᠠ ᠪᠠᠶᠢᠷᠢ ᠰᠠᠭᠤᠷᠢ ᠦᠢᠯᠡᠳᠦᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠣᠯᠣᠭᠰᠠᠨ ᠴᠢᠬᠤᠯᠠ ᠶᠡᠭᠡ ᠠᠮᠵᠢᠯᠲᠠ ᠶᠢ ᠭᠦᠢᠴᠡᠳ ᠨᠤᠲᠠᠯᠠᠵᠤ᠂ ᠰᠢᠨ᠎ᠡ ᠰᠣᠶᠣᠯ ᠤᠨ ᠡᠭᠦᠷᠭᠡ ᠶᠢ ᠡᠭᠦᠷᠭᠡᠯᠡᠬᠦ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠵᠢᠭᠠᠵᠤ ᠥᠭᠴᠡᠢ᠃ ᠪᠦᠬᠦ ᠣᠷᠣᠨ ᠤ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠣᠶᠣᠯ  ᠤᠨ ᠦᠵᠡᠯ ᠰᠠᠨᠠᠭ᠎ᠠ ᠪᠣᠯᠣᠨ ᠰᠢ ᠶᠢᠨ ᠫᠢᠩ  ᠶᠡᠷᠦᠩᠬᠡᠢ ᠱᠦᠵᠢ  ᠶᠢᠨ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ  ᠶᠢ ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠰᠢᠵᠦ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠶᠢ ᠦᠨᠡᠨ ᠬᠦ ᠴᠢᠩᠭᠠᠳᠬᠠᠵᠤ᠂ ᠥᠪᠥᠷ ᠮᠣᠩᠭᠤᠯ  ᠤᠨ ᠪᠣᠳᠠᠲᠤ ᠪᠠᠶᠢᠳᠠᠯ ᠳᠤ ᠰᠠᠭᠤᠷᠢᠯᠠᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ  ᠤᠨ ᠠᠵᠢᠯ  ᠢ ᠰᠠᠶᠢᠲᠤᠷ ᠬᠢᠬᠦ ᠬᠡᠷᠡᠭᠲᠡᠢ  ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ᠂ ᠡᠨᠡ ᠤᠳᠠᠭᠠᠨ ᠤ ᠪᠦᠭᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯᠳᠤᠭᠠᠨ ᠤ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠠᠷᠤᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠵᠢᠩᠬᠢᠨᠢ ᠪᠠᠷ ᠳᠤᠷᠠᠳᠤᠨ ᠭᠠᠷᠭᠠᠭᠰᠠᠨ ᠶᠠᠪᠤᠳᠠᠯ ᠪᠣᠯᠣᠨ᠎ᠠ᠃ ᠰᠢ ᠶᠢᠨ ᠫᠢᠩ ᠤᠨ ᠰᠣᠶᠣᠯ  ᠤᠨ ᠦᠵᠡᠯ ᠰᠠᠨᠠᠭᠠᠨ ᠤ ᠠᠭᠤᠯᠤᠭᠳᠠᠬᠤᠨ ᠡᠯᠪᠡᠭ ᠪᠠᠶᠠᠯᠢᠭ᠂ ᠬᠠᠷᠠᠭᠠᠰᠤ ᠠᠤᠭ᠎ᠠ ᠶᠡᠭᠡ᠂ ᠡᠷᠲᠡᠨ ᠡᠳᠦᠭᠡ ᠳᠤ ᠨᠡᠪᠲᠡᠷᠡᠵᠦ᠂ ᠥᠭᠦᠯᠡᠯᠲᠡ ᠭᠦᠨᠵᠡᠭᠡᠢ ᠪᠠᠶᠢᠵᠤ᠂ ᠠᠭᠤᠤ ᠶᠡᠭᠡ ᠦᠨᠡᠨ ᠶᠣᠰᠣᠨ ᠤ ᠬᠦᠴᠦᠨ ᠪᠠ ᠦᠢᠯᠡᠳᠦᠯᠭᠡ ᠶᠢᠨ ᠬᠦᠴᠦᠨ ᠠᠭᠤᠯᠤᠭᠳᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠵᠠᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠳᠤᠷᠠᠳᠤᠨ ᠭᠠᠷᠭᠠᠭᠰᠠᠨ ᠨᠢ ᠮᠠᠨ ᠤ ᠨᠠᠮ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠳᠡᠭᠡᠳᠦ ᠬᠡᠮᠵᠢᠶᠡᠨ ᠳᠤ ᠬᠦᠷᠦᠭᠰᠡᠨ ᠢ ᠬᠠᠷᠠᠭᠤᠯᠵᠤ᠂ ᠮᠠᠨ ᠤ ᠨᠠᠮ ᠤᠨ ᠲᠡᠦᠬᠡ ᠶᠢᠨ ᠢᠲᠡᠭᠡᠯ᠂ ᠰᠣᠶᠣᠯ ᠤᠨ ᠢᠲᠡᠭᠡᠯ ᠰᠢᠨ᠎ᠡ ᠳᠡᠭᠡᠳᠦ ᠬᠡᠮᠵᠢᠶᠡᠨ ᠳᠤ ᠬᠦᠷᠦᠭᠰᠡᠨ ᠢ ᠬᠠᠷᠠᠭᠤᠯᠵᠤ᠂ ᠮᠠᠨ ᠤ ᠰᠣᠶᠣᠯ ᠪᠠ ᠵᠢᠭᠤᠯᠴᠢᠯᠠᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠤᠮᠵᠢ ᠬᠠᠩᠭᠠᠵᠤ᠂ ᠴᠢᠬᠤᠯᠠ ᠶᠡᠭᠡ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ  ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠡᠯ᠎ᠡ ᠱᠠᠲᠤᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠤᠬᠠᠮᠰᠠᠷ ᠠᠴᠠ ᠪᠠᠨ ᠰᠢ ᠶᠢᠨ ᠫᠢᠩ ᠤᠨ ᠰᠣᠶᠣᠯ  ᠤᠨ ᠦᠵᠡᠯ ᠰᠠᠨᠠᠭ᠎ᠠ ᠶᠢ ᠰᠣᠶᠣᠯ ᠪᠠ ᠵᠢᠭᠤᠯᠴᠢᠯᠠᠯ  ᠤᠨ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠰᠢ ᠶᠢᠨ ᠫᠢᠩ  ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠪᠣᠯᠣᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠲᠤᠰᠬᠠᠢ ᠰᠡᠳᠦᠪ ᠢᠶᠠᠷ ᠰᠤᠷᠤᠯᠴᠠᠵᠤ ᠰᠤᠳᠤᠯᠤᠨ ᠶᠠᠷᠢᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠨᠡᠪᠳᠡᠷᠡᠳᠡᠯ᠎ᠠ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠡᠵᠡᠮᠰᠢᠵᠦ᠂ ᠰᠤᠷᠤᠯᠴᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠯᠴᠠᠯᠭ᠎ᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠣᠶᠣᠯ ᠪᠣᠯᠣᠨ ᠵᠢᠭᠤᠯᠴᠢᠯᠠᠯ ᠤᠨ ᠰᠢᠰᠲ᠋ᠧᠮ ᠤᠨ ᠰᠤᠷᠤᠯᠴᠠᠯᠭ᠎ᠠ ᠶᠢ ᠪᠦᠷᠬᠦᠭᠦᠯᠬᠦ ᠬᠡᠷᠡᠭᠲᠡᠢ᠃ ᠬᠤᠶᠠᠷ ᠲᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠶᠡᠷᠦᠩᠬᠡᠢ ᠱᠦᠵᠢ ᠶᠢᠨ ᠰᠣᠶᠣᠯ ᠤᠨ ᠬᠥᠭᠵᠢᠯᠲᠡ ᠶᠢ ᠤᠯᠠᠮᠵᠢᠯᠠᠨ ᠵᠠᠯᠭᠠᠮᠵᠢᠯᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠠᠯᠢ ᠣᠯᠠᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠶᠣᠰᠣᠭᠠᠷ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠯᠲᠠ ᠶᠢᠨ ᠲᠣᠭᠤᠷᠢᠨ ᠳᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠰᠤᠳᠤᠯᠤᠨ ᠰᠦᠪᠡᠭᠴᠢᠯᠡᠵᠦ᠂ ᠡᠯ᠎ᠡ ᠵᠦᠢᠯ ᠤᠨ ᠠᠵᠢᠯ ᠢᠶᠠᠨ ᠰᠢᠨ᠎ᠡ ᠶᠢ ᠡᠭᠦᠳᠦᠨ ᠥᠷᠨᠢᠭᠦᠯᠵᠦ᠂ ᠶᠡᠷᠦᠩᠬᠡᠢ ᠱᠦᠵᠢ ᠶᠢᠨ ᠦᠵᠡᠯ ᠰᠠᠨᠠᠭ᠎ᠠ ᠶᠢ ᠦᠨᠡᠨ ᠬᠦ ᠦᠢᠯᠡᠳᠦᠯᠭᠡ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠣᠯᠣᠨ ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠣᠶᠣᠯ ᠪᠠ ᠵᠢᠭᠤᠯᠴᠢᠯᠠᠯ ᠤᠨ ᠤᠬᠠᠭᠤᠯᠭ᠎ᠠ ᠰᠣᠶᠣᠯ ᠤᠨ ᠦᠵᠡᠯ ᠰᠠᠨᠠᠭᠠᠨ ᠤ ᠭᠤᠣᠯ ᠪᠠᠬᠢᠯᠡᠯᠲᠡ ᠶᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ︽ᠤᠮᠠᠷᠠᠲᠤ ᠶᠢᠨ ᠰᠣᠶᠣᠯ︾ ᠤᠨ ᠨᠠᠷᠠᠲᠤ ᠲᠡᠮᠳᠡᠭᠲᠦ ᠶᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨ᠎ᠡ ᠪᠠᠷ ᠡᠭᠦᠳᠴᠦ᠂ ᠠᠷᠠᠳ ᠲᠦᠮᠡᠨ ᠲᠠᠢ ᠣᠶᠢᠷᠠᠲᠤᠭᠰᠠᠨ᠂ ᠣᠶᠤᠨ ᠰᠠᠨᠠᠭ᠎ᠠ ᠶᠢ ᠤᠮᠳᠠᠯᠠᠭᠰᠠᠨ᠂ ᠣᠯᠠᠨ ᠲᠦᠮᠡᠨ ᠤ ᠣᠶᠤᠨ ᠰᠠᠨᠠᠭᠠᠨ ᠤ ᠬᠦᠴᠦᠨ ᠢ ᠴᠢᠩᠭᠠᠷᠠᠭᠤᠯᠤᠭᠰᠠᠨ ᠨᠠᠩ ᠣᠯᠠᠨ ᠰᠢᠯᠢᠳᠡᠭ ᠰᠣᠶᠣᠯ ᠪᠠ ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠦᠨ ᠭᠠᠷᠭᠠᠵᠤ᠂ ᠳᠤᠮᠳᠠᠳᠤ ᠶᠢᠨ ᠪᠣᠯᠪᠠᠰᠤᠨ ᠤ ᠤᠯᠠᠮᠵᠢᠯᠠᠬᠤ ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠪᠠᠷ ᠤᠯᠠᠷᠢᠬᠤ ᠪᠠ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠬᠦ ᠶᠢ ᠪᠡᠶᠡᠯᠡᠭᠦᠯᠬᠦ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠱᠠᠭᠠᠷᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠯᠢᠦ ᠵᠧᠩ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠭᠤᠤ ᠽᠧ ᠤᠷᠢᠯᠭ᠎ᠠ ᠪᠠᠷ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠨ ᠪᠠᠶᠢᠴᠠᠭᠠᠭᠴᠢ᠂ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号