︽ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2023/10/11
    ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠵᠢᠭᠤᠯᠴᠢᠯᠠᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠦᠯᠦᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠣᠶᠢᠷ᠎ᠠ ᠳᠤ ︽ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ︽ᠠᠷᠭ᠎ᠠ ᠬᠡᠮᠵᠢᠶ᠎ᠡ ᠨᠦᠭᠦᠳ︾ ᠢ ᠨᠡᠩ ᠰᠠᠶᠢᠨ ᠣᠶᠢᠯᠠᠭᠠᠨ ᠬᠡᠷᠡᠭᠵᠢᠭᠦᠯᠬᠦ ᠳᠤ ᠳᠥᠭᠦᠮ ᠪᠣᠯᠭᠠᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ ᠭᠠᠳᠠᠭᠠᠳᠤ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠠ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠵᠤ᠂ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠲᠠᠶᠢᠯᠤᠮᠵᠢ ᠬᠢᠪᠡ᠃      ᠨᠢᠭᠡ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠢ ᠪᠠᠶᠢᠳᠠᠯ ᠪᠠ ᠭᠤᠣᠯ ᠠᠭᠤᠯᠭ᠎ᠠ ᠨᠢ ᠶᠠᠭᠤ ᠪᠤᠢ︖    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ  ᠬᠠᠯᠠᠮᠵᠢᠯᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠯᠡᠬᠦ ᠴᠡᠭ ᠪᠣᠯᠣᠨ᠎ᠠ ᠭᠡᠵᠦ ᠵᠢᠭᠠᠵᠤ ᠭᠠᠷᠭᠠᠪᠠ᠃ 2023 ᠣᠨ ᠤ 4 ᠳ᠋ᠤᠭᠡᠷ ᠰᠠᠷ᠎ᠠ ᠶᠢᠨ 28  ᠤ ᠡᠳᠦᠷ᠂ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ᠂ ᠬᠡᠷᠡᠭᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 7 ᠳ᠋ᠤᠭᠠᠷ ᠰᠠᠷ᠎ᠠ ᠶᠢᠨ 24 ᠤ ᠡᠳᠦᠷ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠠᠴᠠ᠂ ᠪᠡᠶ᠎ᠡ ᠶᠢᠨ ᠲᠠᠮᠢᠷ ᠰᠡᠯᠡᠭᠦᠴᠡᠯ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ 7 ᠳ᠋ᠤᠭᠠᠷ ᠰᠠᠷ᠎ᠠ ᠶᠢᠨ 25 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠮᠡᠷᠭᠡᠵᠢᠯᠲᠡᠨ ᠤ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠠᠵᠢᠯ ᠳᠤ ᠤᠯᠠᠮ ᠨᠢᠭᠡ ᠠᠯᠬᠤᠮ ᠲᠣᠳᠣᠷᠬᠠᠢ ᠪᠠᠶᠢᠷᠢᠯᠠᠭᠤᠯᠤᠯᠲᠠ ᠬᠢᠪᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ 20 ᠭᠠᠷᠤᠢ ᠰᠠᠯᠠᠭ᠎ᠠ ᠮᠥᠴᠢᠷ ᠲᠠᠢ ᠬᠠᠮᠲᠤᠷᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠳᠣᠬᠠᠨ ᠤ ᠵᠢᠭᠤᠯᠴᠢᠯᠠᠯ ᠤᠨ ᠬᠡᠷᠡᠭᠯᠡᠭᠡ ᠶᠢ ᠬᠢᠵᠠᠭᠠᠷᠯᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠵᠦ ᠪᠠᠶᠢᠭ᠎ᠠ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠭᠦᠨᠵᠡᠭᠡᠢ ᠰᠤᠳᠤᠯᠬᠤ᠂ ᠥᠷᠭᠡᠨ ᠳᠡᠯᠭᠡᠷ ᠪᠠᠶᠢᠴᠠᠭᠠᠨ ᠰᠤᠳᠤᠯᠬᠤ ᠪᠠ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠪᠠᠷ ᠳᠡᠮᠵᠢᠨ᠂ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠤᠯᠪᠣᠭᠳᠠᠯ ᠪᠦᠬᠦᠢ ᠠᠵᠢᠯ ᠤᠨ ᠠᠷᠭ᠎ᠠ ᠬᠡᠮᠵᠢᠶ᠎ᠡ ᠶᠢ ᠲᠤᠭᠤᠷᠪᠢᠵᠤ ᠪᠣᠶ ᠪᠣᠯᠭᠠᠭᠰᠠᠨ ᠪᠥᠭᠡᠳ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠪᠡ᠃     9 ᠳ᠋ᠤᠭᠡᠷ ᠰᠠᠷ᠎ᠠ ᠶᠢᠨ 27 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠷᠭ᠎ᠠ ᠬᠡᠮᠵᠢᠶ᠎ᠡ ᠨᠦᠭᠦᠳ︾ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ᠂ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠶᠢ ᠬᠥᠭᠵᠢᠭᠡᠬᠦ᠂ ᠬᠢᠯᠢ ᠳᠤ ᠣᠷᠣᠬᠤ ᠵᠢᠭᠤᠯᠴᠢᠯᠠᠯ ᠤᠨ ᠠᠵᠢᠯ ᠢ ᠴᠢᠩᠭᠠᠳᠬᠠᠬᠤ᠂ ᠠᠵᠢᠯ ᠲᠥᠷᠥᠯ ᠤᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠪᠤᠨ ᠲᠠᠯ᠎ᠠ ᠠᠴᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ 30 ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ︽ᠠᠷᠭ᠎ᠠ ᠬᠡᠮᠵᠢᠶ᠎ᠡ ᠨᠦᠭᠦᠳ︾ ᠳᠤ᠂ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠠᠶᠢᠨ ᠰᠠᠶᠢᠬᠠᠨ ᠠᠮᠢᠳᠤᠷᠠᠯ ᠤᠨ ᠠᠮᠠᠷᠠᠯᠲᠠ ᠰᠡᠯᠡᠭᠦᠴᠡᠯ ᠤᠨ ᠢᠨᠵᠧᠨᠧᠷᠢᠩ ᠢ ᠬᠡᠷᠡᠭᠵᠢᠭᠦᠯᠵᠦ᠂ ᠪᠡᠶ᠎ᠡ ᠶᠢᠨ ᠲᠠᠮᠢᠷ ᠵᠢᠭᠤᠯᠴᠢᠯᠠᠯ ᠤᠨ ᠰᠣᠳᠣᠨ ᠪᠦᠲᠦᠭᠡᠯ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠠᠮᠢ ᠠᠬᠤᠢ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠬᠥᠭᠵᠢᠭᠦᠯᠵᠦ᠂ ᠳᠠᠯᠠᠢ ᠲᠠᠩᠭᠢᠰ ᠤᠨ ᠵᠢᠭᠤᠯᠴᠢᠯᠠᠯ ᠤᠨ ᠪᠦᠲᠦᠭᠡᠭᠳᠡᠬᠦᠨ ᠢ ᠥᠷᠭᠡᠳᠬᠡᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠣᠷᠣᠭᠤᠯᠤᠯᠲᠠ ᠶᠢ ᠰᠢᠯᠢᠳᠡᠭᠵᠢᠭᠦᠯᠵᠦ᠂ ᠰᠡᠯᠡᠭᠦᠴᠡᠯ ᠵᠢᠭᠤᠯᠴᠢᠯᠠᠯ ᠤᠨ ᠲᠦᠷᠦᠯ ᠵᠦᠢᠯ ᠢ ᠠᠮᠢᠳᠤᠯᠢᠭ ᠪᠣᠯᠭᠠᠨ᠎ᠠ᠃ ︽ᠠᠷᠭ᠎ᠠ ᠬᠡᠮᠵᠢᠶ᠎ᠡ ᠨᠦᠭᠦᠳ︾ ᠲᠤ᠂ ᠵᠢᠭᠤᠯᠴᠢᠯᠠᠯ ᠤᠨ ᠬᠡᠷᠡᠭᠯᠡᠭᠡᠨ ᠤ ᠬᠡᠷᠡᠭᠴᠡᠭᠡ ᠶᠢ ᠬᠥᠭᠵᠢᠭᠡᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠵᠢᠭᠤᠯᠴᠢᠯᠠᠯ ᠤᠨ ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠦᠢᠯᠡᠴᠢᠯᠡᠭᠡ ᠶᠢ ᠲᠡᠭᠦᠯᠳᠡᠷᠵᠢᠭᠦᠯᠦᠨ᠂ ᠰᠥᠨᠢ ᠶᠢᠨ ᠠᠵᠤ ᠠᠬᠤᠢ ᠶᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠤᠯᠪᠤᠯᠳᠤᠭᠤᠯᠤᠨ᠎ᠠ᠃ ︽ᠠᠷᠭ᠎ᠠ ᠬᠡᠮᠵᠢᠶ᠎ᠡ ᠨᠦᠭᠦᠳ︾ ᠳᠤ᠂ ᠬᠢᠯᠢ ᠳᠤ ᠣᠷᠣᠬᠤ ᠵᠢᠭᠤᠯᠴᠢᠯᠠᠯ ᠤᠨ ᠠᠵᠢᠯ ᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠬᠢᠯᠢ ᠳᠤ ᠣᠷᠣᠬᠤ ᠵᠢᠭᠤᠯᠴᠢᠯᠠᠯ ᠢ ᠠᠬᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠸᠢᠰᠠᠯᠠᠬᠤ ᠪᠠ ᠪᠣᠭᠤᠮᠲᠠ ᠪᠠᠷ ᠥᠩᠭᠡᠷᠡᠬᠦ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠤᠯᠤᠰ ᠤᠨ ᠬᠤᠭᠤᠷᠣᠨᠳᠣᠬᠢ ᠡᠭᠡᠯᠵᠢ ᠶᠢᠨ ᠨᠢᠰᠬᠡᠯ ᠢ ᠰᠡᠷᠭᠦᠭᠡᠨ ᠨᠡᠮᠡᠭᠳᠡᠭᠦᠯᠵᠦ᠂ ᠬᠢᠯᠢ ᠳᠤ ᠣᠷᠣᠬᠤ ᠵᠢᠭᠤᠯᠴᠢᠯᠠᠯ ᠤᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠬᠢᠯᠢ ᠠᠴᠠ ᠭᠠᠷᠬᠤ ᠭᠠᠶᠢᠯᠢ ᠶᠢ ᠪᠤᠴᠠᠭᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠵᠢᠭᠤᠯᠴᠢᠯᠠᠯ ᠤᠨ ᠠᠷᠠᠯᠵᠢᠶᠠᠨ ᠤ ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠤᠨ᠎ᠠ᠃ ︽ᠠᠷᠭ᠎ᠠ ᠬᠡᠮᠵᠢᠶ᠎ᠡ ᠨᠦᠭᠦᠳ︾ ᠳᠤ᠂ ᠠᠵᠢᠯ ᠲᠥᠷᠥᠯ ᠤᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠵᠢᠭᠤᠯᠴᠢᠯᠠᠯ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ ᠂ ᠵᠢᠭᠤᠯᠴᠢᠯᠠᠯ ᠤᠨ ᠬᠥᠲᠥᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠳᠦᠷᠢᠮᠵᠢᠭᠦᠯᠦᠨ᠎ᠡ᠃ ︽ᠠᠷᠭ᠎ᠠ ᠬᠡᠮᠵᠢᠶ᠎ᠡ ᠨᠦᠭᠦᠳ︾ ᠲᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠵᠢᠭᠤᠯᠴᠢᠯᠠᠯ ᠤᠨ ᠠᠵᠢᠯ ᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ  ᠂ ᠭᠠᠵᠠᠷ ᠬᠡᠷᠡᠭᠯᠡᠬᠦ ᠪᠠ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠳᠦᠷᠢᠮ ᠢ ᠲᠡᠭᠦᠯᠳᠡᠷᠵᠢᠭᠦᠯᠦᠨ᠎ᠡ᠃       ᠬᠤᠶᠠᠷ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠬᠡᠷᠬᠢᠨ ᠴᠢᠨᠠᠭᠰᠢᠳᠠ ᠠᠬᠢᠭᠤᠯᠬᠤ ᠪᠤᠢ︖     ᠰᠣᠶᠣᠯ ᠪᠠ ᠵᠢᠭᠤᠯᠴᠢᠯᠠᠯ ᠤᠨ ᠶᠠᠮᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠤᠶᠤᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠵᠢᠭᠤᠯᠴᠢᠯᠠᠯ ᠤᠨ ᠰᠣᠶᠣᠯ ᠤᠨ ᠦᠨᠦᠷ ᠠᠮᠲᠠ ᠶᠢ ᠳᠡᠭᠡᠭᠰᠢᠯᠡᠭᠦᠯᠬᠦ ᠶᠢᠨ ᠬᠠᠮᠲᠤ ᠵᠢᠭᠤᠯᠴᠢᠯᠠᠯ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠢ ᠠᠬᠢᠭᠤᠯᠬᠤ ᠲᠠᠯ᠎ᠠ ᠪᠠᠷ ᠬᠢ ᠦᠢᠯᠡᠳᠦᠯ ᠢ ᠴᠢᠷᠮᠠᠶᠢᠨ ᠪᠠᠳᠠᠷᠠᠭᠤᠯᠤᠨ᠎ᠠ᠃ ᠰᠢ ᠵᠦᠴᠦᠭᠡ ᠶᠢᠨ ᠪᠠᠶᠠᠷ᠂ ᠳᠠᠭᠤᠤ ᠬᠥᠭᠵᠢᠮ ᠤᠨ ᠪᠠᠶᠠᠷ᠂ ᠤᠷᠠᠯᠢᠭ ᠤᠨ ᠪᠠᠶᠠᠷ᠂ ᠺᠠᠷᠲ᠋ᠣᠨ ᠵᠢᠷᠤᠭ ᠤᠨ ᠪᠠᠶᠠᠷ᠂ ᠳᠠᠭᠤᠤ ᠶᠢᠨ ᠦᠳᠡᠰᠢᠯᠡᠭᠡ᠂ ᠤᠷᠠᠯᠢᠭ ᠤᠨ ᠦᠵᠡᠰᠬᠦᠯᠡᠩ᠂ ᠰᠣᠶᠣᠯ ᠵᠢᠭᠤᠯᠴᠢᠯᠠᠯ ᠤᠨ ᠦᠵᠡᠰᠭᠦᠯᠡᠩ ᠴᠤᠭᠯᠠᠭᠠᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ᠂ ︽ᠳᠠᠭᠤᠤ ᠬᠥᠭᠵᠢᠮ + ᠵᠢᠭᠤᠯᠴᠢᠯᠠᠯ︾᠂ ︽ᠲᠣᠭᠯᠠᠯᠲᠠ + ᠵᠢᠭᠤᠯᠴᠢᠯᠠᠯ︾᠂ ︽ᠦᠵᠡᠰᠬᠦᠯᠡᠩ + ᠵᠢᠭᠤᠯᠴᠢᠯᠠᠯ︾᠂ ︽ᠤᠷᠤᠯᠳᠤᠭᠠᠨ + ᠵᠢᠭᠤᠯᠴᠢᠯᠠᠯ︾ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠰᠢᠨ᠎ᠡ ᠣᠷᠣᠨ ᠵᠠᠢ ᠶᠢ ᠪᠣᠶᠢᠵᠢᠭᠤᠯᠵᠤ᠂ ᠳᠤᠮᠳᠠ ᠵᠢᠵᠢᠭ ᠬᠡᠯᠪᠡᠷᠢ ᠶᠢᠨ᠂ ᠭᠤᠣᠯ ᠰᠡᠳᠦᠪᠲᠦ ᠴᠢᠨᠠᠷᠲᠠᠢ᠂ ᠣᠨᠴᠠᠯᠢᠭᠲᠤ ᠲᠥᠷᠥᠯ ᠤᠨ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠲᠥᠷᠥᠯ ᠵᠦᠢᠯ ᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ ᠰᠣᠶᠣᠯ ᠤᠨ ᠡᠬᠢ ᠪᠠᠶᠠᠯᠢᠭ ᠪᠠ ᠵᠢᠭᠤᠯᠴᠢᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠯ ᠤᠨ ᠳᠤᠮᠳᠠᠳᠤ ᠶᠢᠨ ᠰᠣᠶᠣᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠪᠠᠶᠢᠭ᠎ᠠ ᠪᠠᠶᠢᠳᠠᠯ ᠢ ᠡᠮᠬᠢᠯᠡᠨ ᠲᠢᠭᠯᠡᠵᠦ᠂ ᠳᠤᠮᠳᠠᠳᠤ ᠤᠯᠤᠰ ᠤᠨ ᠣᠨᠴᠠ ᠲᠡᠰ ᠤᠨ ᠵᠢᠭᠤᠯᠴᠢᠯᠠᠯ ᠤᠨ ᠡᠬᠢ ᠪᠠᠶᠠᠯᠢᠭ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ︽ᠲᠦᠮᠡᠨ ᠪᠣᠳᠢ ᠨᠣᠮ ᠪᠢᠴᠢᠭ ᠤᠩᠰᠢᠵᠤ ᠲᠦᠮᠡᠨ ᠭᠠᠵᠠᠷ ᠠᠶᠠᠯᠠᠬᠤ︾ ᠰᠣᠶᠣᠯ ᠤᠨ ᠭᠤᠣᠯ ᠰᠡᠳᠦᠪᠲᠦ ᠵᠢᠭᠤᠯᠴᠢᠯᠠᠯ ᠢ ᠳᠡᠯᠭᠡᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ᠂ ᠪᠣᠳᠠᠰ ᠤᠨ ᠪᠤᠰᠤ ᠰᠣᠶᠣᠯ ᠤᠨ ᠥᠪ᠂ ᠲᠡᠦᠬᠡ ᠶᠢᠨ ᠨᠡᠷᠡᠳᠤ ᠬᠥᠮᠥᠨ᠂ ᠰᠤᠳᠤᠷ ᠪᠢᠴᠢᠭ ᠵᠡᠷᠭᠡ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ᠨᠢᠭᠡ ᠪᠦᠯᠦᠭ ᠳᠤᠮᠳᠠᠳᠤ ᠶᠢᠨ ᠰᠣᠶᠣᠯ ᠤᠨ ᠭᠤᠣᠯ ᠰᠡᠳᠦᠪᠲᠦ ᠵᠢᠭᠤᠯᠴᠢᠯᠠᠯ ᠤᠨ ᠱᠤᠭᠤᠮ ᠢ ᠲᠥᠯᠥᠪᠯᠡᠨ ᠭᠠᠷᠭᠠᠵᠤ᠂ ︽ᠯᠢ ᠪᠠᠢ ᠶᠢ ᠤᠩᠰᠢᠵᠤ ᠬᠤᠪᠢᠯᠭᠠᠨ ᠣᠷᠣᠨ ᠢᠶᠠᠷ ᠠᠶᠠᠯᠠᠬᠤ︾᠂ ︽ᠬᠥᠬᠡᠮᠥ᠋ᠷᠡᠨ ᠤ ᠵᠠᠯᠠᠭᠤ ᠨᠠᠰᠤᠨ ᠤ ᠠᠶᠠᠯᠠᠯ︾᠂ ︽ᠤᠮᠠᠷᠠᠲᠤ ᠤᠷᠤᠨ ᠤ ᠠᠶᠠᠯᠠᠯ︾ ᠵᠡᠷᠭᠡ ᠭᠤᠣᠯ ᠰᠡᠳᠦᠪᠲᠦ ᠵᠢᠭᠤᠯᠴᠢᠯᠠᠯ ᠤᠨ ᠱᠤᠭᠤᠮ ᠢ ᠪᠣᠶᠢᠵᠢᠭᠤᠯᠤᠨ᠎ᠠ᠃ ᠰᠣᠶᠣᠯ ᠤᠨ ᠠᠮᠢ ᠠᠬᠤᠢ ᠪᠠᠷ ᠲᠦᠰᠢᠭ ᠪᠣᠯᠭᠠᠵᠤ᠂ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠲᠥᠪᠯᠡᠷᠡᠭᠰᠡᠨ ᠣᠷᠣᠨ ᠢ ᠪᠣᠶᠢᠵᠢᠭᠤᠯᠤᠨ ᠪᠦᠲᠦᠭᠡᠨ ᠪᠠᠶᠢᠭᠤᠯᠤᠨ᠎ᠠ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠤᠳᠤᠯᠤᠨ ᠰᠤᠷᠤᠯᠴᠠᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠭᠠᠵᠠᠷ ᠤᠨ ᠲᠤᠬᠠᠢ ᠶᠢᠨ ᠭᠠᠵᠠᠷ ᠣᠷᠣᠨ ᠤ ᠪᠠᠶᠢᠳᠠᠯ   ᠳᠤ ᠨᠢ ᠲᠣᠬᠢᠷᠠᠭᠤᠯᠤᠨ ᠬᠥᠲᠥᠯᠥᠨ ᠵᠢᠯᠤᠭᠤᠳᠴᠤ᠂ ᠬᠤᠪᠢᠰᠬᠠᠯ ᠤᠨ ᠳᠤᠷᠠᠰᠬᠠᠯᠲᠤ ᠡᠬᠢ ᠪᠠᠶᠠᠯᠢᠭ ᠢ ᠰᠠᠶᠢᠲᠤᠷ ᠬᠡᠷᠡᠭᠯᠡᠨ᠂ ᠨᠢᠭᠡ ᠪᠦᠯᠦᠭ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠭᠠᠷᠭᠠᠨ᠎ᠠ᠃ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ᠳᠤᠮᠳᠠᠳᠤ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠣᠯ ᠰᠡᠳᠦᠪᠲᠦ ᠵᠢᠭᠤᠯᠴᠢᠯᠠᠯ ᠤᠨ ᠵᠠᠮ ᠤᠨ ᠪᠦᠲᠦᠭᠡᠨ ᠪᠠᠶᠢᠭᠤᠯᠤᠯᠲᠠ  ᠶᠢ ᠥᠷᠨᠢᠭᠦᠯᠵᠦ᠂ ᠵᠢᠭᠤᠯᠴᠢᠯᠠᠯ ᠤᠨ ᠵᠠᠮ ᠲᠠᠢ ᠤᠶᠠᠯᠳᠤᠭᠤᠯᠤᠨ ᠤᠷᠠᠨ ᠰᠠᠶᠢᠬᠠᠨ ᠤ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ᠂ ᠠᠷᠠᠳ ᠤᠨ ᠵᠠᠩ ᠦᠢᠯᠡ ᠶᠢᠨ ᠦᠵᠡᠭᠦᠯᠭᠡ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠣᠨᠴᠠᠯᠢᠭᠲᠤ ᠠᠵᠢᠯᠯᠠᠭ᠎ᠠ ᠶᠢ ᠥᠷᠨᠢᠭᠦᠯᠵᠦ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠥᠪ ᠤᠨ ᠪᠠᠭᠤᠳᠠᠯ᠂ ᠣᠨᠴᠠᠯᠢᠭᠲᠤ ᠠᠷᠠᠳ ᠤᠨ ᠪᠠᠭᠤᠳᠠᠯ᠂ ᠰᠥᠨᠢ ᠶᠢᠨ ᠠᠵᠤ ᠠᠬᠤᠢ᠂ ᠬᠠᠭᠤᠴᠢᠨ ᠨᠡᠷᠡᠲᠦ ᠤᠯᠠᠮᠵᠢᠯᠠᠯᠲᠤ ᠤᠷ᠎ᠠ ᠮᠡᠷᠭᠡᠵᠢᠯ ᠢ ᠪᠡᠶᠡᠴᠢᠯᠡᠨ ᠣᠶᠢᠯᠠᠭᠠᠬᠤ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠨ᠎ᠡ ᠪᠠᠷ ᠡᠭᠦᠳᠦᠨ ᠬᠥᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠠᠮᠲᠤᠷᠠᠨ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠵᠢᠱᠢᠶ᠎ᠡ ᠦᠵᠡᠭᠦᠯᠬᠦ ᠣᠷᠣᠨ ᠤ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠨ ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠵᠢᠴᠢ ᠬᠠᠮᠢᠶ᠎ᠠ ᠪᠦᠬᠦᠢ ᠠᠵᠤ ᠦᠢᠯᠡᠰ ᠯᠦᠭᠡ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠪᠠ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠤᠨ᠎ᠠ᠃       ᠭᠤᠷᠪᠠ᠂ ᠰᠡᠯᠡᠭᠦᠴᠡᠨ ᠠᠮᠠᠷᠠᠬᠤ᠂ ᠬᠥᠳᠡᠭᠡ ᠲᠣᠰᠬᠤᠨ ᠤ ᠵᠢᠭᠤᠯᠴᠢᠯᠠᠯ᠂ ᠳᠠᠯᠠᠢ ᠲᠠᠩᠭᠢᠰ ᠤᠨ ᠵᠢᠭᠤᠯᠴᠢᠯᠠᠯ ᠵᠡᠷᠭᠡ ᠪᠦᠲᠦᠭᠡᠭᠳᠡᠬᠦᠨ ᠤ ᠬᠠᠩᠭᠠᠯᠭ᠎ᠠ ᠶᠢ ᠬᠡᠷᠬᠢᠨ ᠥᠷᠭᠡᠳᠬᠡᠬᠦ ᠪᠤᠢ︖      ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠬᠤᠳᠠ ᠶᠢᠨ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠬᠤᠳᠠ ᠶᠢᠨ ᠲᠡᠦᠬᠡ ᠰᠣᠶᠣᠯ ᠤᠨ ᠰᠤᠳᠠᠰᠤ ᠶᠢ ᠬᠠᠮᠠᠭᠠᠯᠠᠨ ᠦᠷᠭᠦᠯᠵᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ ᠲᠡᠦᠬᠡ ᠶᠢᠨ ᠪᠠᠷᠢᠯᠭ᠎ᠠ᠂ ᠠᠵᠤ ᠦᠢᠯᠡᠳᠪᠦᠷᠢ ᠶᠢᠨ ᠥᠪ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠬᠠᠭᠤᠴᠢᠨ ᠵᠡᠭᠡᠯᠢ ᠲᠣᠭᠤᠷᠢᠭ᠂ ᠬᠠᠭᠤᠴᠢᠨ ᠰᠠᠩ ᠬᠥᠮᠥᠷᠭᠡ ᠵᠡᠷᠭᠡ ᠦᠯᠡᠳᠡᠭᠡᠯ ᠣᠷᠣᠨ ᠵᠠᠢ ᠶᠢ ᠠᠰᠢᠭᠯᠠᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ᠂ ᠬᠤᠳᠠ ᠶᠢᠨ ᠰᠢᠨᠡᠴᠢᠯᠡᠯᠲᠡ ᠪᠠ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠤᠨ᠎ᠠ᠃ ᠬᠤᠲᠠ ᠶᠢᠨ ᠰᠡᠯᠡᠭᠦᠴᠡᠯ ᠤᠨ ᠣᠷᠣᠨ ᠵᠠᠢ ᠶᠢ ᠥᠷᠭᠡᠳᠬᠡᠵᠦ᠂ ᠡᠵᠡᠨ ᠵᠣᠴᠢᠨ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠰᠣᠶᠣᠯ ᠪᠠ ᠵᠢᠭᠤᠯᠴᠢᠯᠠᠯ ᠤᠨ ᠰᠡᠯᠡᠭᠦᠴᠡᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠨᠢᠭᠡ ᠪᠦᠯᠦᠭ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠪᠠᠶᠢᠭᠤᠯᠤᠨ᠎ᠠ᠃ ᠵᠢᠭᠤᠯᠴᠢᠯᠠᠯ ᠠᠮᠠᠷᠠᠯᠲᠠ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠦᠷᠭᠡᠳᠭᠡᠵᠦ᠂ ᠴᠢᠨᠠᠷ ᠰᠠᠶᠢᠲᠠᠢ ᠬᠥᠭᠵᠢᠭᠦᠯᠬᠦ ᠶᠢ ᠲᠦᠯᠬᠢᠨ ᠠᠬᠢᠭᠤᠯᠵᠤ᠂ ᠨᠡᠩ ᠴᠢᠨᠠᠷ ᠰᠠᠶᠢᠲᠠᠢ ᠰᠡᠯᠡᠭᠦᠴᠡᠯ ᠠᠮᠠᠷᠠᠯᠲᠠ ᠶᠢᠨ ᠦᠢᠯᠡᠳᠬᠦᠨ ᠪᠠ ᠦᠢᠯᠡᠴᠢᠯᠡᠭᠡ ᠶᠢ ᠬᠠᠩᠭᠠᠵᠤ᠂ ᠲᠠᠯᠠᠢ ᠳᠠᠭᠠᠤ ᠣᠷᠣᠨ᠂ ᠠᠭᠤᠯᠠᠨ ᠤᠢ᠂ ᠭᠤᠣᠯ ᠮᠥᠷᠡᠨ ᠨᠠᠭᠤᠷ ᠴᠥᠭᠦᠷᠥᠮ᠂ ᠬᠠᠯᠠᠭᠤᠨ ᠷᠠᠰᠢᠶᠠᠨ᠂ ᠮᠥᠰᠥ ᠴᠠᠰᠤ ᠵᠡᠷᠭᠡ ᠤᠯᠠᠨ ᠲᠦᠷᠦᠯ ᠤᠨ ᠬᠡᠯᠪᠡᠷᠢ ᠶᠢᠨ ᠤᠯᠤᠰ ᠤᠨ ᠲᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠬᠦᠴᠦᠯᠡᠨ ᠪᠠᠶᠢᠭᠤᠯᠤᠨ᠎ᠠ᠃ ᠨᠣᠭᠤᠭᠠᠨ ᠵᠠᠮ᠂ ᠳᠤᠭᠤᠢ ᠤᠨᠤᠬᠤ ᠵᠠᠮ᠂ ᠬᠤᠲᠠ ᠶᠢᠨ ᠲᠡᠭᠦᠷᠭᠡ ᠶᠢᠨ ᠴᠡᠴᠡᠷᠯᠢᠭ᠂ ᠲᠡᠷᠭᠡ ᠵᠣᠭᠰᠤᠭᠠᠬᠤ ᠪᠡᠯᠡᠳᠬᠡᠮᠵᠢ ᠵᠡᠷᠭᠡ ᠪᠢᠴᠢᠯ ᠡᠷᠭᠢᠯᠲᠡᠲᠦ ᠰᠡᠯᠡᠭᠦᠴᠡᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠨ ᠰᠠᠭᠤᠬᠤ ᠲᠡᠷᠭᠡ ᠶᠢᠨ ᠲᠡᠷᠭᠡ ᠵᠣᠭᠰᠣᠬᠤ ᠲᠠᠯᠠᠪᠠᠶ ᠵᠡᠷᠭᠡ ᠦᠢᠯᠡᠴᠢᠯᠡᠭᠡᠨ ᠤ ᠪᠡᠯᠡᠳᠬᠡᠮᠵᠢ ᠶᠢ ᠵᠦᠢ ᠵᠣᠬᠢᠰᠲᠠᠢ ᠪᠠᠶᠢᠷᠢᠯᠠᠭᠤᠯᠤᠨ᠎ᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号