ᠠᠷᠪᠠᠨ ᠲᠤᠯᠤᠭ᠎ᠠ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠬᠤ ᠲᠠᠯ᠎ᠠ ᠪᠠᠷ ᠶᠠᠮᠠᠷ ᠶᠠᠮᠠᠷ | ᠪᠣᠳᠠᠲᠠᠢ ᠠᠷᠭ᠎ᠠ ᠬᠡᠮᠵᠢᠶ᠎ᠡ ᠠᠪᠬᠤ ᠪᠤᠢ︖ | ᠰᠣᠶᠣᠯ ᠪᠠ ᠵᠢᠭᠤᠯᠴᠢᠯᠠᠯ ᠤᠨ ᠶᠠᠮᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠤᠯᠠᠮ ᠨᠢᠬᠡ ᠠᠯᠬᠤᠮ ᠴᠢᠩᠭᠠᠳᠬᠠᠵᠤ᠂ ᠡᠯ᠎ᠡ ᠲᠦᠷᠦᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ | ᠪᠠᠶᠢᠷᠢᠯᠠᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃ ᠨᠢᠭᠡ ᠳᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ | ᠠᠯᠪᠠᠳᠠᠯᠭ᠎ᠠ ᠪᠠᠷ ᠪᠠᠷᠠᠭ᠎ᠠ ᠬᠤᠳᠠᠯᠳᠤᠨ ᠠᠪᠤᠭᠤᠯᠬᠤ᠂ ᠠᠶᠠᠯᠠᠯ ᠤᠨ ᠵᠠᠮ ᠢᠶᠠᠨ ᠳᠤᠷ᠎ᠠ ᠪᠠᠷ ᠢᠶᠠᠨ ᠬᠤᠪᠢᠷᠠᠭᠤᠯᠬᠤ᠂ | ᠭᠡᠷ᠎ᠡ ᠶᠢ ᠭᠦᠢᠴᠡᠳᠬᠡᠬᠦ ᠶᠢ ᠲᠡᠪᠴᠢᠬᠦ ᠵᠡᠷᠭᠡ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ | ᠭᠠᠵᠠᠷ ᠤᠨ ᠬᠢᠨ ᠢ ᠵᠢᠭᠠᠨ ᠵᠢᠯᠤᠭᠤᠳᠴᠤ ᠪᠠᠶᠢᠭᠠᠳ ᠵᠢᠭᠤᠯᠴᠢᠯᠠᠯ ᠤᠨ ᠬᠤᠷᠢᠶ᠎ᠠ᠂ ᠵᠢᠭᠤᠯᠴᠢᠯᠠᠯ ᠤᠨ ᠪᠦᠯᠬᠦᠮ᠂ | ᠰᠦᠯᠵᠢᠶᠡᠨ ᠳᠡᠭᠡᠷᠡᠬᠢ ᠵᠢᠭᠤᠯᠴᠢᠯᠠᠯ ᠤᠨ ᠡᠵᠡᠩᠨᠡᠭᠴᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠦᠷᠦᠯ ᠤᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ᠎ᠠ᠃ ᠬᠤᠶᠠᠷ ᠲᠤ᠂ ᠨᠢᠭᠤᠴᠠ ᠪᠠᠷ ᠰᠤᠷᠪᠤᠯᠵᠢᠯᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠡᠮᠬᠢ ᠳᠢᠭᠯᠢᠮ᠂ ᠠᠶᠤᠯ ᠦᠭᠡᠢ ᠦᠢᠯᠡᠳᠪᠦᠷᠢᠯᠡᠯ᠂ ᠦᠢᠯᠡᠴᠢᠯᠡᠭᠡᠨ ᠤ | ᠶᠠᠰᠤ ᠴᠢᠨᠠᠷ ᠵᠡᠷᠭᠡ ᠠᠰᠠᠭᠤᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠭᠠᠵᠠᠷ ᠣᠷᠣᠨ ᠤ ᠭᠤᠣᠯ ᠪᠣᠯᠬᠤ | ᠵᠢᠭᠤᠯᠴᠢᠯᠠᠯ ᠤᠨ ᠵᠠᠮ ᠱᠤᠭᠤᠮ᠂ ᠵᠢᠭᠤᠯᠴᠢᠯᠠᠯ ᠤᠨ ᠪᠦᠯᠬᠦᠮ ᠨᠡᠶᠢᠲᠡ ᠵᠡᠷᠭᠡ ᠳᠤ ᠳᠠᠯᠳᠠᠭᠤᠷ ᠰᠤᠷᠪᠤᠯᠵᠢᠯᠠᠨ | ᠦᠨᠡᠯᠡᠨ ᠵᠢᠱᠢᠯᠲᠡ ᠬᠢᠵᠦ᠂ ᠣᠯᠵᠤ ᠮᠡᠳᠡᠭᠰᠡᠨ ᠠᠰᠠᠭᠤᠳᠠᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠬᠠᠷᠢᠶ᠎ᠠ | ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ | ᠮᠡᠳᠡᠭᠳᠡᠵᠦ ᠬᠢᠨᠠᠨ ᠪᠠᠶᠢᠴᠠᠭᠠᠯᠭᠠᠵᠤ ᠰᠢᠢᠳᠪᠦᠷᠢᠯᠡᠭᠦᠯᠦᠨ᠎ᠡ᠃ ᠭᠤᠷᠪᠠ ᠳᠤ᠂ ᠰᠠᠯᠠᠭ᠎ᠠ ᠮᠥᠴᠢᠷ ᠠᠯᠤᠰᠯᠠᠭᠰᠠᠨ | ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠢ ᠵᠢᠯᠣᠭᠤᠳᠤᠨ ᠬᠤᠯᠪᠣᠭᠳᠠᠯ | ᠪᠦᠬᠦᠢ ᠠᠵᠢᠯ ᠤᠨ ᠲᠣᠭᠲᠠᠴᠠ᠂ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ | ᠮᠥᠴᠢᠷ ᠯᠦᠭᠡ ᠶᠢᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠨ᠂ ᠬᠠᠮᠲᠤᠷᠠᠨ ᠬᠠᠤᠯᠢ ᠬᠡᠷᠡᠭᠵᠢᠭᠦᠯᠬᠦ ᠶᠢ | ᠵᠣᠬᠢᠶᠠᠨ ᠪᠠᠶᠢᠭᠤᠯᠵᠤ ᠥᠷᠨᠢᠬᠦᠯᠦᠨ᠂ ᠰᠦᠪᠡᠭᠴᠢ ᠶᠢ ᠰᠢᠯᠵᠢᠭᠦᠯᠦᠨ ᠬᠦᠷᠭᠡᠬᠦ᠂ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠳᠥᠷᠪᠡ ᠳᠤ᠂ ᠢᠯᠡᠴᠢᠯᠡᠨ | ᠮᠡᠳᠡᠭᠦᠯᠬᠦ ᠪᠠ ᠵᠠᠭᠠᠯᠳᠤᠯᠭ᠎ᠠ ᠶᠢ ᠰᠢᠢᠳᠪᠦᠷᠢᠯᠡᠬᠦ ᠶᠢ ᠴᠢᠩᠭᠠᠳᠬᠠᠨ᠎ᠠ᠃ ᠡᠯ᠎ᠡ ᠭᠠᠵᠠᠷ ᠤᠨ ᠢᠯᠡᠴᠢᠯᠡᠨ ᠮᠡᠳᠡᠭᠦᠯᠦᠭᠰᠡᠨ | ᠵᠠᠭᠠᠯᠳᠤᠯᠭ᠎ᠠ ᠶᠢ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠬᠦ ᠶᠢ ᠵᠢᠯᠤᠭᠤᠳᠴᠤ᠂ ︽ᠪᠥᠬᠦ | ᠤᠯᠤᠰ ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠦᠭᠰᠡᠨ | ᠵᠠᠭᠠᠯᠳᠤᠯᠭ᠎ᠠ ᠶᠢ ᠰᠢᠢᠳᠪᠦᠷᠢᠯᠡᠬᠦ ᠰᠢᠰᠲ᠋ᠧᠮ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯᠲᠠᠨ ᠤ | ᠪᠣᠯᠪᠠᠰᠤᠷᠠᠭᠤᠯᠤᠯ ᠢ ᠴᠢᠩᠭᠠᠳᠬᠠᠨ᠂ ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠶᠢᠨ ᠲᠤᠭ᠎ᠠ ᠪᠠᠷᠢᠮᠲᠠ ᠶᠢ | ᠴᠤᠭᠯᠠᠭᠤᠯᠤᠨ ᠵᠠᠳᠠᠯᠬᠤ ᠶᠢ ᠦᠷᠭᠦᠯᠵᠢᠯᠡᠨ ᠠᠬᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠷᠢᠯᠠᠭᠤᠯᠤᠯᠲᠠ ᠳᠤ ᠲᠤᠯᠭᠠᠭᠤᠷᠢᠯᠠᠯ ᠬᠠᠩᠭᠠᠨ᠎ᠠ᠃ | ᠠᠷᠪᠠᠨ ᠨᠠᠢᠮᠠ᠂ ᠬᠡᠷᠬᠢᠨ ᠡᠯ᠎ᠡ ᠬᠤᠯᠪᠣᠭᠳᠠᠯ ᠪᠦᠬᠦᠢ ᠠᠷᠭ᠎ᠠ ᠵᠠᠮ ᠤᠨ ᠡᠳ᠋ ᠤᠨ ᠵᠠᠰᠠᠭ ᠤᠨ ᠪᠡᠯᠡ | ᠮᠥᠩᠭᠦ ᠶᠢ ᠰᠠᠶᠢᠲᠤᠷ ᠬᠡᠷᠡᠭᠯᠡᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠤᠢ︖ | | ᠵᠢᠭᠤᠯᠴᠢᠯᠠᠯ ᠤᠨ ᠦᠢᠯᠡᠰ ᠤᠨ ᠬᠤᠯᠪᠣᠭᠳᠠᠬᠤ ᠬᠦᠷᠢᠶ᠎ᠡ ᠬᠡᠪᠴᠢᠶ᠎ᠡ ᠨᠡᠯᠢᠶᠡᠳ ᠣᠯᠠᠨ᠂ ᠬᠤᠯᠪᠣᠭᠳᠠᠬᠤ | ᠴᠢᠨᠠᠷ ᠢᠶᠠᠷ ᠨᠡᠯᠢᠶᠡᠳ ᠴᠢᠩᠭ᠎ᠠ ᠪᠠᠶᠢᠵᠤ᠂ ᠣᠯᠠᠨ ᠡᠰᠢᠵᠢᠭᠰᠡᠨ᠂ ᠣᠯᠠᠨ ᠠᠷᠭ᠎ᠠ ᠵᠠᠮ ᠢᠶᠠᠷ ᠪᠡᠯᠡ ᠮᠥᠩᠭᠦ | ᠣᠷᠣᠭᠤᠯᠬᠤ ᠶᠢ ᠱᠠᠭᠠᠷᠳᠠᠨ᠎ᠠ᠃ ᠲᠥᠪ ᠤᠨ ᠡᠳ᠋ ᠤᠨ ᠵᠠᠰᠠᠭ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠡᠳ᠋ ᠤᠨ | ᠵᠠᠰᠠᠭ ᠤᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠵᠢᠭᠤᠯᠴᠢᠯᠠᠯ ᠤᠨ ᠬᠥᠭᠵᠢᠯᠲᠡ ᠶᠢᠨ | ᠰᠠᠭᠤᠷᠢ ᠮᠥᠩᠭᠦ ᠵᠡᠷᠭᠡ ᠪᠠᠷ ᠳᠠᠮᠵᠢᠭᠤᠯᠤᠨ᠂ ︽ᠵᠣᠷᠯᠣᠩ ᠤᠨ ᠥᠭᠡᠷᠡᠴᠢᠯᠡᠯᠲᠡ︾ ᠶᠢ ᠲᠦᠯᠬᠢᠨ ᠠᠬᠢᠭᠤᠯᠵᠤ᠂ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠤᠨ᠂ | ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠡᠷᠭᠢᠯᠡᠬᠦ ᠶᠢ ᠳᠡᠮᠵᠢᠵᠦ᠂ ᠵᠢᠭᠤᠯᠴᠢᠯᠠᠯ ᠤᠨ ᠦᠢᠯᠡᠰ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠠᠪᠰᠢᠵᠤ | ᠬᠥᠭᠵᠢᠬᠦ ᠶᠢ ᠠᠬᠢᠭᠤᠯᠤᠭᠰᠠᠭᠠᠷ ᠢᠷᠡᠵᠡᠶ᠃ ᠡᠳ᠋ ᠤᠨ ᠵᠠᠰᠠᠭ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ | ᠦᠷᠭᠦᠯᠵᠢᠯᠡᠨ ᠵᠢᠭᠤᠯᠴᠢᠯᠠᠯ ᠤᠨ ᠬᠥᠭᠵᠢᠯᠲᠡ ᠶᠢᠨ ᠰᠠᠭᠤᠷᠢ ᠮᠥᠩᠭᠦ᠂ ᠲᠥᠪ ᠤᠨ ᠣᠷᠣᠨ ᠨᠤᠲᠤᠭ ᠤᠨ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠳᠡᠮᠵᠢᠬᠦ ᠨᠥᠬᠦᠪᠦᠷᠢ ᠵᠡᠷᠭᠡ ᠪᠡᠯᠡ | ᠮᠥᠩᠭᠦ ᠶᠢᠨ ᠠᠷᠭ᠎ᠠ ᠵᠠᠮ ᠢᠶᠠᠷ ᠳᠠᠮᠵᠢᠭᠤᠯᠤᠨ᠂ ᠣᠷᠣᠨ ᠨᠤᠲᠤᠭ ᠤᠨ ᠵᠢᠭᠤᠯᠴᠢᠯᠠᠯ ᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠰᠠᠶᠢᠵᠢᠷᠠᠭᠤᠯᠬᠤ ᠶᠢ ᠲᠡᠮᠵᠢᠵᠤ᠂ ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ | ᠴᠢᠩᠭᠠᠳᠬᠠᠵᠤ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠴᠡᠭ ᠤᠨ ᠬᠤᠳᠠ᠂ | ᠵᠢᠱᠢᠶ᠎ᠡ ᠦᠵᠡᠭᠦᠯᠬᠦ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠭᠦᠨ ᠤ ᠬᠠᠮᠲᠤ᠂ | ᠰᠣᠶᠣᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠬᠠᠮᠢᠶ᠎ᠠ ᠪᠦᠬᠦᠢ ᠪᠡᠯᠡ ᠮᠥᠩᠭᠦ᠂ ᠲᠥᠪ ᠤᠨ ᠲᠥᠰᠥᠪ ᠤᠨ | ᠳᠣᠲᠣᠷᠠᠬᠢ ᠪᠡᠯᠡ ᠣᠷᠣᠭᠤᠯᠤᠯᠲᠠ ᠵᠡᠷᠭᠡ ᠪᠡᠯᠡ ᠮᠥᠩᠭᠦ ᠶᠢᠨ ᠠᠷᠭ᠎ᠠ ᠵᠠᠮ ᠯᠤᠭ᠎ᠠ ᠶᠢᠨ ᠬᠠᠮᠵᠢᠯᠴᠠᠭ᠎ᠠ ᠪᠠᠨ | ᠴᠢᠩᠭᠠᠳᠬᠠᠵᠤ᠂ ᠵᠢᠭᠤᠯᠴᠢᠯᠠᠯ ᠤᠨ ᠰᠠᠭᠤᠷᠢ ᠶᠢ ᠢᠵᠢ ᠪᠦᠷᠢᠳᠦᠭᠦᠯᠬᠦ ᠶᠢ ᠴᠢᠩᠭᠠᠳᠬᠠᠵᠤ᠂ ᠰᠣᠶᠣᠯ ᠢᠶᠠᠷ | ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠨᠡᠶᠢᠭᠡᠮ ᠤᠨ ᠪᠡᠯᠡ ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ ᠵᠢᠭᠤᠯᠴᠢᠯᠠᠯ ᠤᠨ ᠦᠢᠯᠡᠰ ᠤᠨ | ᠣᠷᠣᠭᠤᠯᠤᠯᠲᠠ ᠶᠢ ᠨᠡᠮᠡᠭᠳᠡᠭᠦᠯᠵᠦ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠶᠢᠨ ᠰᠠᠶᠢᠬᠠᠨ ᠲᠥᠷᠥ ᠶᠢᠨ | ᠪᠣᠳᠣᠯᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | ᠠᠷᠪᠠ ᠶᠢᠰᠦ᠂ ᠬᠡᠷᠬᠢᠨ ᠲᠥᠪ ᠤᠨ ᠲᠥᠰᠦᠪ ᠤᠨ ᠳᠤᠳᠤᠷᠠᠬᠢ ᠪᠡᠯᠡ ᠣᠷᠣᠭᠤᠯᠤᠯᠲᠠ ᠪᠠᠷ ᠳᠠᠮᠵᠢᠨ | ᠵᠢᠭᠤᠯᠴᠢᠯᠠᠯ ᠤᠨ ᠢᠵᠢ ᠰᠠᠭᠤᠷᠢ ᠲᠥᠬᠦᠭᠡᠷᠦᠮᠵᠢ ᠪᠠ ᠲᠦᠷᠦᠯ ᠵᠦᠢᠯ ᠤᠨ ᠪᠥᠲᠦᠬᠡᠨ ᠪᠠᠶᠢᠭᠤᠯᠤᠯᠲᠠ ᠶᠢ ᠳᠠᠮᠵᠢᠬᠦ | ᠪᠤᠢ︖ | ᠰᠣᠶᠣᠯ ᠤᠨ ᠪᠠ ᠪᠠᠶᠢᠭᠠᠯᠢ ᠶᠢᠨ ᠥᠪ ᠤᠨ ᠬᠠᠮᠠᠭᠠᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠢ | ᠰᠣᠶᠣᠯ ᠵᠢᠭᠤᠯᠴᠢᠯᠠᠯ ᠤᠨ ᠠᠭᠤᠰᠤᠯᠴᠠᠯ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ | ᠲᠥᠯᠥᠭᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠣᠶᠣᠯ ᠪᠠ ᠵᠢᠭᠤᠯᠴᠢᠯᠠᠯ ᠤᠨ ᠶᠠᠮᠤᠨ | ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠳᠤ ᠬᠢ ᠰᠣᠶᠣᠯ ᠤᠨ ᠬᠠᠮᠠᠭᠠᠯᠠᠯᠲᠠ ᠶᠢ ᠤᠯᠠᠮᠵᠢᠯᠠᠨ ᠠᠰᠢᠭᠯᠠᠬᠤ | ᠢᠨᠵᠧᠨᠧᠷᠢᠩ︾ ᠢ ᠤᠬᠠᠭᠠᠯᠠᠨ ᠬᠡᠷᠡᠭᠵᠢᠭᠦᠯᠪᠡ᠃ ᠣᠲᠣ ᠪᠣᠯᠲᠠᠯ᠎ᠠ᠂ ᠲᠣᠰ ᠲᠥᠷᠥᠯ ᠵᠦᠢᠯ ᠳᠤ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠨᠡᠶᠢᠲᠡ 69.3 ᠳ᠋ᠦᠩᠰᠢᠭᠤᠷ ᠲᠥᠭᠦᠷᠢᠭ ᠲᠣᠬᠢᠷᠠᠭᠤᠯᠵᠤ᠂ | 224 ᠲᠥᠷᠥᠯ ᠵᠦᠢᠯ ᠳᠤ ᠨᠥᠬᠦᠪᠦᠷᠢ ᠥᠭᠴᠦ᠂ ᠡᠯ᠎ᠡ ᠭᠠᠵᠠᠷ ᠤᠨ ᠵᠢᠭᠤᠯᠴᠢᠯᠠᠯ ᠤᠨ ᠭᠥᠯᠢᠶᠡᠨ ᠠᠪᠬᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠨᠡᠯᠢᠶᠡᠳ ᠰᠠᠶᠢᠨ ᠦᠷ᠎ᠡ ᠪᠦᠲᠦᠮᠵᠢ ᠭᠠᠷᠭᠠᠭᠰᠠᠨ ᠪᠠᠶᠢᠨ᠎ᠠ᠃ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠪ ᠤᠨ ᠲᠥᠰᠥᠪ ᠤᠨ ᠳᠣᠲᠣᠷᠠᠬᠢ ᠪᠡᠯᠡ | ᠣᠷᠣᠭᠤᠯᠤᠯᠲᠠ ᠵᠡᠷᠭᠡ ᠨᠢᠭᠡᠨᠲᠡ ᠪᠠᠶᠢᠭ᠎ᠠ ᠲᠤᠰᠬᠠᠢ ᠪᠡᠯᠡ ᠮᠥᠩᠭᠦ ᠶᠢᠨ ᠠᠷᠭ᠎ᠠ ᠵᠠᠮ ᠢ ᠨᠢᠭᠡᠳᠦᠯᠲᠡᠢ | ᠲᠥᠯᠥᠪᠵᠢᠭᠦᠯᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠴᠢᠨᠠᠭᠰᠢᠳᠠ ᠨᠥᠬᠦᠪᠦᠷᠢᠯᠡᠵᠦ᠂ ᠦᠵᠡᠮᠵᠢ ᠶᠢᠨ ᠣᠷᠣᠨ ᠤ ᠳᠡᠰ | ᠳᠡᠪᠰᠢᠭᠦᠯᠬᠦ ᠶᠢ ᠠᠬᠢᠭᠤᠯᠵᠤ᠂ ᠣᠶᠤᠨᠴᠢᠯᠠᠭᠰᠠᠨ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠢᠨᠵᠧᠨᠧᠷᠢᠩ ᠢ ᠦᠷᠭᠦᠯᠵᠢᠯᠡᠨ | ᠬᠡᠷᠡᠭᠵᠢᠭᠦᠯᠬᠦ ᠪᠠᠷ ᠳᠠᠮᠵᠢᠭᠤᠯᠤᠨ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ | ᠲᠣᠬᠢᠷᠠᠭᠤᠯᠤᠨ ᠱᠠᠭᠠᠷᠳᠠᠯᠭ᠎ᠠ ᠳᠤ ᠨᠡᠶᠢᠴᠡᠭᠰᠡᠨ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠵᠦᠢᠯᠡᠰ ᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ | ᠬᠤᠷᠢ᠂ ᠵᠢᠭᠤᠯᠴᠢᠯᠠᠯ ᠤᠨ ᠠᠵᠤ ᠠᠬᠤᠶᠢᠯᠠᠯ ᠤᠨ ᠮᠥᠩᠬᠦᠨ ᠬᠦᠢᠯᠬᠡᠬᠡᠨ ᠤ ᠦᠢᠯᠡᠴᠢᠯᠡᠭᠡ ᠶᠢ ᠬᠡᠷᠬᠢᠨ | ᠰᠠᠶᠢᠵᠢᠷᠠᠭᠤᠯᠬᠤ ᠪᠤᠢ︖ | ᠳᠤᠮᠳᠠᠳᠤ ᠤᠯᠤᠰ ᠤᠨ ᠠᠷᠠᠳ ᠤᠨ ᠪᠠᠩᠬᠢ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ | ᠭᠠᠳᠠᠭᠠᠳᠤ ᠭᠤᠪᠢᠭᠤᠯᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠢᠭᠤᠯᠴᠢᠯᠠᠯ ᠤᠨ ᠠᠵᠤ | ᠠᠬᠤᠶᠢᠯᠠᠯ ᠳᠤ ᠵᠣᠷᠢᠭᠤᠯᠤᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠴᠦ ᠲᠠᠯᠪᠢᠨ ᠰᠠᠶᠢᠵᠢᠷᠠᠭᠤᠯᠤᠨ | ᠴᠢᠩᠭᠠᠳᠬᠠᠨ᠎ᠠ᠃ ᠨᠢᠭᠡ ᠳᠤ᠂ ᠲᠥᠷᠥ ᠶᠢᠨ ᠪᠣᠳᠣᠯᠭ᠎ᠠ ᠲᠣᠭᠲᠠᠭᠠᠨ ᠨᠡᠶᠢᠲᠡᠯᠡᠵᠦ ᠵᠢᠭᠤᠯᠴᠢᠯᠠᠯ ᠤᠨ ᠠᠵᠢᠯ | ᠲᠥᠷᠥᠯ ᠢ ᠳᠡᠮᠵᠢᠨ᠎ᠡ᠃ 2022 ᠣᠨ ᠤ 7 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ | ᠰᠣᠶᠣᠯ ᠪᠠ ᠵᠢᠭᠤᠯᠴᠢᠯᠠᠯ ᠤᠨ ᠶᠠᠮᠤᠨ ᠲᠠᠢ ᠬᠠᠮᠲᠤᠷᠠᠨ ᠮᠥᠩᠭᠦᠨ ᠭᠦᠢᠯᠭᠡᠭᠡᠨ ᠢᠶᠠᠷ ᠰᠣᠶᠣᠯ ᠪᠠ ᠵᠢᠭᠤᠯᠴᠢᠯᠠᠯ ᠤᠨ | ᠠᠵᠢᠯ ᠲᠦᠷᠦᠯ ᠢ ᠰᠡᠷᠭᠦᠭᠡᠨ ᠬᠥᠭᠵᠢᠭᠦᠯᠬᠦ ᠶᠢ ᠳᠡᠮᠵᠢᠬᠦ ᠲᠤᠬᠠᠢ ᠮᠡᠳᠡᠭᠳᠡᠯ ᠢ ᠲᠣᠭᠲᠠᠭᠠᠨ ᠨᠡᠶᠢᠲᠡᠯᠡᠵᠦ᠂ ᠮᠥᠩᠭᠦᠨ | ᠭᠦᠢᠯᠭᠡᠭᠡᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠬᠤ᠂ ᠵᠦᠷᠢᠶᠡᠴᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡ | ᠬᠠᠩᠭᠠᠬᠤ᠂ ᠢᠲᠡᠭᠡᠮᠵᠢᠲᠦ ᠵᠢᠭᠡᠯᠡᠯᠭᠡ ᠶᠢᠨ ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠪᠡᠯᠡ ᠮᠥᠩᠭᠦ | ᠴᠤᠭᠯᠠᠭᠤᠯᠬᠤ ᠠᠷᠭ᠎ᠠ ᠵᠠᠮ ᠢ ᠥᠷᠭᠡᠳᠬᠡᠬᠦ᠂ ᠪᠡᠯᠡ ᠮᠥᠩᠭᠦ ᠴᠤᠭᠯᠠᠭᠤᠯᠬᠤ ᠥᠪᠡᠷ ᠤᠨ ᠦᠷᠳᠡᠭ ᠢ ᠪᠠᠭᠤᠷᠠᠭᠤᠯᠬᠤ᠂ | ᠠᠵᠢᠯ ᠣᠯᠭᠤᠯᠲᠠ ᠪᠠ ᠢᠲᠡᠭᠡᠮᠵᠢ ᠶᠢᠨ ᠦᠢᠯᠡᠴᠢᠯᠡᠭᠡ ᠶᠢ ᠰᠠᠶᠢᠵᠢᠷᠠᠭᠤᠯᠬᠤ ᠵᠡᠷᠭᠡ ᠵᠢᠷᠭᠤᠭᠠᠨ ᠲᠠᠯ᠎ᠠ ᠶᠢᠨ ᠠᠷᠭ᠎ᠠ | ᠬᠡᠮᠵᠢᠶ᠎ᠡ ᠶᠢ ᠳᠤᠷᠠᠳᠴᠠᠢ᠃ ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠪᠠᠰᠠ | ᠵᠢᠭᠤᠯᠴᠢᠯᠠᠯ ᠤᠨ ᠬᠤᠷᠢᠶ᠎ᠠ ᠵᠡᠷᠭᠡ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ | ᠵᠡᠷᠭᠡ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠬᠦ ᠳᠤ ᠣᠷᠣᠯᠴᠠᠵᠠᠢ᠃ ᠬᠤᠶᠠᠷ ᠲᠤ᠂ ᠵᠣᠭᠤᠰᠤᠨ ᠤ | ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠵᠢᠭᠤᠯᠴᠢᠯᠠᠯ ᠤᠨ ᠠᠵᠤ ᠠᠬᠤᠶᠢᠯᠠᠯ ᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ 2022 | ᠣᠨ ᠤ 9 ᠳ᠋ᠤᠭᠡᠷ ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ 2000 ᠳ᠋ᠦᠩᠰᠢᠭᠤᠷ ᠲᠥᠭᠦᠷᠢᠭ ᠤᠨ | ᠲᠤᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠲᠤᠰᠬᠠᠢ ᠲᠦᠷᠦᠯ ᠤᠨ ᠲᠠᠬᠢᠨ ᠵᠢᠭᠡᠯᠡᠯᠭᠡ᠂ ᠢᠵᠢ | ᠪᠦᠷᠢᠳᠦᠭᠰᠡᠨ ᠡᠳ᠋ ᠤᠨ ᠵᠠᠰᠠᠭ ᠤᠨ ᠬᠦᠦ ᠮᠥᠩᠬᠦ ᠨᠥᠬᠦᠪᠦᠷᠢᠯᠡᠬᠦ ᠲᠦᠷᠦ ᠶᠢᠨ ᠪᠣᠳᠣᠯᠭ᠎ᠠ ᠶᠢ ᠲᠣᠬᠢᠷᠠᠭᠤᠯᠵᠤ᠂ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠵᠡᠷᠭᠡ 10 ᠭᠤᠣᠯᠳᠠᠯᠭ᠎ᠠ ᠲᠠᠢ ᠬᠦᠷᠢᠶᠡᠨ ᠤ ᠲᠤᠨᠤᠭ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠲᠦᠷᠦᠯ ᠵᠦᠢᠯ ᠢ ᠲᠤᠰᠬᠠᠢ ᠲᠦᠷᠦᠯ ᠢᠶᠠᠷ ᠳᠡᠮᠵᠢᠪᠡ᠃ ᠭᠤᠷᠪᠠ ᠳᠤ᠂ ᠲᠥᠷᠥ ᠶᠢᠨ | ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠬᠡᠷᠡᠭᠯᠡᠨ | ᠵᠢᠭᠤᠯᠴᠢᠯᠠᠯ ᠤᠨ ᠬᠤᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠶᠢᠨ ᠵᠦᠢᠯᠡᠰ ᠢ ᠳᠡᠮᠵᠢᠨ᠎ᠡ᠃ 2022 ᠣᠨ ᠤ 6 | ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠠᠷᠠᠳ ᠤᠨ ᠪᠠᠩᠬᠢ ᠲᠦᠷᠦ ᠶᠢᠨ ᠪᠣᠳᠣᠯᠭ᠎ᠠ ᠶᠢᠨ ᠴᠢᠨᠠᠷᠲᠠᠢ᠂ ᠨᠡᠭᠡᠭᠡᠨ | ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠲᠤᠬᠢᠷᠠᠭᠤᠯᠵᠠᠢ᠃ ᠡᠬᠦᠨ ᠢ ᠲᠦᠷᠦ ᠶᠢᠨ | ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠪᠠᠩᠬᠢ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠪᠡᠯᠡ ᠤᠷᠤᠭᠤᠯᠬᠤ ᠰᠠᠭᠤᠷᠢ ᠮᠥᠩᠭᠦ ᠶᠢ ᠪᠠᠶᠢᠭᠤᠯᠵᠤ᠂ ᠴᠢᠬᠤᠯᠠ ᠶᠡᠭᠡ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠬᠥᠷᠥᠩᠭᠡ ᠮᠥᠩᠭᠦ ᠶᠢ ᠨᠥᠬᠦᠪᠦᠷᠢᠯᠡᠬᠦ ᠳᠤ ᠬᠡᠷᠡᠭᠯᠡᠵᠡᠢ᠃ ᠡᠭᠦᠨ ᠳᠤ᠂ | ᠵᠢᠭᠤᠯᠴᠢᠯᠠᠯ ᠤᠨ ᠬᠤᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠳᠤ 5 ᠳ᠋ᠦᠩᠰᠢᠭᠤᠷ | ᠲᠥᠭᠦᠷᠢᠭ ᠤᠷᠤᠭᠤᠯᠵᠠᠢ᠂ ᠵᠢᠱᠢᠯᠲᠡ ᠪᠠᠷ ᠲᠥᠷᠥᠯ ᠵᠦᠢᠯ ᠤᠨ ᠪᠥᠬᠦ ᠪᠡᠯᠡ ᠣᠷᠣᠭᠤᠯᠤᠯᠲᠠ ᠶᠢ 49 ᠳ᠋ᠦᠩᠰᠢᠭᠤᠷ | ᠲᠥᠭᠦᠷᠢᠭ ᠬᠥᠳᠡᠯᠭᠡᠨ᠎ᠡ᠃ ᠳᠥᠷᠪᠡ ᠳᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠪᠡᠶ᠎ᠡ ᠶᠢᠨ | ᠲᠤᠬᠠᠶᠢᠯᠠᠭᠰᠠᠨ ᠠᠵᠢᠯ ᠪᠣᠯᠣᠨ ᠵᠢᠭᠤᠯᠴᠢᠯᠠᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠣᠨᠴᠠᠯᠢᠭ ᠲᠠᠢ ᠪᠠᠨ ᠤᠶᠠᠯᠳᠤᠭᠤᠯᠵᠤ᠂ ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠰᠢᠰᠲ᠋ᠧᠮ ᠢ | ᠰᠢᠯᠢᠳᠡᠭᠵᠢᠭᠦᠯᠬᠦ᠂ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠢ ᠪᠠᠶᠠᠯᠢᠭᠵᠢᠭᠤᠯᠬᠤ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠵᠤ ᠵᠢᠭᠤᠯᠴᠢᠯᠠᠯ ᠤᠨ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ ᠢᠳᠡᠪᠬᠢᠲᠡᠢ | ᠵᠣᠯᠭᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠵᠣᠷᠢᠭᠵᠢᠭᠤᠯᠬᠤ ᠶᠢᠨ ᠬᠠᠮᠲᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠠᠬ᠎ᠠ | ᠳᠡᠯᠭᠡᠭᠦᠷ ᠲᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠯᠡ | ᠲᠣᠬᠢᠷᠠᠭᠤᠯᠭ᠎ᠠ ᠶᠢᠨ ᠪᠠᠶᠢᠳᠠᠯ ᠢᠶᠠᠨ ᠰᠠᠶᠢᠵᠢᠷᠠᠭᠤᠯᠬᠤ ᠶᠢ ᠳᠡᠮᠵᠢᠨ᠎ᠡ᠃ 2023 ᠣᠨ ᠤ 8 ᠳ᠋ᠤᠭᠠᠷ ᠰᠠᠷ᠎ᠠ ᠶᠢᠨ | ᠰᠡᠭᠦᠯᠴᠢ ᠪᠣᠯᠲᠠᠯ᠎ᠠ᠂ ᠵᠢᠭᠤᠯᠴᠢᠯᠠᠯ ᠤᠨ ᠠᠵᠤ ᠠᠬᠤᠶᠢᠯᠠᠯ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ | ᠲᠡᠮᠳᠡᠭᠲᠦ ᠶᠢᠨ ᠵᠠᠬ᠎ᠠ ᠳᠡᠯᠭᠡᠭᠦᠷ ᠲᠤ ᠲᠠᠷᠬᠠᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠶᠢᠨ | ᠦᠯᠡᠳᠡᠪᠦᠷᠢ ᠲᠤᠭ᠎ᠠ 1174 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11. | 3% ᠪᠠᠷ ᠨᠡᠮᠡᠭᠳᠡᠵᠡᠢ᠃ ᠲᠠᠪᠤ ᠳᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠬᠢᠯᠢ ᠠᠯᠤᠰᠯᠠᠭᠰᠠᠨ ᠠᠷᠠᠯᠵᠢᠶᠠᠨ ᠤ | ᠭᠠᠳᠠᠭᠠᠳᠤ ᠭᠤᠪᠢᠭᠤᠯᠭ᠎ᠠ ᠶᠢᠨ ᠪᠡᠯᠡ ᠮᠥᠩᠭᠦ ᠶᠢ ᠲᠤᠭᠠᠴᠠᠨ ᠪᠤᠳᠤᠬᠤ ᠳᠤ ᠲᠥᠬᠦᠮ ᠦᠵᠡᠬᠦᠯᠦᠨ᠎ᠡ᠃ | ᠵᠢᠭᠤᠯᠴᠢᠯᠠᠯ ᠤᠨ ᠠᠵᠤ ᠠᠬᠤᠶᠢᠯᠠᠯ ᠬᠢᠯᠢ ᠠᠯᠤᠰᠯᠠᠭᠰᠠᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠥᠷᠨᠢᠭᠦᠯᠬᠦ | ᠦᠶ᠎ᠡ ᠳᠤ ᠡᠭᠦᠰᠦᠭᠰᠡᠨ ᠬᠠᠮᠢᠶ᠎ᠠ ᠪᠦᠬᠦᠢ ᠭᠠᠳᠠᠭᠠᠳᠤ ᠭᠤᠪᠢᠭᠤᠯᠭ᠎ᠠ ᠶᠢᠨ ᠪᠡᠯᠡ ᠮᠥᠩᠭᠦ ᠶᠢᠨ ᠣᠷᠣᠯᠭ᠎ᠠ | ᠵᠠᠷᠤᠯᠭ᠎ᠠ ᠶᠢ ᠪᠠᠩᠬᠢ ᠳᠤ ᠰᠢᠭᠤᠳ ᠭᠦᠢᠴᠡᠳᠬᠡᠵᠦ᠂ ᠪᠠᠩᠬᠢ ᠵᠠᠷᠴᠢᠮ ᠶᠣᠰᠣᠭᠠᠷ ᠪᠡᠶ᠎ᠡ ᠪᠠᠨ ᠳᠠᠭᠠᠭᠠᠵᠤ ᠬᠢᠨᠠᠨ | ᠬᠠᠷᠭᠤᠭᠤᠯᠤᠨ᠎ᠠ᠃ ᠣᠳᠣᠬᠠᠨ ᠳᠤ᠂ ᠵᠢᠭᠤᠯᠴᠢᠯᠠᠯ ᠤᠨ ᠠᠵᠢᠯ ᠲᠥᠷᠥᠯ ᠤᠨ ᠰᠡᠷᠭᠦᠯᠲᠡ ᠶᠢᠨ ᠬᠠᠨᠳᠤᠰᠢ ᠪᠠ | ᠬᠥᠭᠵᠢᠯᠲᠡ ᠶᠢᠨ ᠵᠢᠱᠢᠯᠲᠡ ᠨᠡᠯᠢᠶᠡᠳ ᠰᠠᠶᠢᠨ ᠪᠠᠶᠢᠵᠤ᠂ ᠠᠵᠤ ᠠᠬᠤᠶᠢᠯᠠᠯ ᠤᠨ ᠲᠣᠰ ᠪᠡᠶ᠎ᠡ ᠶᠢᠨ ᠡᠭᠦᠰᠭᠡᠨ | ᠬᠥᠭᠵᠢᠬᠦᠯᠬᠦ ᠴᠢᠳᠠᠮᠵᠢ ᠴᠤ ᠲᠠᠰᠤᠷᠠᠯᠲᠠ ᠦᠭᠡᠢ ᠴᠢᠩᠭᠠᠷᠠᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠤᠨ | ᠪᠠᠩᠬᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠢᠭᠤᠯᠴᠢᠯᠠᠯ ᠤᠨ ᠠᠵᠤ ᠠᠬᠤᠶᠢᠯᠠᠯ ᠤᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ | ᠬᠤᠷᠢᠨ ᠨᠢᠬᠡ᠂ ︽ᠠᠷᠭ᠎ᠠ ᠬᠡᠮᠵᠢᠶ᠎ᠡ ᠨᠦᠭᠦᠳ︾ ᠲᠤ ᠵᠢᠭᠤᠯᠴᠢᠯᠠᠯ ᠤᠨ ᠪᠡᠯᠡ ᠤᠷᠤᠭᠤᠯᠤᠯᠲᠠ ᠶᠢ | ᠠᠬᠢᠭᠤᠯᠬᠤ ᠲᠠᠯ᠎ᠠ ᠪᠠᠷ ᠶᠠᠮᠠᠷ ᠰᠢᠨᠡᠴᠢᠯᠡᠭᠰᠡᠨ ᠠᠷᠭ᠎ᠠ ᠪᠠᠷᠢᠯ ᠪᠠᠶᠢᠬᠤ ᠪᠤᠢ︖ | ᠵᠢᠭᠤᠯᠴᠢᠯᠠᠯ ᠤᠨ ᠡᠬᠢ ᠪᠠᠶᠠᠯᠢᠭ ᠤᠨ ᠲᠥᠷᠥᠯᠬᠢ ᠤᠨᠴᠠᠯᠢᠭ᠂ ᠨᠡᠭᠡᠭᠡᠨ ᠬᠥᠭᠵᠢᠭᠦᠯᠬᠦ ᠵᠠᠭᠪᠤᠷ ᠤᠨ ᠵᠥᠷᠢᠶ᠎ᠡ | ᠨᠡᠯᠢᠶᠡᠳ ᠶᠡᠭᠡ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠵᠢᠭᠤᠯᠴᠢᠯᠠᠯ ᠤᠨ ᠡᠳ᠋ ᠬᠥᠷᠥᠩᠭᠡ ᠶᠢᠨ | ᠡᠷᠬᠡ ᠶᠢᠨ ᠬᠠᠷᠢᠶᠠᠯᠠᠯ ᠪᠤᠳᠤᠯᠢᠶᠠᠨᠲᠠᠢ ᠪᠠᠶᠢᠵᠤ᠂ ᠵᠢᠭᠤᠯᠴᠢᠯᠠᠯ ᠤᠨ ᠠᠵᠢᠯ ᠲᠥᠷᠥᠯ ᠤᠨ ᠪᠦᠬᠦᠯᠢ ᠴᠣᠭᠴᠠ ᠶᠢᠨ | ᠡᠳ᠋ ᠬᠥᠷᠥᠩᠭᠡ ᠶᠢᠨ ᠦᠨᠡᠲᠦ ᠲᠡᠮᠳᠡᠭᠴᠢᠯᠡᠭᠰᠡᠨ ᠨᠣᠷᠮ᠎ᠠ ᠳᠣᠣᠷ᠎ᠠ ᠪᠠᠶᠢᠵᠤ᠂ ᠨᠡᠶᠢᠭᠡᠮ ᠤᠨ ᠡᠳ᠋ ᠬᠥᠷᠥᠩᠭᠡ ᠶᠢᠨ | ᠪᠡᠯᠡ ᠣᠷᠣᠭᠤᠯᠤᠯᠲᠠ ᠶᠢ ᠬᠢᠵᠠᠭᠠᠷᠯᠠᠪᠠ᠃ ᠬᠡᠰᠡᠭ ᠭᠠᠵᠠᠷ ᠣᠷᠣᠨ ᠳᠤ ᠵᠢᠭᠤᠯᠴᠢᠯᠠᠯ ᠤᠨ ᠲᠥᠷᠥᠯ ᠵᠦᠢᠯ ᠤᠨ | ᠠᠰᠢᠭ ᠣᠯᠬᠤ ᠡᠷᠬᠡ᠂ ᠵᠢᠭᠤᠯᠴᠢᠯᠠᠯ ᠤᠨ ᠲᠥᠷᠥᠯ ᠵᠦᠢᠯ ︵ᠦᠵᠡᠮᠵᠢ ᠶᠢᠨ ᠣᠷᠣᠨ︶ ᠤᠨ ᠣᠨᠴᠠ | ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠶᠢ ᠵᠠᠬ᠎ᠠ ᠳᠡᠯᠭᠡᠭᠦᠷ ᠲᠤ ᠣᠷᠣᠭᠤᠯᠵᠤ ᠠᠷᠠᠯᠵᠢᠶᠠᠯᠠᠬᠤ᠂ ᠳᠡᠩᠰᠡᠯᠡᠨ | ᠲᠡᠮᠳᠡᠭᠯᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠶᠢ ᠰᠦᠪᠡᠭᠴᠢᠯᠡᠬᠦ ᠨᠢ ᠵᠢᠭᠤᠯᠴᠢᠯᠠᠯ ᠤᠨ ᠲᠥᠷᠥᠯ | ᠵᠦᠢᠯ ᠤᠨ ᠪᠡᠯᠡ ᠤᠷᠤᠭᠤᠯᠬᠤ᠂ ᠡᠵᠡᠩᠨᠡᠬᠦ ᠡᠳ᠋ ᠬᠥᠷᠥᠩᠭᠡ ᠶᠢᠨ ᠡᠷᠬᠡ ᠠᠰᠢᠭ ᠤᠨ ᠠᠮᠤᠷ ᠲᠦᠪᠰᠢᠨ ᠴᠢᠨᠠᠷ ᠪᠠ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ︔ ᠪᠥᠬᠦ ᠤᠯᠤᠰ ᠤᠨ ᠬᠡᠪᠴᠢᠶᠡᠨ ᠳᠤ | ᠨᠢᠭᠡᠳᠦᠯᠲᠡᠢ ᠲᠥᠯᠥᠪᠯᠡᠨ ᠬᠠᠮᠢᠶᠠᠷᠬᠤ ᠪᠠ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠠᠮᠢᠶ᠎ᠠ ᠪᠦᠬᠦᠢ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠢᠳᠡᠪᠬᠢᠲᠡᠢ ᠬᠥᠲᠥᠯᠥᠨ | ᠵᠢᠯᠤᠭᠤᠳᠴᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠵᠢᠭᠤᠯᠴᠢᠯᠠᠯ ᠤᠨ ᠲᠥᠷᠥᠯ ᠵᠦᠢᠯ ᠳᠤ ᠵᠠᠬ᠎ᠠ ᠳᠡᠯᠭᠡᠭᠦᠷ ᠲᠤ ᠨᠡᠶᠢᠴᠡᠬᠦ ᠥᠷᠲᠡᠭ ᠤᠨ ᠮᠠᠭᠠᠳᠯᠠᠯᠲᠠ | ᠬᠢᠯᠭᠡᠵᠦ᠂ ᠬᠤᠯᠪᠣᠭᠳᠠᠯ ᠪᠦᠬᠦᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠢᠭᠤᠯᠴᠢᠯᠠᠯ ᠤᠨ | ᠡᠳ᠋ ᠬᠥᠷᠥᠩᠭᠡ ᠶᠢ ᠦᠨᠡᠲᠦ ᠲᠡᠮᠳᠡᠭᠲᠦ ᠪᠣᠯᠭᠠᠬᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ ᠳᠤ | ᠪᠠᠲᠤ ᠰᠠᠭᠤᠷᠢ ᠲᠠᠯᠪᠢᠬᠤ ᠳᠤ ᠠᠰᠢᠭᠲᠠᠢ᠃ ᠰᠣᠶᠣᠯ ᠪᠠ ᠵᠢᠭᠤᠯᠴᠢᠯᠠᠯ ᠤᠨ ᠶᠠᠮᠤᠨ ᠵᠢᠭᠤᠯᠴᠢᠯᠠᠯ ᠤᠨ ᠡᠬᠢ | ᠪᠠᠶᠠᠯᠢᠭ ᠤᠨ ᠵᠡᠷᠭᠡ ᠳᠡᠰ᠂ ᠰᠢᠨᠵᠢ ᠴᠢᠨᠠᠷ᠂ ᠨᠡᠭᠡᠭᠡᠨ ᠬᠥᠭᠵᠢᠭᠦᠯᠬᠦ ᠦᠶᠡᠯᠡᠯ ᠤᠨ ᠬᠤᠭᠤᠴᠠᠭ᠎ᠠ᠂ ᠬᠠᠮᠲᠤᠷᠠᠯᠴᠠᠬᠤ | ᠡᠲᠡᠭᠡᠳ ᠤᠨ ᠠᠳᠠᠯᠢ ᠪᠤᠰᠤ ᠶᠢ ᠦᠨᠳᠦᠰᠦᠯᠡᠨ᠂ ᠲᠥᠷᠥᠯ ᠵᠦᠢᠯ ᠤᠨ ᠠᠰᠢᠭ ᠣᠯᠬᠤ ᠡᠷᠬᠡ ᠪᠠ ᠣᠨᠴᠠ | ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠶᠢᠨ ᠬᠡᠷᠡᠭᠯᠡᠬᠦ ᠬᠡᠪᠴᠢᠶ᠎ᠡ ᠪᠠ ᠵᠣᠬᠢᠴᠠᠩᠭᠤᠢ ᠬᠠᠮᠢᠶᠠᠷᠤᠯᠲᠠ ᠶᠢᠨ | ᠰᠢᠰᠲ᠋ᠧᠮ ᠢ ᠰᠤᠳᠤᠯᠤᠨ ᠪᠠᠶᠢᠭᠤᠯᠤᠨ᠎ᠠ᠃ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠵᠣᠬᠢᠶᠠᠨ | ᠪᠠᠶᠢᠭᠤᠯᠵᠤ᠂ ᠡᠷᠬᠡ ᠶᠢᠨ ᠬᠠᠷᠢᠶᠠᠯᠠᠯ ᠢ ᠪᠠᠶᠢᠭᠤᠯᠬᠤ ᠪᠤᠶᠤ ᠬᠤᠪᠢᠷᠠᠭᠤᠯᠬᠤ ᠦᠶᠯᠡ ᠠᠵᠢᠯᠯᠠᠭ᠎ᠠ ᠶᠢ | ᠪᠡᠶᠡᠯᠡᠭᠦᠯᠦᠭᠰᠡᠨ ᠤ ᠳᠠᠷᠠᠭ᠎ᠠ ᠴᠠᠭ ᠲᠤᠬᠠᠢ ᠳᠤ ᠨᠢ ᠪᠦᠷᠢᠳᠬᠡᠨ ᠳᠠᠩᠰᠠᠯᠠᠭᠤᠯᠵᠤ᠂ ᠵᠢᠭᠤᠯᠴᠢᠯᠠᠯ ᠤᠨ ᠲᠥᠷᠥᠯ | ᠵᠦᠢᠯ ︵ᠦᠵᠡᠮᠵᠢ ᠶᠢᠨ ᠣᠷᠣᠨ︶ ᠤᠨ ᠲᠥᠷᠥᠯ ᠵᠦᠢᠯ ᠤᠨ ᠠᠰᠢᠭ ᠣᠯᠬᠤ ᠡᠷᠬᠡ ᠪᠠ ᠣᠨᠴᠠ ᠵᠥᠪᠰᠢᠶᠡᠷᠡᠭᠰᠡᠨ | ᠡᠵᠡᠩᠨᠡᠯᠲᠡ ᠶᠢᠨ ᠡᠷᠬᠡ ᠶᠢᠨ ᠬᠡᠪᠰᠢᠭᠰᠡᠨ ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠵᠤ᠂ ︽ᠡᠬᠢ ᠪᠠᠶᠠᠯᠢᠭ | ᠤᠯᠤᠰ ᠲᠤ ᠬᠠᠷᠢᠶᠠᠯᠠᠭᠳᠠᠬᠤ᠂ ᠬᠠᠮᠢᠶᠠᠷᠤᠯᠲᠠ ᠶᠢᠨ ᠡᠷᠬᠡ ᠵᠠᠰᠠᠭ ᠤᠨ ᠣᠷᠳᠣᠨ ᠳᠤ ᠬᠠᠷᠢᠶᠠᠯᠠᠭᠳᠠᠬᠤ᠂ | ᠡᠵᠡᠩᠨᠡᠯᠲᠡ ᠶᠢᠨ ᠡᠷᠬᠡ ᠵᠠᠬ᠎ᠠ ᠳᠡᠯᠭᠡᠭᠦᠷ ᠲᠤ ᠬᠠᠷᠢᠶᠠᠯᠠᠭᠳᠠᠬᠤ︾ ᠬᠥᠭᠵᠢᠯᠲᠡ ᠶᠢᠨ ᠠᠷᠭ᠎ᠠ ᠵᠠᠮ ᠢ | ᠰᠦᠪᠡᠭᠴᠢᠯᠡᠨ᠎ᠡ᠃ ᠰᠣᠶᠣᠯ ᠪᠠ ᠵᠢᠭᠤᠯᠴᠢᠯᠠᠯ ᠤᠨ ᠶᠠᠮᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ | ᠲᠥᠷᠥᠯ ᠤᠨ ᠦᠵᠡᠮᠵᠢ ᠶᠢᠨ ᠣᠷᠣᠨ ᠤ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢᠨ ᠭᠤᠣᠯ | ᠴᠣᠭᠴᠠ ᠶᠢᠨ ᠡᠷᠬᠡ ᠪᠠ ᠡᠭᠦᠷᠭᠡ ᠶᠢ ᠬᠠᠤᠯᠢ ᠶᠣᠰᠣᠭᠠᠷ ᠵᠠᠭᠠᠭᠯᠠᠨ ᠲᠣᠭᠲᠠᠭᠠᠭᠰᠠᠨ ᠰᠠᠭᠤᠷᠢᠨ ᠳᠡᠭᠡᠷ᠎ᠡ᠂ | ᠦᠵᠡᠮᠵᠢ ᠶᠢᠨ ᠣᠷᠣᠨ ᠤ ᠲᠥᠷᠥᠯ ᠵᠦᠢᠯ ᠳᠤ ᠲᠦᠰᠢᠭᠯᠡᠨ ᠰᠠᠭᠤᠷᠢ ᠪᠡᠯᠡᠳᠬᠡᠮᠵᠢ ᠶᠢᠨ REITs ᠲᠠᠷᠬᠠᠭᠠᠵᠤ᠂ | ︽ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠪᠣᠶᠢᠵᠢᠭᠤᠯᠵᠤ᠂ ᠨᠢᠭᠡ ᠪᠦᠯᠦᠭ ᠢ ᠭᠤᠶᠤᠴᠢᠯᠠᠨ ᠮᠡᠳᠡᠭᠦᠯᠵᠦ | ᠂ ᠨᠢᠭᠡ ᠪᠦᠯᠦᠭ ᠢ ᠲᠠᠷᠬᠠᠭᠠᠬᠤ︾ ᠱᠠᠲᠤᠯᠠᠨ ᠠᠬᠢᠭᠤᠯᠬᠤ ᠪᠠᠶᠢᠷᠢᠰᠢᠯ ᠢ ᠪᠣᠶ ᠪᠣᠯᠭᠠᠵᠤ᠂ ᠨᠥᠬᠦᠴᠡᠯ ᠳᠤ ᠨᠡᠶᠢᠴᠡᠬᠦ | ᠨᠠᠩ ᠣᠯᠠᠨ ᠵᠢᠭᠤᠯᠴᠢᠯᠠᠯ ᠤᠨ ᠲᠥᠷᠥᠯ ᠤᠨ ᠰᠠᠭᠤᠷᠢ ᠪᠡᠯᠡᠳᠬᠡᠮᠵᠢ ᠶᠢᠨ REITs ᠲᠥᠷᠥᠯ ᠵᠦᠢᠯ ᠤᠨ | ᠲᠠᠷᠬᠠᠭᠠᠯᠲᠠ ᠶᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠤᠨ᠎ᠠ᠃ | ᠬᠤᠷᠢᠨ ᠬᠤᠶᠠᠷ᠂ ᠵᠢᠭᠤᠯᠴᠢᠯᠠᠯ ᠤᠨ ᠦᠢᠯᠡᠰ ᠤᠨ ᠭᠠᠵᠠᠷ ᠬᠡᠷᠡᠭᠯᠡᠬᠦ ᠪᠠᠲᠤᠯᠠᠭ᠎ᠠ ᠶᠢ ᠬᠡᠷᠬᠢᠨ | ᠴᠢᠩᠭᠠᠳᠬᠠᠬᠤ ᠪᠤᠢ︖ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠃ ᠨᠢᠭᠡ ᠳᠤ᠂ ︽ᠪᠥᠬᠦ ᠤᠯᠤᠰ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢᠨ ᠲᠣᠪᠴᠢ ︵2021 ︱ 2035 ᠣᠨ︶︾ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠡᠯ᠎ᠡ ᠭᠠᠵᠠᠷ ᠤᠨ | ᠪᠠᠶᠢᠭᠠᠯᠢ ᠶᠢᠨ ᠡᠬᠢ ᠪᠠᠶᠠᠯᠢᠭ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢ ᠵᠢᠯᠣᠭᠤᠳᠤᠨ ᠮᠤᠵᠢ᠂ ᠬᠤᠲᠠ᠂ | ᠰᠢᠶᠠᠨ ᠤ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠵᠤ ᠬᠢᠨᠠᠨ ᠵᠥᠪᠰᠢᠶᠡᠷᠡᠬᠦ ᠠᠵᠢᠯ ᠢ ᠲᠦᠷᠭᠡᠳᠬᠡᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠳᠤ ᠵᠢᠭᠤᠯᠴᠢᠯᠠᠯ ᠤᠨ ᠵᠦᠢᠯᠡᠰ ᠲᠤ ᠬᠡᠷᠡᠭᠯᠡᠬᠦ ᠭᠠᠵᠠᠷ ᠢ ᠵᠦᠢ ᠵᠣᠬᠢᠰᠲᠠᠢ ᠲᠣᠬᠢᠷᠠᠭᠤᠯᠤᠨ᠎ᠠ᠃ | ᠬᠤᠶᠠᠷ ᠲᠤ᠂ ᠭᠠᠵᠠᠷ ᠬᠡᠷᠡᠭᠯᠡᠬᠦ ᠲᠥᠯᠥᠪᠯᠡᠭᠡ ᠶᠢᠨ ᠭᠦᠢᠴᠡᠳᠬᠡᠬᠦ ᠲᠤᠭ᠎ᠠ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ ᠨᠢᠭᠡᠳᠦᠯᠲᠡᠢ ᠲᠣᠬᠢᠷᠠᠭᠤᠯᠤᠨ᠎ᠠ᠃ ︽ᠲᠥᠷᠥᠯ ᠵᠦᠢᠯ ᠨᠢ ᠲᠥᠯᠦᠪᠵᠢᠭᠦᠯᠭᠡ ᠶᠢ ᠳᠠᠭᠠᠵᠤ ᠂ ᠭᠠᠵᠠᠷ | ᠰᠢᠷᠣᠢ ᠶᠢᠨ ᠭᠤᠤᠯ ᠡᠯᠧᠮᠧᠨ᠋ᠲ ᠨᠢ ᠲᠥᠷᠥᠯ ᠵᠦᠢᠯ ᠢ ᠳᠠᠭᠠᠬᠤ︾ ᠶᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ | ᠲᠥᠷᠥᠯ ᠵᠦᠢᠯ ᠤᠨ ᠨᠠᠷᠢᠨ ᠲᠠᠩᠰᠠ ᠵᠢᠴᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠴᠢᠬᠤᠯᠠ | ᠶᠡᠭᠡ ᠲᠥᠷᠥᠯ ᠵᠦᠢᠯ ᠤᠨ ᠨᠠᠷᠢᠨ ᠲᠠᠩᠰᠠᠨ ᠳᠤ ᠣᠷᠣᠭᠤᠯᠤᠭᠰᠠᠨ ᠵᠢᠭᠤᠯᠴᠢᠯᠠᠯ ᠤᠨ ᠲᠥᠷᠥᠯ ᠵᠦᠢᠯ ᠬᠡᠷᠡᠭᠯᠡᠬᠦ | ᠭᠠᠵᠠᠷ ᠰᠢᠷᠣᠢ ᠳᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠨᠠᠷᠢᠨ ᠲᠠᠩᠰᠠ ᠶᠢ ᠦᠨᠳᠦᠰᠦᠯᠡᠨ ᠲᠥᠯᠥᠪᠯᠡᠭᠡ ᠶᠢᠨ | ᠭᠦᠢᠴᠡᠳᠬᠡᠯ ᠲᠤᠭ᠎ᠠ ᠶᠢ ᠨᠢᠭᠡᠳᠦᠯᠲᠡᠢ ᠲᠣᠬᠢᠷᠠᠭᠤᠯᠤᠨ᠎ᠠ︔ ᠪᠤᠰᠤᠳ ᠵᠢᠭᠤᠯᠴᠢᠯᠠᠯ ᠤᠨ ᠲᠥᠷᠥᠯ ᠵᠦᠢᠯ ᠳᠤ | ᠬᠡᠷᠡᠭᠯᠡᠬᠦ ᠭᠠᠵᠠᠷ ᠰᠢᠷᠣᠢ ᠶᠢ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠡᠳᠡᠨ ᠤ ᠵᠦᠢ ᠵᠣᠬᠢᠰᠲᠠᠢ ᠬᠡᠷᠡᠭᠴᠡᠭᠡ ᠱᠠᠭᠠᠷᠳᠠᠯᠭ᠎ᠠ ᠶᠢ | ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠭᠠᠵᠠᠷ ᠰᠢᠷᠣᠢ ᠬᠡᠷᠡᠭᠯᠡᠬᠦ | ᠭᠤᠤᠯ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠢᠳᠡᠪᠬᠢᠲᠡᠢ ᠰᠠᠶᠢᠲᠤᠷ ᠬᠢᠵᠦ᠂ ᠣᠷᠣᠨ ᠨᠤᠲᠤᠭ ᠤᠨ | ᠪᠠᠶᠢᠭᠠᠯᠢ ᠶᠢᠨ ᠡᠬᠢ ᠪᠠᠶᠠᠯᠢᠭ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢ ᠵᠢᠯᠣᠭᠤᠳᠤᠨ ᠠᠬᠢᠴᠠ ᠶᠢ | ᠲᠦᠷᠭᠡᠳᠬᠡᠬᠦ᠂ ᠪᠠᠷᠢᠮᠵᠢᠶ᠎ᠠ ᠶᠢ ᠥᠯᠥ ᠪᠠᠭᠤᠷᠠᠭᠤᠯᠬᠤ ᠱᠠᠭᠠᠷᠳᠠᠯᠭ᠎ᠠ ᠶᠣᠰᠣᠭᠠᠷ᠂ ᠵᠢᠭᠤᠯᠴᠢᠯᠠᠯ ᠤᠨ ᠵᠦᠢᠯᠡᠰ ᠤᠨ | ᠭᠠᠵᠠᠷ ᠰᠢᠷᠣᠢ ᠬᠡᠷᠡᠭᠯᠡᠬᠦ ᠶᠢ ᠡᠪᠬᠡᠮᠡᠯ ᠪᠠᠶᠢᠭᠤᠯᠤᠨ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠰᠠᠶᠢᠲᠤᠷ ᠬᠢᠵᠦ᠂ | ᠵᠢᠭᠤᠯᠴᠢᠯᠠᠯ ᠤᠨ ᠵᠦᠢᠯᠡᠰ ᠤᠨ ᠭᠠᠵᠠᠷ ᠰᠢᠷᠣᠢ ᠬᠡᠷᠡᠭᠯᠡᠬᠦ ᠵᠦᠢ ᠵᠣᠬᠢᠰᠲᠠᠢ ᠬᠡᠷᠡᠭᠴᠡᠭᠡ ᠶᠢ ᠬᠠᠤᠯᠢ ᠲᠣᠭᠲᠠᠭᠠᠯ | ᠶᠣᠰᠣᠭᠠᠷ ᠪᠠᠲᠤᠯᠠᠨ᠎ᠠ᠃ ᠭᠤᠷᠪᠠ ᠳᠤ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠵᠢᠭᠤᠯᠴᠢᠯᠠᠯ ᠳᠤ ᠬᠡᠷᠡᠭᠯᠡᠬᠦ ᠭᠠᠵᠠᠷ | ᠬᠠᠩᠭᠠᠬᠤ ᠶᠢ ᠳᠡᠮᠵᠢᠨ᠎ᠡ᠃ ᠵᠢᠭᠤᠯᠴᠢᠯᠠᠯ ᠤᠨ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠂ ᠭᠠᠵᠠᠷ ᠰᠢᠷᠣᠢ ᠶᠢᠨ ᠬᠡᠷᠡᠭᠴᠡᠭᠡ ᠨᠢ ᠳᠠᠩᠨᠠᠭᠰᠠᠨ ᠮᠥᠷᠲᠡᠭᠡᠨ ᠬᠠᠤᠯᠢ ᠪᠠᠷ ᠲᠣᠭᠲᠠᠭᠠᠭᠰᠠᠨ ᠬᠤᠪᠢᠶᠠᠷᠢᠯᠠᠨ | ᠣᠯᠭᠤᠬᠤ ᠬᠡᠪᠴᠢᠶᠡᠨ ᠳᠤ ᠨᠡᠶᠢᠴᠡᠪᠡᠯ᠂ ᠬᠤᠪᠢᠶᠠᠷᠢᠯᠠᠨ ᠣᠯᠭᠤᠬᠤ ᠠᠷᠭ᠎ᠠ ᠮᠠᠶ᠋ᠢᠭ ᠢᠶᠠᠷ ᠬᠠᠩᠭᠠᠵᠤ ᠪᠣᠯᠣᠨ᠎ᠠ᠃ | ᠭᠠᠵᠠᠷ ᠰᠢᠷᠣᠢ ᠶᠢᠨ ᠬᠡᠷᠡᠭᠯᠡᠯᠲᠡ ᠨᠢ ᠬᠤᠯᠢᠮᠠᠭ ᠮᠥᠷᠲᠡᠭᠡᠨ ᠡᠵᠡᠩᠨᠡᠯᠲᠡ ᠶᠢᠨ ᠴᠢᠨᠠᠷᠲᠠᠢ ᠬᠡᠷᠡᠭᠯᠡᠯᠲᠡ ᠶᠢ | ᠪᠠᠭᠲᠠᠭᠠᠭᠰᠠᠨ ᠪᠠᠶᠢᠪᠠᠯ᠂ ᠵᠠᠷᠯᠠᠬᠤ᠂ ᠦᠨ᠎ᠡ ᠬᠠᠶᠠᠯᠴᠠᠬᠤ ᠪᠠ ᠫᠠᠶᠢᠰᠠ ᠡᠯᠭᠦᠬᠦ ᠠᠷᠭ᠎ᠠ ᠮᠠᠶ᠋ᠢᠭ ᠢᠶᠠᠷ ᠬᠠᠩᠭᠠᠬᠤ | ᠬᠡᠷᠡᠭᠲᠡᠢ᠃ ᠣᠷᠳᠣ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳ ᠢᠶᠠᠷ ᠲᠦᠷᠢᠶᠡᠰᠦᠯᠡᠭᠦᠯᠵᠦ ᠳᠠᠷᠠᠭ᠎ᠠ ᠨᠢ | ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠰᠢᠯᠵᠢᠭᠦᠯᠦᠨ ᠥᠭᠬᠦ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ | ᠭᠠᠵᠠᠷ ᠰᠢᠷᠣᠢ ᠬᠠᠩᠭᠠᠬᠤ ᠶᠢ ᠵᠣᠷᠢᠭᠵᠢᠭᠤᠯᠤᠨ᠎ᠠ᠃ ᠳᠥᠷᠪᠡ ᠳᠤ᠂ ︽ᠠᠵᠤ ᠦᠢᠯᠡᠰ ᠤᠨ ᠭᠠᠵᠠᠷ ᠬᠡᠷᠡᠭᠯᠡᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠵᠢᠯᠣᠭᠤᠳᠤᠮᠵᠢ ︵2019 ᠣᠨ ᠤ ᠬᠡᠪᠯᠡᠯ︶︾ ᠳᠤ | ᠰᠠᠭᠤᠷᠢᠯᠠᠨ᠂ ᠵᠢᠭᠤᠯᠴᠢᠯᠠᠯ ᠤᠨ ᠠᠵᠤ ᠦᠢᠯᠡᠰ ᠤᠨ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠰᠤᠳᠤᠯᠤᠨ | ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠰᠢᠷᠣᠢ ᠶᠢ ᠢᠳᠡᠪᠬᠢᠲᠡᠢ ᠪᠠᠷ | ᠠᠮᠢᠳᠤᠯᠢᠭᠵᠢᠭᠤᠯᠤᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠮᠵᠢᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ ᠤ ᠣᠶᠢᠷ᠎ᠠ ᠳᠤ ᠳᠠᠷᠤᠮᠠᠯᠯᠠᠨ ᠲᠠᠷᠬᠠᠭᠠᠭᠰᠠᠨ ︽ᠳᠣᠣᠷ᠎ᠠ ᠠᠰᠢᠭᠯᠠᠮᠵᠢᠲᠤ ᠭᠠᠵᠠᠷ ᠢ ᠳᠠᠬᠢᠨ | ᠨᠡᠭᠡᠭᠡᠨ ᠠᠰᠢᠭᠯᠠᠬᠤ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠳᠤ 43 ᠬᠤᠲᠠ ᠳᠤ 4 | ᠵᠢᠯ ᠤᠨ ᠬᠤᠭᠤᠴᠠᠭ᠎ᠠ ᠲᠠᠢ ᠳᠣᠣᠷ᠎ᠠ ᠠᠰᠢᠭᠯᠠᠮᠵᠢᠲᠤ ᠭᠠᠵᠠᠷ ᠢ ᠳᠠᠬᠢᠨ ᠨᠡᠭᠡᠭᠡᠨ ᠠᠰᠢᠭᠯᠠᠬᠤ ᠲᠤᠷᠰᠢᠯᠲᠠ ᠶᠢᠨ | ᠠᠵᠢᠯ ᠢ ᠥᠷᠨᠢᠭᠦᠯᠬᠦ ᠪᠠᠷ ᠲᠣᠭᠲᠠᠪᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠲᠣᠰ ᠠᠵᠢᠯ ᠲᠠᠢ | ᠤᠶᠠᠯᠳᠤᠭᠤᠯᠤᠨ᠂ ᠦᠯᠡᠳᠡᠭᠡᠯ ᠭᠠᠵᠠᠷ ᠰᠢᠷᠣᠢ ᠶᠢ ᠠᠮᠢᠳᠤᠯᠢᠭ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ | ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠵᠢᠭᠤᠯᠴᠢᠯᠠᠯ ᠤᠨ | ᠲᠥᠬᠦᠭᠡᠷᠦᠮᠵᠢ ᠶᠢᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠭᠠᠵᠠᠷ ᠰᠢᠷᠣᠢ ᠶᠢᠨ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ᠬᠤᠷᠢᠨ ᠭᠤᠷᠪᠠ᠂ ᠵᠢᠭᠤᠯᠴᠢᠯᠠᠯ ᠤᠨ ᠠᠮᠤᠷ ᠲᠥᠪᠰᠢᠨ ᠢ ᠪᠠᠲᠤᠯᠠᠬᠤ ᠠᠵᠢᠯ ᠢ ᠬᠡᠷᠬᠢᠨ ᠰᠠᠶᠢᠲᠤᠷ ᠬᠢᠬᠦ | ᠪᠤᠢ︖ | ᠠᠮᠤᠷ ᠲᠦᠪᠰᠢᠨ ᠪᠣᠯ ᠵᠢᠭᠤᠯᠴᠢᠯᠠᠯ ᠤᠨ ᠬᠤᠷᠢᠭ᠎ᠠ ᠱᠤᠭᠤᠮ ᠮᠥᠨ᠂ ᠰᠣᠶᠣᠯ ᠪᠠ ᠵᠢᠭᠤᠯᠴᠢᠯᠠᠯ ᠤᠨ ᠶᠠᠮᠤᠨ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠵᠢᠭᠤᠯᠴᠢᠯᠠᠯ ᠤᠨ ᠠᠮᠤᠷ ᠲᠦᠪᠰᠢᠨ ᠤ ᠪᠠᠲᠤᠯᠠᠪᠤᠷᠢ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ | ᠠᠮᠤᠷ ᠲᠦᠪᠰᠢᠨ ᠤ ᠬᠠᠮᠢᠶᠠᠷᠤᠯᠲᠠ ᠶᠢ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠡᠯ᠎ᠡ ᠬᠦᠷᠢᠶᠡᠨ ᠤ | ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠨᠢᠭᠡ ᠳᠤ᠂ ᠤᠯᠠᠨ ᠰᠠᠯᠠᠭ᠎ᠠ ᠮᠥᠴᠢᠷ ᠤᠨ ᠬᠠᠮᠲᠤᠷᠠᠨ ᠬᠢᠨᠠᠨ | ᠬᠠᠮᠢᠶᠠᠷᠬᠤ ᠶᠢ ᠲᠦᠯᠬᠢᠨ ᠠᠬᠢᠭᠤᠯᠤᠨ᠎ᠠ᠃ ᠵᠢᠭᠤᠯᠴᠢᠯᠠᠯ ᠨᠢ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ | ᠪᠣᠯᠤᠭᠰᠠᠨ ᠤ ᠬᠤᠪᠢ ᠳᠤ ᠣᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠳᠤ ᠬᠤᠯᠪᠤᠭᠳᠠᠨ᠎ᠠ᠂ ᠰᠣᠶᠣᠯ ᠪᠠ | ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠪᠡᠶ᠎ᠡ ᠶᠢᠨ ᠲᠠᠮᠢᠷ᠂ ᠭᠠᠯ ᠤᠨᠲᠠᠷᠠᠭᠠᠬᠤ ᠵᠡᠷᠭᠡ | ᠣᠯᠠᠨ ᠰᠠᠯᠠᠭ᠎ᠠ ᠮᠥᠴᠢᠷ ᠬᠠᠮᠲᠤᠷᠠᠨ ᠠᠵᠢᠯ ᠲᠥᠷᠥᠯ ᠤᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ | ᠡᠵᠡᠩᠨᠡᠯᠲᠡ ᠶᠢᠨ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ᠠᠶᠤᠯ ᠦᠭᠡᠢ ᠦᠢᠯᠡᠳᠪᠦᠷᠢᠯᠡᠯ᠂ ᠭᠠᠯ | ᠤᠨᠲᠠᠷᠠᠭᠠᠬᠤ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠢᠳᠡᠭᠡᠨ | ᠤᠮᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠠᠮᠤᠷ ᠲᠦᠪᠰᠢᠨ ᠤ ᠬᠠᠮᠢᠶᠠᠷᠤᠯᠲᠠ ᠶᠢᠨ ᠠᠯᠳᠠᠰᠢ ᠭᠠᠷᠬᠤ ᠶᠢ ᠬᠤᠷᠢᠭᠯᠠᠨ᠂ ᠠᠳᠡᠯ ᠭᠠᠮᠰᠢᠭ ᠢ ᠰᠡᠷᠭᠡᠶᠢᠯᠡᠨ | ᠠᠷᠭᠠᠴᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠵᠢᠭᠤᠯᠴᠢᠯᠠᠯ ᠤᠨ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠦᠨ᠎ᠡ᠃ ᠬᠤᠶᠠᠷ ᠲᠤ᠂ | ᠭᠤᠣᠯᠳᠠᠯᠭ᠎ᠠ ᠲᠠᠢ ᠲᠠᠯᠠᠪᠤᠷ ᠭᠠᠵᠠᠷ ᠨᠢᠭᠡᠴᠢ᠂ ᠴᠢᠬᠤᠯᠠ ᠴᠠᠭ ᠬᠤᠭᠤᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠦᠶᠡᠷ ᠤᠨ ᠬᠤᠭᠤᠴᠠᠭ᠎ᠠ᠂ ᠵᠤᠨ ᠤ ᠠᠮᠠᠷᠠᠯᠲᠠ ᠶᠢᠨ ᠬᠤᠭᠤᠴᠠᠭ᠎ᠠ | ᠵᠡᠷᠭᠡ ᠴᠢᠬᠤᠯᠠ ᠴᠠᠭ ᠬᠤᠭᠤᠴᠠᠭ᠎ᠠ ᠪᠠ ᠴᠠᠭᠠᠨ ᠰᠠᠷ᠎ᠠ᠂ ᠲᠠᠪᠤᠨ ᠰᠠᠷ᠎ᠠ ᠶᠢᠨ ᠨᠢᠭᠡᠨ᠂ ᠤᠯᠤᠰ ᠤᠨ ᠪᠠᠶᠠᠷ ᠵᠡᠷᠭᠡ | ᠴᠢᠬᠤᠯᠠ ᠪᠠᠶᠠᠷ ᠳᠤᠷᠠᠰᠬᠠᠯ ᠤᠨ ᠡᠳᠦᠷ ᠲᠤ ᠴᠢᠭᠯᠡᠭᠦᠯᠦᠨ᠂ ᠠᠮᠤᠷ ᠲᠦᠪᠰᠢᠨ ᠤ ᠪᠠᠶᠢᠳᠠᠯ ᠢ ᠰᠤᠳᠤᠯᠤᠨ | ᠮᠠᠭᠠᠳᠯᠠᠬᠤ ᠶᠢᠨ ᠬᠠᠮᠲᠤ ᠲᠤᠬᠢᠷᠠᠭᠤᠯᠤᠨ ᠪᠠᠶᠢᠷᠢᠯᠠᠭᠤᠯᠤᠨ᠎ᠠ᠃ ᠵᠢᠭᠤᠯᠴᠢᠯᠠᠯ ᠤᠨ ᠲᠡᠷᠭᠡ ᠬᠥᠯᠥᠰᠦᠯᠡᠬᠦ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠲᠡᠷᠭᠡ | ᠬᠡᠷᠡᠭᠯᠡᠬᠦ ︽ᠲᠠᠪᠤ ᠶᠢ ᠥᠯᠥ ᠲᠦᠷᠢᠶᠡᠰᠦᠯᠡᠬᠦ︾ ᠳᠦᠷᠢᠮ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠲᠤᠬᠠᠶᠢᠯᠠᠪᠠᠯ | ᠠᠶᠠᠨᠴᠢᠳ ᠤᠨ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠦᠭᠡᠢ ᠡᠵᠡᠩᠨᠡᠭᠴᠢ ᠶᠢᠨ ᠲᠡᠷᠭᠡ | ᠬᠥᠰᠬᠡ᠂ ᠵᠠᠮ ᠲᠡᠭᠡᠭᠡᠪᠦᠷᠢ ᠶᠢᠨ ᠬᠦᠴᠦᠨ ᠪᠦᠬᠦᠢ ᠦᠨᠡᠮᠯᠡᠯ ᠠᠪᠤᠭᠰᠠᠨ ᠦᠭᠡᠢ ᠲᠡᠷᠭᠡ ᠬᠥᠰᠬᠡ᠂ ᠳᠠᠭᠠᠭᠤᠯᠢ | ᠤᠳᠤᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ ᠤᠭᠰᠠᠷᠠᠭᠤᠯᠤᠭᠰᠠᠨ ᠦᠭᠡᠢ ᠲᠡᠷᠭᠡ ᠬᠥᠰᠬᠡ᠂ | ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠲᠤ ᠳᠠᠭᠠᠳᠬᠠᠭᠤᠯᠤᠭᠰᠠᠨ ᠦᠭᠡᠢ ᠲᠡᠷᠭᠡ ᠬᠥᠰᠬᠡ᠂ | ᠲᠡᠷᠭᠡ ᠳᠠᠭᠠᠭᠠᠴᠢᠯᠠᠬᠤ ᠭᠡᠷ᠎ᠡ ᠲᠣᠭᠲᠠᠭᠰᠠᠨ ᠦᠭᠡᠢ ᠲᠡᠷᠭᠡ ᠬᠥᠰᠬᠡ ᠶᠢ ᠲᠦᠷᠢᠶᠡᠰᠦᠯᠡᠨ ᠬᠡᠷᠡᠭᠯᠡᠬᠦ ᠦᠭᠡᠢ᠂ ︽ | ᠵᠢᠷᠤᠮᠵᠢᠲᠦ ᠬᠤᠷᠢᠶ᠎ᠠ︾᠂ ︽ ᠵᠢᠷᠤᠮᠵᠢᠲᠦ ᠬᠥᠲᠥᠴᠢ︾᠂ ︽ ᠵᠢᠷᠤᠮᠵᠢᠲᠦ ᠲᠡᠷᠭᠡ︾ ᠶᠢᠨ ᠵᠠᠬ᠎ᠠ ᠳᠡᠯᠭᠡᠭᠦᠷ ᠤᠨ | ᠪᠠᠶᠢᠷᠢᠰᠢᠯ ᠢ ᠲᠦᠷᠭᠡᠳᠬᠡᠨ ᠪᠤᠢ ᠪᠣᠯᠭᠠᠵᠤ᠂ ᠵᠢᠭᠤᠯᠴᠢᠯᠠᠭᠴᠢᠳ ᠤᠨ ᠠᠮᠤᠷ ᠲᠦᠪᠰᠢᠨ ᠢ ᠦᠨᠡᠨ ᠬᠦ | ᠪᠠᠲᠤᠯᠠᠨ᠎ᠠ᠃ | ᠬᠤᠷᠢᠨ ᠳᠥᠷᠪᠡ᠂ ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠳᠦᠷᠢᠮ ᠢ ᠬᠡᠷᠬᠢᠨ ᠤᠯᠠᠮ ᠨᠢᠬᠡ ᠠᠯᠬᠤᠮ | ᠲᠡᠭᠦᠯᠳᠡᠷᠵᠢᠬᠦᠯᠬᠦ ᠪᠤᠢ︖ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ | ᠨᠡᠮᠡᠭᠳᠡᠯ ᠥᠷᠲᠡᠭ ᠤᠨ ᠲᠣᠭᠠᠴᠠᠭ᠎ᠠ ᠬᠢᠬᠦ ᠠᠷᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠤᠯᠤᠰ ᠤᠨ | ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠲᠤᠭ᠎ᠠ ᠪᠦᠷᠢᠳᠬᠡᠯ ᠤᠨ ᠠᠩᠭᠢᠯᠠᠯ ︵2018︶︾ ᠢ | ᠦᠨᠳᠦᠰᠦᠯᠡᠨ ᠪᠥᠬᠦ ᠤᠯᠤᠰ ᠤᠨ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠤᠨ | ᠲᠣᠭᠠᠴᠠᠭ᠎ᠠ ᠬᠢᠬᠦ ᠠᠵᠢᠯ ᠢ ᠥᠷᠨᠢᠭᠦᠯᠵᠦ᠂ ᠵᠢᠭᠤᠯᠴᠢᠯᠠᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ | ᠥᠷᠲᠡᠭ ᠵᠢᠴᠢ ᠲᠡᠭᠦᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ ︵GDP︶ ᠲᠤ | ᠡᠵᠡᠯᠡᠬᠦ ᠬᠤᠪᠢ ᠶᠢᠨ ᠵᠢᠩ ᠵᠡᠷᠭᠡ ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠵᠦ᠂ ᠮᠠᠨ ᠤ ᠤᠯᠤᠰ ᠤᠨ ᠵᠢᠭᠤᠯᠴᠢᠯᠠᠯ | ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠲᠤᠰᠬᠠᠨ᠎ᠠ᠃ ᠰᠣᠶᠣᠯ | ᠪᠠ ᠵᠢᠭᠤᠯᠴᠢᠯᠠᠯ ᠤᠨ ᠶᠠᠮᠤᠨ ︽ᠪᠥᠬᠦ ᠤᠯᠤᠰ ᠤᠨ ᠰᠣᠶᠣᠯ ᠲᠡᠦᠬᠡ ᠶᠢᠨ ᠳᠤᠷᠠᠰᠬᠠᠯᠲᠤ ᠵᠦᠢᠯ ᠪᠠ | ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠳᠦᠷᠢᠮ︾ ᠳᠤ ᠵᠠᠰᠠᠪᠤᠷᠢ ᠣᠷᠣᠭᠤᠯᠬᠤ ᠠᠵᠢᠯ ᠢ | ᠵᠣᠬᠢᠶᠠᠨ ᠪᠠᠶᠢᠭᠤᠯᠵᠤ ᠥᠷᠨᠢᠬᠦᠯᠪᠡ᠂ ᠡᠭᠦᠨ ᠳᠤ ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ | ᠲᠥᠰᠥᠯ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠭᠤᠣᠯᠳᠠᠯᠭ᠎ᠠ ᠲᠠᠢ ᠪᠠᠷ ᠰᠢᠯᠢᠳᠡᠭᠵᠢᠭᠦᠯᠦᠨ | ᠲᠡᠭᠦᠯᠳᠡᠷᠵᠢᠭᠦᠯᠵᠦ᠂ ᠲᠤᠭ᠎ᠠ ᠪᠦᠷᠢᠳᠬᠡᠯ ᠤᠨ ᠠᠷᠭ᠎ᠠ᠂ ᠲᠤᠭ᠎ᠠ ᠪᠦᠷᠢᠳᠬᠡᠯ ᠤᠨ ᠱᠠᠭᠠᠷᠳᠠᠯᠭ᠎ᠠ ᠪᠠ ᠲᠤᠭ᠎ᠠ | ᠪᠦᠷᠢᠳᠬᠡᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠢᠭᠤᠯᠴᠢᠯᠠᠯ ᠤᠨ ᠲᠤᠭ᠎ᠠ | ᠪᠦᠷᠢᠳᠬᠡᠯ ᠤᠨ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠳᠦᠷᠢᠮ ᠤᠨ ᠪᠠᠲᠤᠯᠠᠭ᠎ᠠ ᠶᠢ ᠬᠠᠩᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ | ᠶᠠᠮᠤᠨ ᠵᠡᠷᠭᠡ ᠰᠠᠯᠠᠭ᠎ᠠ ᠮᠥᠴᠢᠷ ᠵᠢᠭᠤᠯᠴᠢᠯᠠᠯ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠲᠤᠭ᠎ᠠ | ᠪᠦᠷᠢᠳᠬᠡᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠵᠢᠭᠤᠯᠴᠢᠯᠠᠯ ᠤᠨ ᠲᠤᠭ᠎ᠠ ᠪᠦᠷᠢᠳᠬᠡᠯ ᠤᠨ ᠳᠦᠷᠢᠮ ᠳᠤ | ᠵᠠᠰᠠᠪᠤᠷᠢ ᠣᠷᠣᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃ | | | |