ᠠᠷᠪᠠ᠂ ᠬᠡᠷᠬᠢᠨ ᠭᠠᠳᠠᠭᠠᠳᠤ ᠳᠤ ᠬᠢ ᠵᠠᠬ᠎ᠠ ᠳᠡᠯᠭᠡᠭᠦᠷ ᠤᠨ ᠤᠬᠠᠭᠤᠯᠭ᠎ᠠ ᠳᠡᠯᠭᠡᠷᠡᠭᠦᠯᠦᠯᠲᠡ ᠶᠢ | ᠴᠢᠩᠭᠠᠳᠬᠠᠵᠤ᠂ ︽ᠰᠠᠶᠢᠨ ᠪᠠᠶᠢᠨ᠎ᠠ ᠤᠤ︕ ᠳᠤᠮᠳᠠᠳᠤ ᠤᠯᠤᠰ︾ ᠤᠯᠤᠰ ᠤᠨ ᠵᠢᠭᠤᠯᠴᠢᠯᠠᠯ ᠤᠨ ᠳᠦᠷᠢ | ᠲᠥᠷᠬᠦ ᠶᠢ ᠳᠡᠯᠭᠡᠷᠡᠭᠦᠯᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠬᠦ ᠪᠤᠢ︖ | ᠰᠣᠶᠣᠯ ᠪᠠ ᠵᠢᠭᠤᠯᠴᠢᠯᠠᠯ ᠤᠨ ᠶᠠᠮᠤᠨ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠪᠠᠷ | ᠵᠢᠯᠣᠭᠤᠳᠤᠮᠵᠢ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠯᠢᠭᠡᠷ ᠢ ᠰᠠᠶᠢᠲᠤᠷ | ᠶᠠᠷᠢᠵᠤ᠂ ︽ᠰᠠᠶᠢᠨ ᠪᠠᠶᠢᠨ᠎ᠠ ᠤᠤ︕ ᠳᠤᠮᠳᠠᠳᠤ ᠤᠯᠤᠰ︾ ᠤᠯᠤᠰ ᠤᠨ ᠵᠢᠭᠤᠯᠴᠢᠯᠠᠯ ᠤᠨ ᠳᠦᠷᠢ ᠲᠥᠷᠬᠦ ᠶᠢ | ᠳᠡᠯᠭᠡᠷᠡᠭᠦᠯᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠨᠢᠭᠡ ᠳᠤ᠂ ︽ᠰᠠᠶᠢᠨ ᠪᠠᠶᠢᠨ᠎ᠠ ᠤᠤ︕ | ᠳᠤᠮᠳᠠᠳᠤ ᠤᠯᠤᠰ︾ ᠤᠯᠤᠰ ᠤᠨ ᠬᠢᠯᠢ ᠳᠤ ᠣᠷᠣᠬᠤ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ | ᠰᠢᠰᠲ᠋ᠧᠮᠵᠢ ᠶᠢ ᠪᠠᠶᠢᠭᠤᠯᠤᠨ᠎ᠠ᠃ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠷᠢᠰ | ᠵᠢᠭᠤᠯᠴᠢᠯᠠᠯ ᠤᠨ ᠶᠠᠷᠢᠯᠴᠠᠭᠠᠨ ᠤ ᠠᠵᠢᠯᠯᠠᠭ᠎ᠠ᠂ ᠤᠯᠠᠨ ᠤᠯᠤᠰ ᠤᠨ ᠴᠢᠨᠠᠷᠲᠠᠢ ᠵᠢᠭᠤᠯᠴᠢᠯᠠᠯ ᠤᠨ ᠬᠤᠷᠠᠯᠳᠤᠭᠠᠨ | ᠵᠡᠷᠭᠡ ᠶᠢ ᠡᠷᠬᠢᠯᠡᠵᠦ᠂ ᠳᠡᠭᠡᠳᠦ ᠲᠡᠰ ᠤᠨ ᠬᠢᠯᠢ ᠳᠤ ᠣᠷᠣᠬᠤ ᠵᠢᠭᠤᠯᠴᠢᠯᠠᠯ ᠢ ᠳᠡᠯᠭᠡᠷᠡᠭᠦᠯᠬᠦ ᠲᠣᠭᠲᠠᠴᠠ ᠶᠢ | ᠪᠠᠶᠢᠭᠤᠯᠤᠨ᠎ᠠ᠃ ᠵᠢᠭᠤᠯᠴᠢᠯᠠᠯ ᠤᠨ ᠬᠤᠳᠠᠯᠳᠤᠭᠠᠴᠢᠳ ᠢ ᠤᠷᠢᠵᠤ ᠳᠤᠮᠳᠠᠳᠤ ᠤᠯᠤᠰ ᠲᠤ ᠢᠷᠡᠭᠦᠯᠵᠦ ᠵᠥᠪᠳᠡᠯᠴᠡᠬᠦ | ᠂ ᠪᠠᠶᠢᠴᠠᠭᠠᠨ ᠰᠤᠳᠤᠯᠬᠤ᠂ ᠱᠤᠭᠤᠮ ᠬᠠᠶᠢᠬᠤ ᠪᠠ ᠵᠠᠮ ᠱᠤᠭᠤᠮ ᠢ ᠬᠠᠮᠲᠤᠷᠠᠨ ᠨᠡᠭᠡᠭᠡᠨ ᠠᠰᠢᠭᠯᠠᠬᠤ ᠳᠤ | ᠤᠷᠤᠯᠴᠠᠭᠤᠯᠤᠨ᠎ᠠ᠃ ᠡᠯ᠎ᠡ ᠲᠦᠷᠦᠯ ᠤᠨ ᠤᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ ᠤᠨ ᠴᠤᠭᠯᠠᠭᠠᠨ ᠳᠤ | ᠣᠷᠣᠯᠴᠠᠬᠤ ᠲᠤᠭ᠎ᠠ ᠪᠠ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠤᠨ ᠤᠯᠠᠨ ᠤᠯᠤᠰ ᠤᠨ | ᠵᠢᠭᠤᠯᠴᠢᠯᠠᠯ ᠤᠨ ᠠᠷᠠᠯᠵᠢᠶᠠᠨ ᠤ ᠴᠤᠭᠯᠠᠭᠠᠨ ᠵᠡᠷᠭᠡ ᠤᠯᠠᠨ ᠤᠯᠤᠰ ᠤᠨ ᠴᠢᠨᠠᠷᠲᠠᠢ ᠰᠣᠶᠣᠯ ᠪᠠ ᠵᠢᠭᠤᠯᠴᠢᠯᠠᠯ ᠢ | ᠳᠡᠯᠭᠡᠷᠡᠭᠦᠯᠬᠦ ᠪᠠᠶᠠᠷ ᠳᠤᠷᠠᠰᠬᠠᠯ᠂ ᠦᠵᠡᠰᠬᠦᠯᠡᠩ ᠤᠨ ᠴᠤᠭᠯᠠᠭᠠᠨ ᠢ ᠰᠠᠶᠢᠲᠤᠷ ᠡᠷᠬᠢᠯᠡᠵᠦ᠂ ᠳᠤᠮᠳᠠᠳᠤ ᠤᠯᠤᠰ ᠤᠨ | ᠬᠢᠯᠢ ᠳᠤ ᠣᠷᠣᠬᠤ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠬᠤᠶᠠᠷ ᠲᠤ᠂ ︽ᠰᠠᠶᠢᠨ | ᠪᠠᠶᠢᠨ᠎ᠠ ᠤᠤ︕ ᠳᠤᠮᠳᠠᠳᠤ ᠤᠯᠤᠰ︾ ᠤᠯᠤᠰ ᠤᠨ ᠵᠢᠭᠤᠯᠴᠢᠯᠠᠯ ᠤᠨ ᠳᠦᠷᠢ ᠲᠥᠷᠬᠦ ᠶᠢᠨ ᠬᠠᠮ | ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ︽ᠰᠠᠶᠢᠨ ᠪᠠᠶᠢᠨ᠎ᠠ ᠤᠤ︕ ᠳᠤᠮᠳᠠᠳᠤ | ᠤᠯᠤᠰ︾ ᠤᠯᠤᠰ ᠤᠨ ᠵᠢᠭᠤᠯᠴᠢᠯᠠᠯ ᠤᠨ ᠳᠦᠷᠢ ᠲᠥᠷᠬᠦ ᠶᠢᠨ ᠤᠬᠠᠭᠤᠯᠭ᠎ᠠ ᠶᠢᠨ ᠹᠢᠯᠢᠮ ᠢ ᠭᠠᠷᠭᠠᠵᠤ᠂ ᠣᠯᠠᠨ | ᠬᠡᠯᠡᠨ ᠤ ᠤᠬᠠᠭᠤᠯᠭ᠎ᠠ ᠶᠢᠨ ᠮᠠᠲ᠋ᠧᠷᠢᠶᠠᠯ ᠢ ᠢᠵᠢ ᠪᠦᠷᠢᠳᠦᠭᠦᠯᠵᠦ᠂ ᠭᠠᠳᠠᠭᠠᠳᠤ ᠳᠤ ᠰᠠᠭᠤᠭ᠎ᠠ ᠰᠣᠶᠣᠯ ᠪᠠ | ᠵᠢᠭᠤᠯᠴᠢᠯᠠᠯ ᠤᠨ ᠪᠠᠶᠢᠭᠤᠯᠤᠮᠵᠢ ᠶᠢᠨ ᠬᠥᠭᠦᠷᠭᠡ ᠪᠠ ᠴᠣᠩᠬᠤᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ | ᠳᠡᠯᠡᠬᠡᠢ ᠶᠢᠨ ᠬᠡᠪᠴᠢᠶᠡᠨ ᠳᠤ ᠤᠬᠠᠭᠤᠯᠤᠨ ᠳᠡᠯᠭᠡᠷᠡᠭᠦᠯᠦᠨ᠎ᠡ᠃ ᠭᠤᠷᠪᠠ ᠳᠤ᠂ ᠬᠢᠯᠢ ᠳᠤ ᠣᠷᠣᠵᠤ ᠵᠢᠭᠤᠯᠴᠢᠯᠠᠬᠤ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠳᠡᠯᠡᠬᠡᠢ ᠶᠢᠨ ᠵᠢᠭᠤᠯᠴᠢᠯᠠᠯ ᠤᠨ | ᠬᠤᠳᠠᠯᠳᠤᠭᠠᠴᠢᠨ ᠳᠤ ᠬᠠᠨᠳᠤᠭᠤᠯᠤᠨ ︽ᠳᠤᠮᠳᠠᠳᠤ ᠤᠯᠤᠰ ᠤᠨ ᠬᠢᠯᠢ ᠪᠠᠷ ᠣᠷᠣᠵᠤ ᠵᠢᠭᠤᠯᠴᠢᠯᠠᠬᠤ | ᠵᠢᠭᠤᠯᠴᠢᠯᠠᠯ ᠤᠨ ᠬᠤᠳᠠᠯᠳᠤᠭᠠᠴᠢᠨ ᠤ ᠬᠠᠨᠢᠲᠠᠨ ᠤ ᠠᠵᠢᠯᠯᠠᠭ᠎ᠠ︾ ᠥᠷᠨᠢᠭᠦᠯᠵᠦ᠂ ᠲᠡᠳᠡᠨ ᠳᠤ ᠬᠢᠯᠢ ᠪᠠᠷ ᠣᠷᠣᠵᠤ | ᠵᠢᠭᠤᠯᠴᠢᠯᠠᠬᠤ ᠪᠥᠬᠦ ᠲᠠᠯ᠎ᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠪᠠ ᠠᠵᠢᠯᠯᠠᠭᠠᠨ ᠤ ᠵᠢᠯᠣᠭᠤᠳᠤᠯᠭ᠎ᠠ | ᠬᠠᠩᠭᠠᠨ᠎ᠠ᠃ ᠪᠠᠶᠢᠩᠭᠤᠵᠢᠭᠤᠯᠤᠭᠰᠠᠨ ᠪᠣᠯᠪᠠᠰᠤᠷᠠᠭᠤᠯᠤᠯ ᠤᠨ ᠲᠣᠭᠲᠠᠴᠠ ᠪᠠ ᠴᠢᠳᠠᠪᠤᠷᠢᠲᠠᠨ ᠢ ᠲᠤᠰᠬᠠᠢ | ᠵᠦᠢᠯ ᠢᠶᠠᠷ ᠬᠥᠮᠥᠵᠢᠭᠦᠯᠬᠦ ᠲᠥᠯᠥᠪᠯᠡᠭᠡ ᠶᠢ ᠪᠠᠶᠢᠭᠤᠯᠵᠤ᠂ ᠬᠠᠮᠢᠶ᠎ᠠ ᠪᠦᠬᠦᠢ ᠠᠵᠢᠯ ᠡᠷᠬᠢᠯᠡᠭᠰᠡᠳ ᠤᠨ ᠬᠡᠪ ᠴᠢᠨᠠᠷ ᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠷᠪᠠᠨ ᠨᠢᠭᠡ᠂ ᠸᠢᠰᠠᠯᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠠᠯ᠎ᠠ ᠪᠠᠷ ᠣᠶᠢᠷ᠎ᠠ ᠶᠢᠨ | ᠬᠤᠭᠤᠴᠠᠭᠠᠨ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ ᠪᠣᠶ︖ | 2023 ᠣᠨ ᠤ 1 ᠳ᠋ᠣᠭᠡᠷ ᠰᠠᠷ᠎ᠠ ᠶᠢᠨ 8 ᠤ ᠡᠳᠦᠷ ᠺᠣᠷᠤᠨᠠ ᠸᠢᠷᠦ᠋ᠰ ᠤᠨ ᠬᠠᠯᠳᠠᠪᠤᠷᠢᠯᠠᠯ ᠳᠤ ︽ | ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠳᠤᠮᠳᠠᠳᠤ | ᠭᠠᠳᠠᠭᠠᠳᠤ ᠶᠢᠨ ᠬᠥᠮᠥᠰ ᠤᠨ ᠶᠠᠪᠤᠯᠴᠠᠭ᠎ᠠ ᠲᠦᠷᠭᠡᠨ ᠢᠶᠠᠷ ᠰᠡᠷᠭᠦᠪᠡ᠃ ᠭᠠᠳᠠᠭᠠᠳᠤ ᠶᠠᠪᠤᠳᠠᠯ ᠤᠨ ᠶᠠᠮᠤᠨ ᠸᠢᠰᠠᠯᠠᠬᠤ | ᠲᠥᠷᠥ ᠶᠢᠨ ᠪᠣᠳᠣᠯᠭ᠎ᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠯᠢ ᠣᠯᠠᠨ ᠲᠥᠬᠦᠮ ᠦᠵᠡᠭᠦᠯᠬᠦ ᠠᠷᠭ᠎ᠠ | ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠭᠠᠳᠠᠭᠠᠳᠤ ᠳᠤ ᠰᠠᠭᠤᠭ᠎ᠠ ᠡᠯ᠎ᠡ ᠡᠯᠴᠢᠨ ᠰᠠᠶᠢᠳ ᠤᠨ ᠶᠠᠮᠤᠨ | ᠺᠤᠨᠰᠦ᠋ᠯ ᠤᠨ ᠭᠠᠵᠠᠷ ᠢ ᠵᠢᠯᠣᠭᠤᠳᠤᠨ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠬᠦ ᠵᠠᠮ ᠮᠥᠷ ᠤᠨ | ᠰᠠᠭᠠᠳ ᠦᠭᠡᠢ ᠨᠡᠪᠲᠡᠷᠡᠭᠦᠯᠬᠦ ᠶᠢ ᠪᠦᠬᠦ ᠬᠦᠴᠦᠨ ᠢᠶᠠᠷ ᠪᠠᠲᠤᠯᠠᠪᠠ᠃ ᠡᠮᠬᠢ ᠵᠢᠷᠤᠮ ᠲᠠᠢ ᠲᠣᠬᠢᠷᠠᠭᠤᠯᠤᠯᠲᠠ ᠪᠠᠷ | ᠳᠡᠮᠵᠢᠨ᠂ ᠣᠳᠣᠬᠠᠨ ᠳᠤ ᠳᠤᠮᠳᠠᠳᠤ ᠤᠯᠤᠰ ᠲᠤ ᠢᠷᠡᠬᠦ ᠸᠢᠰᠠᠯᠠᠬᠤ ᠵᠢᠴᠢ ᠪᠣᠭᠤᠮᠲᠠ ᠶᠢᠨ ᠸᠢᠰᠠᠯᠠᠬᠤ᠂ ᠬᠢᠯᠢ ᠪᠠᠷ | ᠥᠩᠭᠡᠷᠡᠬᠦ ᠳᠤ ᠸᠢᠰᠠᠯᠠᠬᠤ ᠶᠢ ᠬᠡᠯᠲᠦᠷᠢᠭᠦᠯᠬᠦ᠂ ᠣᠷᠣᠨ ᠪᠦᠰᠡ ᠶᠢᠨ ᠴᠢᠨᠠᠷᠲᠠᠢ ᠸᠢᠰᠠᠯᠠᠬᠤ ᠶᠢ ᠬᠡᠯᠲᠦᠷᠢᠭᠦᠯᠬᠦ ᠵᠡᠷᠭᠡ | ᠬᠢᠯᠢ ᠪᠠᠷ ᠣᠷᠣᠵᠤ ᠢᠷᠡᠬᠦ ᠲᠥᠷᠥ ᠶᠢᠨ ᠪᠣᠳᠣᠯᠭ᠎ᠠ ᠶᠢ ᠨᠢᠭᠡᠨᠲᠡ ᠬᠢᠵᠢᠭ ᠤᠨ ᠡᠮᠦᠨᠡᠬᠢ ᠪᠠᠶᠢᠳᠠᠯ ᠳᠤ ᠬᠦᠷᠲᠡᠯ᠎ᠡ | ᠰᠡᠷᠭᠦᠭᠡᠪᠡ᠃ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠬᠦ ᠸᠢᠰᠠᠯᠠᠬᠤ ᠭᠤᠶᠤᠴᠢᠯᠠᠯ ᠲᠦᠷᠭᠡᠨ | ᠨᠡᠮᠡᠭᠳᠡᠭᠰᠡᠨ ᠠᠴᠠ ᠪᠣᠯᠵᠤ᠂ ᠳᠤᠮᠳᠠᠳᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ | ᠺᠤᠨᠰᠦ᠋ᠯ ᠤᠨ ᠭᠠᠵᠠᠷ ᠵᠠᠯᠭᠠᠭ᠎ᠠ ᠪᠠᠷ ᠠᠵᠢᠯᠯᠠᠬᠤ ᠴᠠᠭ ᠢ ᠤᠷᠲᠤᠳᠬᠠᠬᠤ᠂ ᠤᠷᠢᠳᠴᠢᠯᠠᠨ ᠪᠣᠯᠵᠣᠬᠤ ᠬᠡᠮᠵᠢᠶ᠎ᠡ ᠶᠢ | ᠨᠡᠮᠡᠭᠳᠡᠭᠦᠯᠬᠦ᠂ ᠬᠥᠮᠥᠨ ᠨᠡᠮᠡᠵᠦ ᠲᠣᠮᠢᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠭᠠᠳᠠᠭᠠᠳᠤ ᠶᠢᠨ | ᠭᠤᠶᠤᠴᠢᠯᠠᠭᠴᠢ ᠳᠤ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠪᠠᠶᠢᠨ᠎ᠠ᠃ ᠣᠯᠠᠩᠬᠢ | ᠲᠣᠭᠠᠨ ᠤ ᠳᠤᠮᠳᠠᠳᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ᠂ ᠺᠤᠨᠰᠦ᠋ᠯ ᠤᠨ ᠭᠠᠵᠠᠷ | ᠨᠢᠭᠡᠨᠲᠡ ᠬᠤᠶᠠᠷ ᠭᠠᠷᠠᠭ ᠤᠨ ᠳᠣᠲᠣᠷ᠎ᠠ ᠤᠷᠢᠳᠴᠢᠯᠠᠨ ᠪᠣᠯᠵᠣᠬᠤ ᠶᠢ ᠪᠡᠶᠡᠯᠡᠭᠦᠯᠵᠦ᠂ ᠬᠡᠰᠡᠭ ᠳᠤᠮᠳᠠᠳᠤ | ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ᠂ ᠺᠤᠨᠰᠦ᠋ᠯ ᠤᠨ ᠭᠠᠵᠠᠷ ᠨᠢᠭᠡ ᠭᠠᠷᠠᠭ ᠤᠨ | ᠳᠣᠲᠣᠷ᠎ᠠ ᠴᠢᠨᠠᠭᠰᠢᠯᠠᠪᠠᠯ ᠲᠠᠷᠠᠭ᠎ᠠ ᠡᠳᠦᠷ ᠲᠤ ᠨᠢ ᠳᠠᠷᠤᠢ ᠤᠷᠢᠳᠴᠢᠯᠠᠨ ᠪᠤᠯᠵᠤᠵᠤ ᠪᠤᠯᠤᠨ᠎ᠠ᠃ ᠸᠢᠰᠠ | ᠭᠤᠶᠤᠴᠢᠯᠠᠬᠤ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ᠂ ᠶᠡᠷᠦ ᠳᠤ ᠪᠠᠨ 4 ᠠᠵᠢᠯᠯᠠᠬᠤ ᠡᠳᠦᠷ ᠤᠨ ᠳᠣᠲᠣᠷ᠎ᠠ | ᠸᠢᠰᠠ ᠣᠯᠭᠤᠵᠤ ᠪᠣᠯᠣᠨ᠎ᠠ᠃ ᠳᠤᠮᠳᠠᠳᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ | ᠺᠤᠨᠰᠦ᠋ᠯ ᠤᠨ ᠭᠠᠵᠠᠷ ᠪᠠᠰᠠ ᠬᠤᠳᠠᠯᠳᠤᠭᠠᠨ ᠤ ᠶᠠᠪᠤᠳᠠᠯ᠂ ᠬᠥᠮᠦᠯᠢᠭ ᠶᠣᠰᠣ ᠵᠡᠷᠭᠡ ᠪᠠᠴᠢᠮ ᠰᠢᠯᠲᠠᠭᠠᠨ ᠠᠴᠠ | ᠪᠣᠯᠵᠤ ᠳᠤᠮᠳᠠᠳᠤ ᠤᠯᠤᠰ ᠲᠤ ᠢᠷᠡᠬᠦ ᠬᠥᠮᠥᠰ ᠲᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠵᠦ᠂ | ᠤᠷᠢᠳᠴᠢᠯᠠᠨ ᠪᠤᠯᠵᠤᠬᠤ ᠠᠴᠠ ᠬᠡᠯᠲᠦᠷᠢᠭᠦᠯᠬᠦ ᠵᠡᠷᠭᠡ ᠣᠨᠴᠠᠭᠠᠶ ᠲᠥᠬᠦᠮ ᠨᠥᠬᠦᠴᠡᠯ ᠬᠠᠩᠭᠠᠭᠰᠠᠨ ᠪᠠᠶᠢᠨ᠎ᠠ᠃ 5 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠭᠠᠳᠠᠭᠠᠳᠤ ᠶᠢᠨ ᠬᠥᠮᠥᠨ APEC ᠤᠨ ᠬᠤᠳᠠᠯᠳᠤᠭᠠᠨ ᠤ | ᠶᠠᠪᠤᠳᠠᠯ ᠤᠨ ᠵᠢᠭᠤᠯᠴᠢᠯᠠᠯ ᠤᠨ ᠺᠠᠷᠲ ᠤᠨ ᠬᠡᠶᠢᠰᠪᠦᠷᠢ ᠺᠠᠷᠲ ᠢᠶᠠᠷ ᠬᠢᠯᠢ ᠳᠤ ᠣᠷᠣᠵᠤ ᠪᠤᠯᠬᠤ ᠪᠤᠯᠪᠠ᠃ 7 | ᠳ᠋ᠤᠭᠠᠷ ᠰᠠᠷ᠎ᠠ ᠶᠢᠨ 26 ᠤ ᠡᠳᠦᠷ ᠠᠴᠠ ᠡᠬᠢᠯᠡᠨ ᠰᠢᠩᠭᠠᠫᠤᠷ᠂ ᠪᠷᠦ᠋ᠨ᠋ᠸᠢ ᠶᠢᠨ ᠭᠠᠭᠴᠠ ᠲᠠᠯ᠎ᠠ ᠶᠢᠨ ᠸᠢᠰᠠ ᠶᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠰᠡᠷᠭᠦᠭᠡᠪᠡ᠃ 8 ᠳ᠋ᠤᠭᠠᠷ ᠰᠠᠷ᠎ᠠ ᠶᠢᠨ ᠳᠤᠮᠳᠠᠴᠢ ᠠᠴᠠ ᠡᠬᠢᠯᠡᠨ᠂ | ᠨᠥᠬᠦᠴᠡᠯ ᠳᠤ ᠨᠡᠶᠢᠴᠡᠬᠦ ᠸᠢᠰᠠ ᠭᠤᠶᠤᠴᠢᠯᠠᠭᠴᠢ ᠶᠢᠨ ᠣᠯᠠᠩᠬᠢ ᠲᠣᠭᠠᠨ ᠤ ᠬᠤᠷᠤᠭᠤᠨ ᠤ ᠬᠡ ᠠᠪᠬᠤ ᠶᠢ | ᠬᠡᠯᠲᠦᠷᠢᠭᠦᠯᠬᠦ ᠱᠠᠲᠤ ᠦᠶ᠎ᠡ ᠶᠢᠨ ᠴᠢᠨᠠᠷᠲᠠᠢ ᠠᠷᠭ᠎ᠠ ᠬᠡᠮᠵᠢᠶ᠎ᠡ ᠠᠪᠤᠪᠠ᠃ 9 ᠳ᠋ᠣᠭᠡᠷ ᠰᠠᠷ᠎ᠠ ᠶᠢᠨ 20 ᠤ ᠡᠳᠦᠷ᠂ | ᠰᠢᠨ᠎ᠡ ᠸᠢᠰᠠ ᠭᠤᠶᠤᠴᠢᠯᠠᠬᠤ ᠬᠦᠰᠦᠨᠦᠭᠲᠦ ᠶᠢ ᠰᠦᠯᠵᠢᠶᠡᠨ ᠳᠤ ᠣᠷᠣᠭᠤᠯᠵᠤ᠂ 34% ᠶᠢᠨ ᠲᠠᠭᠯᠠᠨ ᠮᠡᠳᠡᠭᠦᠯᠬᠦ | ᠵᠦᠢᠯᠡᠰ ᠢ ᠰᠢᠯᠢᠳᠡᠭᠵᠢᠭᠦᠯᠦᠨ᠂ ᠥᠰᠥᠭ ᠪᠢᠴᠢᠭ ᠤᠨ ᠴᠢᠨᠠᠷᠲᠠᠢ ᠲᠠᠭᠯᠠᠨ ᠮᠡᠳᠡᠭᠦᠯᠬᠦ ᠵᠦᠢᠯᠡᠰ ᠢ ᠶᠡᠭᠡ ᠪᠠᠷ | ᠪᠠᠭᠠᠰᠬᠠᠵᠤ᠂ ᠳᠤᠮᠳᠠᠳᠤ ᠤᠯᠤᠰ ᠲᠤ ᠢᠷᠡᠵᠦ ᠸᠢᠰᠠ ᠬᠢᠯᠭᠡᠬᠦ ᠳᠤ ᠨᠠᠩ ᠲᠥᠬᠦᠮ ᠪᠣᠯᠭᠠᠪᠠ᠃ ᠡᠭᠦᠨ ᠠᠴᠠ | ᠭᠠᠳᠠᠨ᠎ᠠ᠂ ᠡᠨᠡ ᠵᠢᠯ ᠠᠴᠠ ᠨᠠᠭᠠᠰᠢ᠂ ᠮᠠᠨ ᠤ ᠤᠯᠤᠰ ᠺᠠᠽᠠᠬᠰᠲ᠋ᠠᠨ᠂ ᠮᠠᠳᠠᠭᠠᠰᠺᠠᠷ ᠵᠡᠷᠭᠡ ᠣᠯᠠᠨ ᠤᠯᠤᠰ ᠲᠠᠢ | ᠸᠢᠰᠠ ᠥᠯᠥ ᠠᠪᠬᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠡᠯ᠎ᠡ ᠡᠲᠡᠭᠡᠳ ᠤᠨ ᠬᠢᠨ ᠳᠡᠭᠡᠷ᠎ᠡ | ᠳᠤᠷᠠᠳᠤᠭᠰᠠᠨ ᠠᠷᠭ᠎ᠠ ᠬᠡᠮᠵᠢᠶ᠎ᠡ ᠳᠤ ᠢᠳᠡᠪᠬᠢᠲᠡᠢ ᠲᠤᠰᠬᠠᠯ ᠭᠠᠷᠭᠠᠵᠤ᠂ ᠭᠠᠳᠠᠭᠠᠳᠤ ᠳᠤ ᠰᠠᠭᠤᠭ᠎ᠠ ᠡᠯᠴᠢᠨ | ᠰᠠᠶᠢᠳ ᠤᠨ ᠶᠠᠮᠤᠨ ᠺᠤᠨᠰᠦ᠋ᠯ ᠤᠨ ᠭᠠᠵᠠᠷ ᠤᠨ ᠸᠢᠰᠠ ᠶᠢᠨ ᠭᠠᠷ ᠤᠨ ᠥᠰᠥᠭ ᠵᠢᠷᠤᠵᠤ ᠣᠯᠭᠤᠭᠰᠠᠨ ᠬᠡᠮᠵᠢᠶ᠎ᠡ | ᠲᠦᠷᠭᠡᠨ ᠢᠶᠠᠷ ᠳᠡᠭᠡᠭᠰᠢᠯᠡᠵᠦ᠂ ᠬᠢᠯᠢ ᠪᠠᠷ ᠣᠷᠣᠵᠤ ᠢᠷᠡᠭᠰᠡᠨ ᠭᠠᠳᠠᠭᠠᠳᠤ ᠶᠢᠨ ᠬᠥᠮᠥᠨ ᠤ ᠲᠤᠭ᠎ᠠ ᠯᠠᠪᠳᠠᠭᠤᠨ | ᠪᠠᠲᠤᠲᠠᠢ ᠳᠡᠭᠡᠭᠰᠢᠯᠡᠪᠡ᠃ ᠳᠠᠷᠠᠭᠠᠴᠢ ᠶᠢᠨ ᠠᠯᠬᠤᠮ ᠳᠤ᠂ ᠭᠠᠳᠠᠭᠠᠳᠤ ᠶᠠᠪᠤᠳᠠᠯ ᠤᠨ ᠶᠠᠮᠤᠨ ᠸᠢᠰᠠᠯᠠᠬᠤ ᠲᠦᠷᠦ ᠶᠢᠨ | ᠪᠣᠳᠣᠯᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠠᠰᠢᠭᠲᠠᠢ ᠨᠥᠬᠦᠴᠡᠯ ᠢ ᠢᠳᠡᠪᠬᠢᠲᠡᠢ ᠡᠭᠦᠳᠴᠦ᠂ ᠳᠤᠮᠳᠠᠳᠤ | ᠭᠠᠳᠠᠭᠠᠳᠤ ᠶᠢᠨ ᠬᠥᠮᠥᠰ ᠤᠨ ᠶᠠᠪᠤᠯᠴᠠᠭ᠎ᠠ ᠶᠢ ᠰᠢᠯᠤᠭᠤᠳᠬᠠᠬᠤ ᠳᠤ ᠨᠡᠩ ᠤᠯᠠᠨ ᠲᠦᠬᠦᠮ ᠦᠵᠡᠭᠦᠯᠦᠨ᠎ᠡ᠃ | ᠠᠷᠪᠠᠨ ᠬᠤᠶᠠᠷ᠂ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ | ᠲᠠᠯ᠎ᠠ ᠪᠠᠷ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠬᠤ ᠪᠣᠶ︖ | ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ | ᠬᠠᠮᠲᠤ ᠪᠥᠬᠦ ᠬᠦᠴᠦᠨ ᠢᠶᠠᠷ ᠢᠶᠠᠨ ᠳᠡᠮᠵᠢᠵᠦ᠂ ᠭᠠᠳᠠᠭᠰᠢ ᠨᠡᠭᠡᠭᠡᠯᠲᠡ ᠬᠢᠬᠦ ᠶᠢ ᠥᠷᠭᠡᠳᠬᠡᠬᠦ᠂ ᠬᠥᠮᠥᠰ ᠤᠨ | ᠶᠠᠪᠤᠯᠴᠠᠭ᠎ᠠ ᠳᠤ ᠲᠥᠬᠦᠮ ᠦᠵᠡᠭᠦᠯᠬᠦ ᠢᠳᠡᠪᠬᠢᠲᠡᠢ ᠲᠥᠷᠥ ᠶᠢᠨ ᠪᠣᠳᠤᠯᠭ᠎ᠠ ᠶᠢᠨ ᠳᠡᠮᠵᠢᠯᠭᠡ ᠦᠵᠡᠭᠦᠯᠵᠦ ᠪᠠᠶᠢᠨ᠎ᠠ᠃ | ᠭᠠᠳᠠᠭᠠᠳᠤ ᠶᠠᠪᠤᠳᠠᠯ ᠤᠨ ᠶᠠᠮᠤᠨ ᠲᠠᠢ ᠬᠠᠮᠲᠤᠷᠠᠨ ᠭᠠᠳᠠᠭᠠᠳᠤ ᠳᠤ ᠰᠠᠭᠤᠭ᠎ᠠ ᠸᠢᠰᠠᠯᠠᠬᠤ ᠪᠠᠶᠢᠭᠤᠯᠭ᠎ᠠ ᠶᠢᠨ | ᠳᠤᠮᠳᠠᠳᠤ ᠤᠯᠤᠰ ᠲᠤ ᠢᠷᠡᠵᠦ ᠸᠢᠰᠠᠯᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠰᠠᠭᠤᠷᠢᠨ | ᠳᠡᠭᠡᠷ᠎ᠡ᠂ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠢᠷᠡᠵᠦ ᠵᠢᠭᠤᠯᠴᠢᠯᠠᠬᠤ ᠵᠡᠷᠭᠡ ᠳᠤ ᠨᠠᠩ ᠣᠯᠠᠨ | ᠠᠷᠭ᠎ᠠ ᠵᠠᠮ ᠪᠠ ᠲᠥᠬᠦᠮ ᠨᠥᠬᠦᠴᠡᠯ ᠬᠠᠩᠭᠠᠨ᠎ᠠ᠃ ᠨᠢᠭᠡ ᠳᠤ᠂ ᠬᠢᠯᠢ ᠳᠤ ᠣᠷᠣᠵᠤ ᠵᠢᠭᠤᠯᠴᠢᠯᠠᠬᠤ | ᠭᠠᠳᠠᠭᠠᠳᠤ ᠶᠢᠨ ᠬᠥᠮᠥᠨ ᠳᠤ ᠪᠣᠭᠤᠮᠲᠠ ᠶᠢᠨ ᠸᠢᠰᠠ ᠶᠢᠨ ᠲᠥᠬᠦᠮ ᠨᠥᠬᠦᠴᠡᠯ ᠬᠠᠩᠭᠠᠨ᠎ᠠ᠃ ᠣᠳᠣᠬᠠᠨ ᠳᠤ᠂ | ᠪᠥᠬᠦ ᠤᠯᠤᠰ ᠤᠨ 71 ᠬᠤᠲᠠ ᠶᠢᠨ 97 ᠪᠣᠭᠤᠮᠲᠠ ᠶᠢᠨ ᠸᠢᠰᠠ ᠶᠢᠨ ᠪᠠᠶᠢᠭᠤᠯᠭ᠎ᠠ ᠨᠢ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ᠂ ᠭᠥᠯᠢᠶᠡᠨ ᠠᠪᠤᠭᠰᠠᠨ | ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠳᠤ ᠪᠦᠯᠬᠦᠮ ᠤᠨ ᠵᠢᠭᠤᠯᠴᠢᠯᠠᠯ ᠤᠨ ᠸᠢᠰᠠ ᠶᠢᠨ ᠭᠠᠷ ᠭᠦᠢᠴᠡᠳᠬᠡᠯ | ᠬᠢᠵᠦ ᠥᠭᠴᠦ ᠪᠣᠯᠣᠨ᠎ᠠ᠂ ᠳᠤᠮᠳᠠᠳᠤ ᠤᠯᠤᠰ ᠲᠤ ᠰᠠᠭᠤᠬᠤ ᠬᠤᠭᠤᠴᠠᠭ᠎ᠠ ᠨᠢ ᠤᠳᠠᠭ᠎ᠠ ᠪᠦᠷᠢ 30 ᠡᠳᠦᠷ ᠠᠴᠠ | ᠬᠡᠲᠦᠷᠡᠵᠦ ᠪᠣᠯᠬᠤ ᠦᠭᠡᠢ᠃ ᠬᠤᠶᠠᠷ ᠲᠤ᠂ ᠬᠢᠯᠢ ᠪᠠᠷ ᠥᠩᠭᠡᠷᠡᠬᠦ ᠳᠤ ᠸᠢᠰᠠ ᠠᠪᠬᠤ ᠦᠭᠡᠢ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ᠣᠳᠣᠬᠠᠨ ᠳᠤ᠂ 18 ᠮᠤᠵᠢ ᠶᠢᠨ 23 ᠬᠤᠲᠠ ᠶᠢᠨ 31 | ᠪᠣᠭᠤᠮᠲᠠ ᠳᠤ 53 ᠤᠯᠤᠰ ᠤᠨ ᠬᠥᠮᠥᠨ ᠳᠤ 72/144 ᠴᠠᠭ ᠤᠨ ᠳᠣᠲᠣᠷ᠎ᠠ ᠬᠢᠯᠢ ᠪᠠᠷ ᠥᠩᠭᠡᠷᠡᠬᠦ ᠳᠤ ᠸᠢᠰᠠ | ᠠᠪᠬᠤ ᠦᠭᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠂ ᠲᠤᠬᠠᠶᠢᠯᠠᠪᠠᠯ 53 ᠤᠯᠤᠰ ᠤᠨ ᠬᠥᠮᠥᠨ | ᠳᠤᠮᠳᠠᠳᠤ ᠤᠯᠤᠰ ᠤᠨ ᠬᠢᠯᠢ ᠪᠠᠷ ᠥᠩᠭᠡᠷᠡᠬᠦ ᠳᠤ ᠭᠤᠷᠪᠠᠳᠠᠭᠢ ᠤᠯᠤᠰ ᠪᠤᠶᠤ ᠭᠠᠵᠠᠷ ᠣᠷᠣᠨ ᠳᠤ ᠣᠴᠢᠬᠤ ᠳᠤ | ᠬᠦᠴᠦᠨ ᠪᠦᠬᠦᠢ ᠣᠯᠠᠨ ᠤᠯᠤᠰ ᠤᠨ ᠵᠢᠭᠤᠯᠴᠢᠯᠠᠯ ᠤᠨ ᠦᠨᠡᠮᠯᠡᠯ ᠪᠠ ᠬᠠᠮᠲᠤᠷᠠᠭᠰᠠᠨ ᠠᠶᠠᠨ ᠤ ᠪᠢᠯᠧᠲ ᠢᠶᠠᠨ | ᠠᠪᠴᠤ᠂ ᠲᠣᠭᠲᠠᠭᠰᠠᠨ ᠣᠷᠣᠨ ᠪᠦᠰᠡ ᠶᠢᠨ ᠳᠣᠲᠣᠷ᠎ᠠ ᠸᠢᠰᠠ ᠠᠪᠬᠤ ᠦᠭᠡᠢ ᠪᠠᠷ 72/144 ᠴᠠᠭ ᠰᠠᠭᠠᠲᠠᠵᠤ | ᠪᠣᠯᠣᠨ᠎ᠠ᠂ ᠡᠨᠡ ᠨᠢ ᠭᠠᠳᠠᠭᠠᠳᠤ ᠶᠢᠨ ᠬᠥᠮᠥᠨ ᠤ ᠣᠬᠤᠷ ᠬᠤᠭᠤᠴᠠᠭ᠎ᠠ ᠪᠠᠷ ᠬᠢᠯᠢ ᠪᠠᠷ ᠥᠩᠭᠡᠷᠡᠬᠦ ᠳᠤ ᠲᠦᠷ | ᠴᠠᠭ ᠤᠨ ᠬᠤᠳᠠᠯᠳᠤᠭᠠᠨ ᠤ ᠶᠠᠪᠤᠳᠠᠯ᠂ ᠬᠤᠷᠠᠯ᠂ ᠵᠢᠭᠤᠯᠴᠢᠯᠠᠯ ᠵᠡᠷᠭᠡ ᠠᠵᠢᠯᠯᠠᠭ᠎ᠠ ᠬᠢᠬᠦ ᠳᠤ ᠲᠥᠬᠦᠮ ᠦᠵᠡᠭᠦᠯᠬᠦ | ᠪᠣᠯᠣᠨ᠎ᠠ᠃ ᠭᠤᠷᠪᠠ ᠳᠤ᠂ ᠣᠷᠣᠨ ᠪᠦᠰᠡ ᠶᠢᠨ ᠴᠢᠨᠠᠷᠲᠠᠢ ᠬᠢᠯᠢ ᠳᠤ ᠣᠷᠣᠬᠤ ᠳᠤ ᠸᠢᠰᠠ ᠠᠪᠬᠤ ᠦᠭᠡᠢ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠨ᠎ᠠ᠃ ᠲᠥᠷᠥ ᠶᠢᠨ ᠪᠣᠳᠣᠯᠭ᠎ᠠ ᠶᠢ ᠬᠡᠷᠡᠭᠯᠡᠬᠦ ᠨᠥᠬᠦᠴᠡᠯ ᠳᠤ | ᠨᠡᠶᠢᠴᠡᠬᠦ ᠭᠠᠳᠠᠭᠠᠳᠤ ᠶᠢᠨ ᠬᠥᠮᠥᠨ ᠲᠣᠭᠲᠠᠭᠰᠠᠨ ᠴᠠᠭ ᠪᠠ ᠣᠷᠣᠨ ᠪᠦᠰᠡ ᠶᠢᠨ ᠳᠣᠲᠣᠷ᠎ᠠ ᠵᠢᠭᠤᠯᠴᠢᠯᠠᠵᠤ | ᠪᠣᠯᠣᠨ᠎ᠠ᠂ ᠣᠳᠣᠬᠠᠨ ᠳᠤ᠂ ᠮᠠᠨ ᠤ ᠤᠯᠤᠰ ᠨᠢᠭᠡᠨᠲᠡ ᠱᠠᠩᠬᠠᠢ ᠳᠤ ᠬᠥᠯᠭᠡ ᠣᠩᠭᠤᠴᠠ ᠪᠠᠷ ᠬᠢᠯᠢ ᠳᠤ ᠣᠷᠤᠵᠤ | ᠢᠷᠡᠭᠰᠡᠨ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ 15 ᠡᠳᠦᠷ ᠤᠨ ᠳᠤᠲᠤᠷ᠎ᠠ ᠸᠢᠰᠠᠯᠠᠭᠤᠯᠬᠤ ᠦᠭᠡᠢ ᠶᠢ | ᠬᠡᠷᠡᠭᠵᠢᠭᠦᠯᠵᠦ᠂ ᠬᠠᠶᠢᠨᠠᠨ ᠳᠤ 59 ᠤᠯᠤᠰ ᠤᠨ ᠬᠢᠯᠢ ᠳᠤ ᠣᠷᠣᠵᠤ ᠵᠢᠭᠤᠯᠴᠢᠯᠠᠬᠤ ᠳᠤ 30 ᠡᠳᠦᠷ ᠤᠨ | ᠳᠤᠲᠤᠷ᠎ᠠ ᠸᠢᠰᠠᠯᠠᠭᠤᠯᠬᠤ ᠦᠭᠡᠢ ᠶᠢ ᠬᠡᠷᠡᠭᠵᠢᠭᠦᠯᠵᠦ᠂ ᠭᠤᠸᠠᠩᠰᠢ ᠶᠢᠨ ᠭᠦᠢᠯᠢᠨ ᠳᠤ ᠵᠡᠭᠦᠨ ᠡᠮᠦᠨᠡᠲᠦ ᠠᠽᠢᠶ᠎ᠠ ᠶᠢᠨ | ᠬᠤᠯᠪᠣᠭᠠᠨ ᠤ 10 ᠤᠯᠤᠰ ᠤᠨ ᠵᠢᠭᠤᠯᠴᠢᠯᠠᠯ ᠤᠨ ᠪᠦᠯᠬᠦᠮ ᠤᠨ ᠬᠢᠯᠢ ᠳᠤ ᠣᠷᠣᠬᠤ ᠳᠤ 144 ᠴᠠᠭ ᠤᠨ | ᠳᠤᠲᠤᠷ᠎ᠠ ᠸᠢᠰᠠᠯᠠᠭᠤᠯᠬᠤ ᠦᠭᠡᠢ ᠶᠢ ᠬᠡᠷᠡᠭᠵᠢᠭᠦᠯᠵᠦ᠂ ᠭᠤᠸᠠᠩᠳᠦ᠋ᠩ ᠳᠤ ᠰᠢᠶᠠᠩᠭᠠᠩ ᠣᠣᠮᠧᠨ ᠣᠷᠣᠨ ᠤ | ᠭᠠᠳᠠᠭᠠᠳᠤ ᠶᠢᠨ ᠬᠥᠮᠥᠨ ᠤ ᠪᠦᠯᠬᠦᠮ ᠵᠣᠬᠢᠶᠠᠨ ᠪᠠᠶᠢᠭᠤᠯᠵᠤ ᠵᠦᠵᠢᠶᠠᠩ ᠮᠥᠷᠡᠨ ᠤ ᠭᠤᠷᠪᠠᠯᠵᠢᠨ ᠬᠤᠶᠢᠭ ᠪᠠ | ᠱᠠᠨᠲ᠋ᠧᠦ ᠶᠢᠨ ᠵᠢᠭᠤᠯᠴᠢᠯᠠᠯ ᠳᠤ ᠣᠷᠣᠬᠤ ᠳᠤ 144 ᠴᠠᠭ ᠤᠨ ᠳᠤᠲᠤᠷ᠎ᠠ ᠸᠢᠰᠠᠯᠠᠭᠤᠯᠬᠤ ᠦᠭᠡᠢ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠪᠡ᠃ ᠳᠥᠷᠪᠡ ᠳᠤ᠂ ᠪᠣᠭᠤᠮᠲᠠ ᠪᠠᠷ ᠥᠩᠭᠡᠷᠡᠭᠦᠯᠬᠦ ᠪᠠᠲᠤᠯᠠᠭ᠎ᠠ ᠶᠢ ᠰᠢᠯᠢᠳᠡᠭᠵᠢᠭᠦᠯᠪᠡ᠃ | ᠬᠥᠯᠭᠡ ᠣᠩᠭᠤᠴᠠ ᠵᠢᠴᠢ ᠣᠩᠭᠤᠴᠠᠴᠢᠨ ᠢ ᠪᠠᠶᠢᠴᠠᠭᠠᠨ ᠰᠢᠯᠭᠠᠬᠤ ᠭᠠᠷ ᠭᠦᠢᠴᠡᠳᠬᠡᠯ ᠢ ᠤᠯᠠᠮ ᠨᠢᠭᠡ ᠠᠯᠬᠤᠮ | ᠳᠥᠭᠦᠮᠴᠢᠯᠡᠵᠦ᠂ ᠣᠩᠭᠤᠴᠠ ᠶᠢ ᠳᠠᠭᠠᠵᠤ ᠪᠠᠶᠢᠴᠠᠭᠠᠨ ᠰᠢᠯᠭᠠᠬᠤ ᠠᠷᠭ᠎ᠠ ᠮᠠᠶ᠋ᠢᠭ ᠢ ᠬᠡᠷᠡᠭᠵᠢᠭᠦᠯᠦᠨ᠂ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠵᠢᠭᠤᠯᠴᠢᠯᠠᠯ ᠤᠨ ᠠᠵᠤ | ᠠᠬᠤᠶᠢᠯᠠᠯ᠂ ᠬᠥᠯᠭᠡ ᠣᠩᠭᠤᠴᠠ ᠶᠢᠨ ᠺᠣᠮᠫᠠᠨᠢ ᠶᠢᠨ ᠨᠡᠩ ᠤᠯᠠᠨ ᠬᠥᠯᠭᠡ ᠣᠩᠭᠤᠴᠠ ᠶᠢᠨ ᠠᠶᠠᠯᠠᠯ ᠤᠨ ᠱᠤᠭᠤᠮ | ᠪᠠ ᠵᠢᠭᠤᠯᠴᠢᠯᠠᠯ ᠤᠨ ᠦᠢᠯᠡᠳᠬᠦᠨ ᠢ ᠲᠥᠯᠥᠪᠯᠡᠨ ᠭᠠᠷᠭᠠᠬᠤ ᠶᠢ ᠲᠦᠯᠬᠢᠨ ᠠᠬᠢᠭᠤᠯᠬᠤ ᠳᠤ ᠬᠦᠴᠦ ᠨᠡᠮᠡᠷᠢᠯᠡᠵᠦ᠂ | ᠰᠢᠶᠠᠩᠭᠠᠩ ᠳᠤ ᠠᠶᠢᠯᠴᠢᠯᠠᠬᠤ ᠬᠥᠯᠭᠡ ᠣᠩᠭᠤᠴᠠ ᠶᠢᠨ ᠳᠤᠮᠳᠠᠳᠤ ᠤᠯᠤᠰ ᠲᠤ ᠢᠷᠡᠬᠦ ᠪᠠ ᠭᠠᠳᠠᠭᠠᠳᠤ ᠶᠢᠨ | ᠠᠶᠠᠨᠴᠢᠳ ᠤᠨ ᠬᠠᠭᠤᠷᠠᠢ ᠳᠤ ᠭᠠᠷᠴᠤ ᠲᠣᠭᠤᠷᠢᠨ ᠦᠵᠡᠬᠦ ᠶᠢ ᠨᠡᠮᠡᠭᠳᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ | ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠨᠡᠭᠡᠭᠡᠯᠲᠡᠲᠤ ᠨᠡᠭᠦᠳᠡᠯ ᠠᠷᠠᠳ ᠤᠨ | ᠬᠢᠯᠢ ᠪᠠᠷ ᠣᠷᠣᠵᠤ ᠭᠠᠷᠬᠤ ᠶᠢ ᠭᠦᠨᠵᠡᠭᠡᠶᠢᠷᠡᠭᠦᠯᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠦᠷᠭᠦᠯᠵᠢᠯᠡᠨ ᠨᠢᠭᠡᠳᠦᠯᠲᠡᠢ ᠲᠥᠯᠥᠪᠯᠡᠨ ᠰᠤᠳᠤᠯᠵᠤ᠂ ᠮᠠᠨ ᠤ ᠤᠯᠤᠰ ᠤᠨ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠳᠤ ᠤᠯᠠᠮ ᠨᠢᠭᠡ ᠠᠯᠬᠤᠮ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ | ᠠᠷᠪᠠᠨ ᠭᠤᠷᠪᠠ᠂ ᠤᠯᠤᠰ ᠤᠨ ᠬᠤᠭᠤᠷᠣᠨᠳᠣᠬᠢ ᠡᠭᠡᠯᠵᠢ ᠶᠢᠨ ᠨᠢᠰᠬᠡᠯ ᠢ ᠰᠡᠷᠭᠦᠭᠡᠬᠦ ᠪᠠ ᠨᠡᠮᠡᠭᠳᠡᠭᠦᠯᠬᠦ | ᠲᠠᠯ᠎ᠠ ᠪᠠᠷ ᠣᠶᠢᠷ᠎ᠠ ᠶᠢᠨ ᠬᠤᠭᠤᠴᠠᠭᠠᠨ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠣᠯᠠᠨ ᠤᠯᠤᠰ ᠤᠨ | ᠠᠶᠠᠨᠴᠢᠳ ᠤᠨ ᠡᠭᠡᠯᠵᠢ ᠶᠢᠨ ᠨᠢᠰᠬᠡᠯ ᠢ ᠰᠡᠷᠭᠦᠭᠡᠬᠦ ᠶᠠᠪᠤᠳᠠᠯ ᠢ ᠬᠠᠮᠤᠭ ᠤᠨ ᠴᠢᠬᠤᠯᠠ ᠠᠵᠢᠯ ᠤᠨ ᠡᠭᠦᠷᠭᠡ ᠶᠢᠨ | ᠨᠢᠭᠡ ᠪᠣᠯᠭᠠᠵᠤ᠂ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠰᠡᠷᠭᠦᠭᠡᠬᠦ ᠶᠠᠪᠤᠴᠠ ᠳᠤ ᠣᠷᠣᠰᠢᠵᠤ ᠪᠠᠶᠢᠭ᠎ᠠ | ᠭᠤᠣᠯ ᠬᠢᠵᠠᠭᠠᠷᠯᠠᠬᠤ ᠬᠦᠴᠦᠨ ᠵᠦᠢᠯ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠵᠠᠳᠠᠯᠵᠤ᠂ | ᠬᠠᠨᠳᠤᠯᠭᠠᠲᠤ ᠴᠢᠨᠠᠷᠲᠠᠢ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠶᠠᠮᠤᠨ | ᠵᠥᠪᠯᠡᠯ ᠲᠠᠢ ᠬᠠᠮᠲᠤᠷᠠᠨ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠨᠢᠭᠡ ᠳᠤ᠂ ᠠᠶᠠᠯᠠᠯ ᠤᠨ ᠡᠷᠬᠡ ᠶᠢ ᠭᠦᠢᠴᠡᠳ | ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ᠣᠳᠣᠬᠠᠨ ᠳᠤ᠂ ᠮᠠᠨ ᠤ ᠤᠯᠤᠰ ᠨᠢᠭᠡᠨᠲᠡ ᠠᠮᠧᠷᠢᠺᠠ᠂ ᠺᠠᠨᠠᠳᠠ᠂ ᠹᠷᠠᠨᠼᠢ | ᠠᠴᠠ ᠪᠤᠰᠤᠳ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ 125 | ᠤᠯᠤᠰ ᠲᠠᠢ ᠬᠢᠵᠢᠭ ᠤᠨ ᠪᠠᠶᠢᠳᠠᠯ ᠠᠴᠠ ᠡᠮᠦᠨᠡᠬᠢ ᠬᠤᠶᠠᠷ ᠲᠠᠯ᠎ᠠ ᠶᠢᠨ ᠠᠭᠠᠷ ᠤᠨ ᠠᠶᠠᠯᠠᠯ ᠤᠨ ᠡᠷᠬᠡ ᠶᠢᠨ | ᠲᠣᠬᠢᠷᠠᠭᠤᠯᠤᠯᠲᠠ ᠢ ᠰᠡᠷᠭᠦᠭᠡᠵᠦ᠂ ᠳᠤᠮᠳᠠᠳᠤ ᠭᠠᠳᠠᠭᠠᠳᠤ ᠶᠢᠨ ᠠᠭᠠᠷ ᠤᠨ ᠠᠶᠠᠯᠠᠯ ᠤᠨ ᠺᠣᠮᠫᠠᠨᠢ ᠶᠢᠨ ᠡᠭᠡᠯᠵᠢ ᠶᠢᠨ | ᠨᠢᠰᠬᠡᠯ ᠢ ᠰᠡᠷᠭᠦᠭᠡᠬᠦ ᠪᠤᠶᠤ ᠨᠡᠮᠡᠭᠳᠡᠭᠦᠯᠬᠦ ᠳᠤ ᠨᠢᠭᠡᠨᠲᠡ ᠠᠶᠠᠯᠠᠯ ᠤᠨ ᠡᠷᠬᠡ ᠶᠢᠨ ᠰᠠᠭᠠᠳ ᠦᠭᠡᠢ ᠪᠤᠯᠪᠠ᠃ | ᠬᠤᠶᠠᠷ ᠲᠤ᠂ ᠠᠯᠢ ᠣᠯᠠᠨ ᠳᠡᠮᠵᠢᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠬᠡᠷᠡᠭᠵᠢᠭᠦᠯᠵᠦ᠂ ᠰᠦᠢᠳᠬᠡᠯ | ᠬᠤᠷᠢᠶᠠᠯᠲᠠ ᠶᠢ ᠪᠠᠭᠤᠷᠠᠭᠤᠯᠬᠤ᠂ ᠴᠠᠭ ᠲᠤᠬᠠᠢ ᠳᠤ ᠨᠢ ᠬᠠᠩᠭᠠᠬᠤ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠠᠭᠠᠷ ᠤᠨ | ᠠᠶᠠᠯᠠᠯ ᠤᠨ ᠺᠣᠮᠫᠠᠨᠢ ᠶᠢᠨ ᠲᠡᠭᠡᠭᠡᠪᠦᠷᠢ ᠶᠢᠨ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠨ᠎ᠡ᠃ | ᠭᠤᠷᠪᠠ ᠳᠤ᠂ ᠳᠤᠮᠳᠠᠳᠤ ᠭᠠᠳᠠᠭᠠᠳᠤ ᠶᠢᠨ ᠠᠭᠠᠷ ᠤᠨ ᠠᠶᠠᠯᠠᠯ ᠤᠨ ᠺᠣᠮᠫᠠᠨᠢ ᠶᠢᠨ ᠤᠯᠠᠨ ᠤᠯᠤᠰ ᠤᠨ ᠠᠭᠠᠷ ᠤᠨ | ᠠᠶᠠᠯᠠᠯ ᠤᠨ ᠱᠤᠭᠤᠮ ᠤᠨ ᠡᠭᠡᠯᠵᠢ ᠶᠢᠨ ᠨᠢᠰᠬᠡᠯ ᠢ ᠡᠵᠡᠩᠨᠡᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ | ᠠᠰᠠᠭᠤᠳᠠᠯ ᠢ ᠴᠠᠭ ᠲᠤᠬᠠᠢ ᠳᠤ ᠨᠢ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠠᠷᠭ᠎ᠠ ᠬᠡᠮᠵᠢᠶ᠎ᠡ ᠠᠪᠴᠤ᠂ | ᠬᠤᠯᠪᠣᠭᠳᠠᠯ ᠪᠦᠬᠦᠢ ᠤᠯᠤᠰ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠵᠣᠬᠢᠴᠠᠭᠤᠯᠤᠨ ᠠᠬᠢᠭᠤᠯᠤᠨ | ᠰᠢᠢᠳᠪᠦᠷᠢᠯᠡᠨ᠎ᠡ᠃ ᠳᠥᠷᠪᠡ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ | ᠪᠣᠯᠣᠨ ᠠᠭᠠᠷ ᠤᠨ ᠠᠶᠠᠯᠠᠯ ᠤᠨ ᠺᠣᠮᠫᠠᠨᠢ ᠲᠠᠢ ᠬᠠᠮᠵᠢᠯᠴᠠᠨ ᠵᠣᠯᠭᠠᠭᠤᠯᠬᠤ ᠠᠷᠭ᠎ᠠ ᠵᠠᠮ ᠪᠣᠯᠣᠨ ᠲᠣᠭᠲᠠᠴᠠ ᠶᠢ | ᠪᠠᠶᠢᠭᠤᠯᠵᠤ᠂ ᠠᠭᠠᠷ ᠤᠨ ᠠᠶᠠᠯᠠᠯ ᠤᠨ ᠺᠣᠮᠫᠠᠨᠢ ᠶᠢ ᠬᠥᠲᠥᠯᠥᠨ ᠵᠢᠯᠤᠭᠤᠳᠴᠤ ᠪᠠᠶᠢᠭᠠᠳ ᠭᠠᠳᠠᠭᠠᠳᠤ ᠬᠠᠷᠢᠯᠴᠠᠭ᠎ᠠ᠂ | ᠬᠤᠳᠠᠯᠳᠤᠭᠠᠨ ᠤ ᠶᠠᠪᠤᠳᠠᠯ ᠤᠨ ᠶᠠᠪᠤᠯᠴᠠᠭ᠎ᠠ ᠶᠢᠨ ᠬᠡᠷᠡᠭᠴᠡᠭᠡ ᠶᠢ ᠬᠠᠩᠭᠠᠵᠤ᠂ ᠨᠡᠩ ᠰᠠᠶᠢᠨ ᠠᠭᠠᠷ ᠤᠨ | ᠠᠶᠠᠯᠠᠯ ᠤᠨ ᠲᠡᠭᠡᠭᠡᠪᠦᠷᠢ ᠶᠢᠨ ᠪᠠᠲᠤᠯᠠᠭ᠎ᠠ ᠬᠠᠩᠭᠠᠯᠭᠠᠨ᠎ᠠ᠃ | ᠤᠯᠤᠰ ᠤᠨ ᠬᠤᠭᠤᠷᠣᠨᠳᠣᠬᠢ ᠡᠭᠡᠯᠵᠢ ᠶᠢᠨ ᠨᠢᠰᠬᠡᠯ ᠤᠨ ᠪᠣᠳᠠᠲᠠᠢ ᠭᠦᠢᠴᠡᠳᠬᠡᠭᠰᠡᠨ ᠪᠠᠶᠢᠳᠠᠯ ᠠᠴᠠ | ᠦᠵᠡᠪᠡᠯ᠂ 2023 ᠣᠨ ᠤ 9 ᠳ᠋ᠣᠭᠡᠷ ᠰᠠᠷ᠎ᠠ ᠶᠢᠨ 18 ᠤ ᠡᠳᠦᠷ ᠠᠴᠠ 24 ᠤ ᠡᠳᠦᠷ ᠤᠨ ᠬᠤᠭᠤᠷᠤᠨᠳᠤ | ᠪᠣᠳᠠᠲᠠᠢ ᠬᠡᠷᠡᠭᠵᠢᠭᠦᠯᠦᠭᠰᠡᠨ ᠤᠯᠤᠰ ᠤᠨ ᠬᠤᠭᠤᠷᠣᠨᠳᠣᠬᠢ ᠲᠣᠭᠲᠠᠮᠠᠯ ᠬᠤᠭᠤᠴᠠᠭᠠᠲᠤ ᠠᠶᠠᠨᠴᠢᠳ ᠤᠨ ᠡᠭᠡᠯᠵᠢ ᠶᠢᠨ | ᠨᠢᠰᠬᠡᠯ ᠤᠨ ᠲᠤᠭ᠎ᠠ ᠨᠢ 3849 ᠡᠭᠡᠯᠵᠢ ︵ᠢᠷᠡᠵᠦ ᠪᠤᠴᠠᠬᠤ ᠪᠦᠷᠢ ᠶᠢ 1 ᠡᠭᠡᠯᠵᠢ ᠪᠠᠷ ᠪᠤᠳᠤᠨ᠎ᠠ︶ ᠪᠠᠶᠢᠵᠤ᠂ | ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠬᠦ ᠠᠴᠠ ᠡᠮᠦᠨᠡᠬᠢ ᠨᠢᠭᠡ ᠭᠠᠷᠠᠭ ︵ | 2023 ᠣᠨ ᠤ 1 ᠳ᠋ᠣᠭᠡᠷ ᠰᠠᠷ᠎ᠠ ᠶᠢᠨ 2 ᠤᠨ ᠡᠳᠦᠷ ᠠᠴᠠ 1 ᠳ᠋ᠣᠭᠡᠷ ᠰᠠᠷ᠎ᠠ ᠶᠢᠨ 8 ᠤ ᠡᠳᠦᠷ ᠪᠣᠯᠲᠠᠯ᠎ᠠ︶ ᠤᠨ | 8 ᠳᠠᠬᠢᠨ ᠰᠢᠬᠠᠮ ᠪᠠᠶᠢᠵᠤ᠂ ᠬᠢᠵᠢᠭ ᠤᠨ ᠪᠠᠶᠢᠳᠠᠯ ᠠᠴᠠ ᠡᠮᠦᠨᠡᠬᠢ 50.5% ᠶᠢ ᠰᠡᠷᠭᠦᠭᠡᠪᠡ︔ ᠠᠶᠠᠯᠠᠯ | ᠨᠡᠪᠲᠡᠷᠡᠬᠦ ᠤᠯᠤᠰ 61 ᠪᠠᠶᠢᠵᠤ᠂ ᠠᠩᠭ᠍ᠯᠢ᠂ ᠢᠲ᠋ᠠᠯᠢ᠂ ᠮᠠᠯᠳᠠᠶᠢᠹ ᠵᠡᠷᠭᠡ 16 ᠤᠯᠤᠰ ᠲᠤ ᠬᠦᠷᠬᠦ ᠡᠭᠡᠯᠵᠢ ᠶᠢᠨ | ᠨᠢᠰᠬᠡᠯ ᠤᠨ ᠲᠤᠭ᠎ᠠ ᠨᠢᠭᠡᠨᠲᠡ ᠬᠢᠵᠢᠭ ᠤᠨ ᠪᠠᠶᠢᠳᠠᠯ ᠠᠴᠠ ᠡᠮᠦᠨᠡᠬᠢ ᠬᠡᠮᠵᠢᠶ᠎ᠡ ᠠᠴᠠ ᠳᠠᠪᠠᠵᠠᠢ᠃ ᠳᠤᠮᠳᠠᠳᠤ | ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠳᠤᠮᠳᠠᠳᠤ ᠭᠠᠳᠠᠭᠠᠳᠤ ᠶᠢᠨ ᠠᠭᠠᠷ ᠤᠨ | ᠠᠶᠠᠯᠠᠯ ᠤᠨ ᠺᠣᠮᠫᠠᠨᠢ ᠶᠢᠨ ᠣᠯᠠᠨ ᠤᠯᠤᠰ ᠤᠨ ᠠᠶᠠᠨᠴᠢᠳ ᠤᠨ ᠡᠭᠡᠯᠵᠢ ᠶᠢᠨ ᠨᠢᠰᠬᠡᠯ ᠢ ᠰᠡᠷᠭᠦᠭᠡᠨ ᠨᠡᠮᠡᠭᠳᠡᠭᠦᠯᠬᠦ | ᠬᠡᠷᠡᠭᠴᠡᠭᠡ ᠲᠠᠢ ᠤᠯᠠᠮ ᠨᠢᠭᠡ ᠠᠯᠬᠤᠮ ᠤᠶᠠᠯᠳᠤᠭᠤᠯᠤᠨ᠂ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ | ᠬᠡᠷᠡᠭᠵᠢᠭᠦᠯᠬᠦ ᠪᠠ ᠭᠤᠣᠯᠳᠠᠯᠭ᠎ᠠ ᠲᠠᠢ ᠪᠠᠲᠤᠯᠠᠭ᠎ᠠ ᠬᠠᠩᠭᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠭᠤᠣᠯᠳᠠᠯᠭ᠎ᠠ ᠲᠠᠢ ᠤᠯᠤᠰ ᠯᠤᠭ᠎ᠠ ᠶᠢᠨ ᠵᠥᠪᠳᠡᠯᠴᠡᠭᠡ ᠶᠢ ᠦᠷᠭᠦᠯᠵᠢᠯᠡᠨ ᠢᠳᠡᠪᠬᠢᠲᠡᠢ ᠪᠠᠷ ᠲᠦᠯᠬᠢᠨ | ᠠᠬᠢᠭᠤᠯᠵᠤ᠂ ᠬᠤᠶᠠᠷ ᠲᠠᠯ᠎ᠠ ᠶᠢᠨ ᠠᠶᠠᠯᠠᠯ ᠤᠨ ᠡᠷᠬᠡ ᠶᠢᠨ ᠲᠣᠬᠢᠷᠠᠭᠤᠯᠤᠯᠲᠠ ᠶᠢ ᠰᠡᠷᠭᠦᠭᠡᠨ᠎ᠡ︔ ᠠᠶᠠᠯᠠᠯ ᠤᠨ | ᠡᠷᠬᠡ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠠᠭᠠᠷ ᠤᠨ | ᠠᠶᠠᠯᠠᠯ ᠤᠨ ᠺᠣᠮᠫᠠᠨᠢ ᠶᠢᠨ ᠠᠶᠠᠯᠠᠯ ᠤᠨ ᠡᠷᠬᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ | ᠱᠠᠭᠠᠷᠳᠠᠨ᠎ᠠ᠃ ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠲᠣᠪᠴᠢᠶ᠎ᠠ ᠪᠠᠰᠠ ᠬᠤᠳᠠᠯᠳᠤᠭᠠᠨ ᠤ ᠶᠠᠪᠤᠳᠠᠯ ᠤᠨ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ᠂ ᠰᠣᠶᠣᠯ ᠪᠠ | ᠵᠢᠭᠤᠯᠴᠢᠯᠠᠯ ᠤᠨ ᠶᠠᠮᠤᠨ ᠵᠡᠷᠭᠡ ᠰᠠᠯᠠᠭ᠎ᠠ ᠮᠥᠴᠢᠷ ᠤᠨ ᠳᠤᠷᠠᠳᠤᠭᠰᠠᠨ ᠬᠡᠷᠡᠭᠴᠡᠭᠡ ᠱᠠᠭᠠᠷᠳᠠᠯᠭ᠎ᠠ ᠶᠢᠨ | ᠰᠠᠨᠠᠭᠤᠯᠭ᠎ᠠ ᠶᠢ ᠦᠨᠳᠦᠰᠦᠯᠡᠨ᠂ ᠠᠭᠠᠷ ᠤᠨ ᠲᠡᠭᠡᠭᠡᠪᠦᠷᠢ ᠶᠢᠨ ᠺᠣᠮᠫᠠᠨᠢ ᠯᠤᠭ᠎ᠠ ᠶᠢᠨ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠠᠭᠠᠷ ᠤᠨ ᠲᠡᠭᠡᠭᠡᠪᠦᠷᠢ ᠶᠢᠨ ᠺᠣᠮᠫᠠᠨᠢ ᠶᠢ ᠴᠠᠭ ᠲᠤᠬᠠᠢ ᠳᠤ ᠨᠢ | ᠬᠥᠲᠥᠯᠥᠨ ᠵᠢᠯᠤᠭᠤᠳᠴᠤ ᠪᠠᠶᠢᠭᠠᠳ ᠲᠡᠭᠡᠭᠡᠪᠦᠷᠢ ᠶᠢᠨ ᠬᠦᠴᠦ ᠶᠢ ᠨᠡᠮᠡᠭᠳᠡᠭᠦᠯᠵᠦ᠂ ᠤᠯᠤᠰ ᠤᠨ ᠬᠤᠭᠤᠷᠣᠨᠳᠣᠬᠢ | ᠠᠶᠠᠨᠴᠢᠳ ᠤᠨ ᠡᠭᠡᠯᠵᠢ ᠶᠢᠨ ᠨᠢᠰᠭᠡᠯ ᠢ ᠢᠳᠡᠪᠬᠢᠲᠡᠢ ᠰᠡᠷᠭᠦᠭᠡᠨ᠎ᠡ᠃ | ᠠᠷᠪᠠᠨ ᠳᠥᠷᠪᠡ᠂ ᠬᠢᠯᠢ ᠳᠤ ᠣᠷᠣᠬᠤ ᠵᠢᠭᠤᠯᠴᠢᠯᠠᠯ ᠤᠨ ᠦᠢᠯᠡᠴᠢᠯᠡᠭᠡ ᠶᠢ ᠬᠡᠷᠬᠢᠨ ᠲᠡᠭᠦᠯᠳᠡᠷᠵᠢᠭᠦᠯᠬᠦ ᠪᠤᠢ︖ | | ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠲᠣᠪᠴᠢᠶ᠎ᠠ | ᠠᠴᠠ ᠲᠣᠭᠠᠴᠠᠭ᠎ᠠ ᠬᠢᠬᠦ ᠦᠢᠯᠡᠴᠢᠯᠡᠭᠡᠨ ᠤ ᠭᠤᠣᠯ ᠴᠣᠭᠴᠠ ᠶᠢ ᠵᠢᠯᠤᠭᠤᠳᠴᠤ᠂ ᠬᠢᠯᠢ ᠪᠠᠷ ᠣᠷᠣᠵᠤ ᠢᠷᠡᠭᠰᠡᠨ | ᠵᠢᠭᠤᠯᠴᠢᠯᠠᠭᠴᠢᠳ ᠲᠤ ᠣᠯᠠᠨ ᠶᠠᠩᠵᠤ ᠶᠢᠨ ᠲᠣᠭᠠᠴᠠᠭ᠎ᠠ ᠬᠢᠬᠦ ᠦᠢᠯᠡᠴᠢᠯᠡᠭᠡ ᠬᠠᠩᠭᠠᠵᠤ᠂ ᠬᠢᠯᠢ ᠪᠠᠷ ᠣᠷᠣᠵᠤ | ᠢᠷᠡᠭᠰᠡᠨ ᠵᠢᠭᠤᠯᠴᠢᠯᠠᠭᠴᠢᠳ ᠤᠨ ᠬᠢᠯᠢ ᠶᠢᠨ ᠳᠣᠲᠣᠷᠠᠬᠢ ᠡᠳᠦᠷ ᠲᠤᠲᠤᠮ ᠤᠨ ᠬᠡᠷᠡᠭᠯᠡᠭᠡ ᠳᠤ ᠲᠥᠬᠦᠮ | ᠦᠵᠡᠭᠦᠯᠦᠨ᠎ᠡ᠃ ᠨᠢᠭᠡ ᠳᠤ᠂ ᠬᠢᠯᠢ ᠪᠠᠷ ᠣᠷᠣᠵᠤ ᠢᠷᠡᠭᠰᠡᠨ ᠵᠢᠭᠤᠯᠴᠢᠯᠠᠭᠴᠢᠳ ᠲᠣᠭᠠᠴᠠᠭ᠎ᠠ ᠬᠢᠬᠦ ᠳᠤ ᡁᠢ ᠹᠦ᠋ | ᠪᠣᠣ᠂ ᠸᠢᠴᠠᠲ ᠢᠶᠠᠷ ᠬᠢᠯᠢ ᠶᠢᠨ ᠭᠠᠳᠠᠨᠠᠬᠢ ᠪᠠᠩᠬᠢ ᠶᠢᠨ ᠺᠠᠷᠲ ᠲᠠᠢ ᠰᠢᠭᠤᠳ ᠬᠤᠯᠪᠣᠵᠤ ᠪᠣᠯᠬᠤ ᠪᠤᠶᠤ ᡁᠢ ᠹᠦ᠋ | ᠪᠣᠣ ᠰᠢᠶᠠᠩᠭᠠᠩ᠂ ᠸᠢᠴᠠᠲ ᠰᠢᠶᠠᠩᠭᠠᠩ᠂ ᠰᠢᠶᠠᠩᠭᠠᠩ ᠣᠣᠮᠧᠨ ᠤ ᠬᠡᠪᠯᠡᠯ ᠤᠨ ᠶᠦᠨ ᠱᠠᠨ ᠹᠦ᠋ ᠵᠡᠷᠭᠡ 13 | ᠬᠢᠯᠢ ᠶᠢᠨ ᠭᠠᠳᠠᠨᠠᠬᠢ ᠴᠦᠩᠬᠦ ᠶᠢᠨ ᠬᠡᠷᠡᠭᠯᠡᠵᠦ᠂ ᠬᠢᠯᠢ ᠶᠢᠨ ᠳᠣᠲᠣᠷᠠᠬᠢ ᠬᠤᠳᠠᠯᠳᠤᠭᠠᠨ ᠤ ᠡᠷᠦᠬᠡ ᠳᠤ ᠺᠣᠳ᠋ | ᠰᠢᠷᠪᠢᠵᠦ ᠲᠣᠭᠠᠴᠠᠭ᠎ᠠ ᠬᠢᠵᠦ ᠪᠣᠯᠣᠨ᠎ᠠ᠃ ᠬᠤᠶᠠᠷ ᠲᠤ᠂ ᠬᠢᠯᠢ ᠶᠢᠨ ᠭᠠᠳᠠᠨᠠᠬᠢ ᠪᠠᠩᠬᠢ ᠶᠢᠨ ᠬᠤᠯᠪᠣᠭᠠᠨ ᠤ | ᠺᠠᠷᠲ ᠤᠨ ᠡᠵᠡᠨ ᠰᠢᠭᠤᠳ ᠬᠢᠯᠢ ᠶᠢᠨ ᠳᠣᠲᠣᠷᠠᠬᠢ ᠬᠤᠳᠠᠯᠳᠤᠭᠠᠨ ᠤ ᠡᠷᠦᠬᠡ ᠳᠤ ᠺᠠᠷᠲ ᠢᠶᠠᠷ ᠲᠤᠭᠠᠴᠠᠭ᠎ᠠ ᠬᠢᠬᠦ | ᠪᠤᠶᠤ ᠪᠠᠩᠬᠢ ᠶᠢᠨ ᠬᠤᠯᠪᠣᠭᠠᠨ ᠤ ᠺᠠᠷᠲ ᠢ ᠪᠠᠩᠬᠢ ᠶᠢᠨ ᠬᠤᠯᠪᠣᠭᠠᠨ ᠤ ᠬᠢᠯᠢ ᠶᠢᠨ ᠭᠠᠳᠠᠨᠠᠬᠢ ᠬᠠᠮᠲᠤᠷᠠᠯᠴᠠᠭᠠᠨ ᠤ | ᠪᠠᠶᠢᠭᠤᠯᠤᠮᠵᠢ ᠶᠢᠨ ᠵᠣᠭᠤᠰᠤᠨ ᠴᠦᠩᠬᠦ ᠲᠠᠢ ᠬᠤᠯᠪᠣᠵᠤ᠂ ᠬᠢᠯᠢ ᠶᠢᠨ ᠳᠣᠲᠣᠷᠠᠬᠢ ᠪᠠᠩᠬᠢ ᠶᠢᠨ ᠬᠤᠯᠪᠣᠭᠠᠨ ᠤ | ᠬᠤᠳᠠᠯᠳᠤᠭᠠᠨ ᠤ ᠡᠷᠦᠬᠡ ᠳᠤ ᠲᠤᠭᠠᠴᠠᠭ᠎ᠠ ᠬᠢᠬᠦ ᠶᠢ ᠪᠡᠶᠡᠯᠡᠭᠦᠯᠵᠦ ᠪᠣᠯᠣᠨ᠎ᠠ᠃ ᠭᠤᠷᠪᠠ ᠳᠤ᠂ ᠣᠯᠠᠩᠬᠢ ᠲᠣᠭᠠᠨ ᠤ | ᠬᠢᠯᠢ ᠶᠢᠨ ᠳᠣᠲᠣᠷᠠᠬᠢ ᠰᠦᠯᠵᠢᠶᠡᠨ ᠤ ᠲᠠᠪᠴᠠᠩ ᠨᠢ ᠭᠠᠳᠠᠭᠠᠳᠤ ᠶᠢᠨ ᠢᠲᠡᠭᠡᠮᠵᠢ ᠶᠢᠨ ᠺᠠᠷᠲ ᠢᠶᠠᠷ ᠲᠣᠭᠠᠴᠠᠭ᠎ᠠ | ᠬᠢᠬᠦ ᠶᠢ ᠳᠡᠮᠵᠢᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠪᠠᠩᠬᠢ ᠬᠢᠭᠡᠳ ᠲᠣᠭᠠᠴᠠᠭ᠎ᠠ | ᠬᠢᠬᠦ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠵᠢᠯᠤᠭᠤᠳᠴᠤ᠂ ᠬᠢᠯᠢ ᠶᠢᠨ ᠭᠠᠳᠠᠨᠠᠬᠢ ᠬᠤᠪᠢ ᠬᠥᠮᠥᠨ ᠤ ᠬᠢᠯᠢ ᠶᠢᠨ | ᠳᠣᠲᠣᠷᠠᠬᠢ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠰᠦᠯᠵᠢᠶᠡᠨ ᠥᠷᠲᠡᠭᠡ ᠳᠤ ᠬᠢᠯᠢ ᠶᠢᠨ ᠭᠠᠳᠠᠨᠠᠬᠢ | ᠪᠠᠩᠬᠢ ᠶᠢᠨ ᠺᠠᠷᠲ ᠢᠶᠠᠷ ᠲᠣᠭᠠᠴᠠᠭ᠎ᠠ ᠬᠢᠬᠦ ᠳᠤ᠂ ᠭᠠᠳᠠᠭᠠᠳᠤ ᠺᠠᠷᠲ ᠢᠶᠠᠷ ᠪᠡᠯᠡ ᠮᠥᠩᠭᠦ ᠶᠢ ᠳ᠋ᠦᠩᠨᠡᠨ ᠪᠤᠳᠤᠬᠤ | ᠦᠢᠯᠡᠴᠢᠯᠡᠭᠡ ᠬᠠᠩᠭᠠᠨ᠎ᠠ᠃ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠭᠠᠳᠠᠭᠠᠳᠤ | ᠭᠤᠪᠢᠭᠤᠯᠭ᠎ᠠ ᠶᠢᠨ ᠲᠣᠪᠴᠢᠶ᠎ᠠ ᠠᠴᠠ ᠲᠣᠭᠠᠴᠠᠭ᠎ᠠ ᠬᠢᠬᠦ ᠦᠢᠯᠡᠴᠢᠯᠡᠭᠡᠨ ᠤ ᠭᠤᠣᠯ ᠴᠣᠭᠴᠠ ᠶᠢ ᠦᠷᠭᠦᠯᠵᠢᠯᠡᠨ | ᠠᠬᠢᠭᠤᠯᠵᠤ᠂ ᠬᠢᠯᠢ ᠪᠠᠷ ᠣᠷᠣᠵᠤ ᠢᠷᠡᠭᠰᠡᠨ ᠵᠢᠭᠤᠯᠴᠢᠯᠠᠭᠴᠢᠳ ᠤᠨ ᠲᠣᠭᠠᠴᠠᠭ᠎ᠠ ᠬᠢᠬᠦ ᠳᠠᠳᠬᠠᠯ ᠲᠠᠢ | ᠤᠶᠠᠯᠳᠤᠭᠤᠯᠤᠨ᠂ ᠠᠳᠠᠯᠢ ᠪᠤᠰᠤ ᠬᠡᠷᠡᠭᠯᠡᠭᠡᠨ ᠤ ᠪᠠᠶᠢᠳᠠᠯ ᠢ ᠢᠯᠭᠠᠵᠤ᠂ ᠠᠮᠤᠷ ᠲᠦᠪᠰᠢᠨ᠂ ᠳᠥᠭᠦᠮ ᠳᠥᠲᠡ | ᠲᠣᠭᠠᠴᠠᠭ᠎ᠠ ᠬᠢᠬᠦ ᠦᠢᠯᠡᠴᠢᠯᠡᠭᠡ ᠬᠠᠩᠭᠠᠨ᠎ᠠ᠃ ᠨᠢᠰᠬᠡᠯ ᠤᠨ ᠪᠠᠭᠤᠳᠠᠯ ᠤᠨ ᠲᠡᠷᠭᠡᠨ ᠥᠷᠲᠡᠭᠡ᠂ ᠲᠣᠮᠣ | ᠬᠡᠯᠪᠡᠷᠢ ᠶᠢᠨ ᠬᠤᠳᠠᠯᠳᠤᠭᠠᠨ ᠤ ᠲᠠᠯᠠᠪᠤᠷ᠂ ᠭᠠᠳᠠᠭᠠᠳᠤ ᠳᠤ ᠬᠤᠯᠪᠣᠭᠳᠠᠬᠤ ᠪᠠᠭᠤᠳᠠᠯ᠂ ᠨᠠᠷᠠᠲᠤ ᠦᠵᠡᠮᠵᠢ ᠶᠢᠨ | ᠭᠠᠵᠠᠷ ᠵᠡᠷᠭᠡ ᠳᠤ ᠬᠢᠯᠢ ᠶᠢᠨ ᠭᠠᠳᠠᠨᠠᠬᠢ ᠪᠠᠩᠬᠢ ᠶᠢᠨ ᠺᠠᠷᠲ ᠤᠨ ᠲᠤᠭᠠᠴᠠᠭ᠎ᠠ ᠬᠢᠬᠦ ᠦᠢᠯᠡᠴᠢᠯᠡᠭᠡ ᠶᠢ ᠪᠥᠬᠦ | ᠲᠠᠯ᠎ᠠ ᠪᠠᠷ ᠬᠠᠩᠭᠠᠨ᠎ᠠ᠃ ᠰᠢᠯᠵᠢᠮᠡᠯ ᠲᠣᠭᠠᠴᠠᠭ᠎ᠠ ᠬᠢᠬᠦ ᠦᠢᠯᠡᠳᠬᠦᠨ ᠤ ᠰᠢᠨ᠎ᠡ ᠶᠢ ᠡᠭᠦᠳᠴᠦ᠂ ᠳᠡᠩᠰᠡᠯᠡᠨ | ᠭᠡᠷᠡᠴᠢᠯᠡᠬᠦ ᠴᠤᠪᠤᠷᠠᠯ ᠢ ᠳᠥᠭᠦᠮᠴᠢᠯᠡᠨ᠂ ᠬᠢᠯᠢ ᠪᠠᠷ ᠣᠷᠣᠵᠤ ᠢᠷᠡᠭᠰᠡᠨ ᠵᠢᠭᠤᠯᠴᠢᠯᠠᠭᠴᠢᠳ ᠤᠨ ᠪᠠᠭ᠎ᠠ ᠲᠣᠭᠠᠨ ᠤ | ᠪᠠ ᠠᠷᠠᠳ ᠲᠤ ᠲᠥᠬᠦᠮ ᠦᠵᠡᠭᠦᠯᠬᠦ ᠲᠠᠯᠠᠪᠤᠷ ᠲᠤ ᠬᠢ ᠺᠣᠳ᠋ ᠰᠢᠷᠪᠢᠵᠦ ᠲᠣᠭᠠᠴᠠᠭ᠎ᠠ ᠬᠢᠬᠦ ᠳᠤ ᠲᠥᠬᠦᠮ | ᠦᠵᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠶᠠᠮᠤᠨ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ | ᠲᠣᠪᠴᠢᠶ᠎ᠠ ᠬᠢᠯᠢ ᠳᠤ ᠣᠷᠣᠬᠤ ᠵᠢᠭᠤᠯᠴᠢᠯᠠᠯ ᠤᠨ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠯᠢ ᠶᠢᠨ ᠭᠠᠳᠠᠨᠠᠬᠢ | ᠵᠢᠭᠤᠯᠴᠢᠯᠠᠭᠴᠢᠳ ᠤᠨ ᠬᠢᠯᠢ ᠳᠤ ᠣᠷᠣᠬᠤ ᠵᠢᠭᠤᠯᠴᠢᠯᠠᠯ ᠤᠨ ᠱᠠᠭᠠᠷᠳᠠᠯᠭ᠎ᠠ ᠶᠢ ᠬᠠᠩᠭᠠᠨ᠎ᠠ᠃ ᠨᠢᠭᠡ ᠳᠤ᠂ | ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠢ ᠳᠥᠭᠦᠮᠴᠢᠯᠡᠨ ᠬᠡᠷᠡᠭᠯᠡᠬᠦ ᠶᠢ ᠢᠳᠡᠪᠬᠢᠲᠡᠢ ᠠᠬᠢᠭᠤᠯᠤᠨ᠎ᠠ᠃ | ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠤᠨ ᠪᠡᠶ᠎ᠡ ᠬᠡᠮ ᠤᠨ ᠭᠡᠷᠡᠴᠢᠯᠡᠯ ᠤᠨ ᠲᠠᠪᠴᠠᠩ ᠢ ᠪᠠᠶᠢᠭᠤᠯᠵᠤ᠂ | ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠣᠯᠠᠨ ᠨᠡᠶᠢᠲᠡ ᠶᠢᠨ | ᠦᠢᠯᠡᠴᠢᠯᠡᠭᠡ ᠪᠠ ᠢᠨᠲ᠋ᠧᠷ ᠰᠦᠯᠵᠢᠶᠡᠨ ᠤ ᠬᠦᠷᠢᠶᠡᠨ ᠳᠤ ᠳᠥᠭᠦᠮᠴᠢᠯᠡᠨ ᠬᠡᠷᠡᠭᠯᠡᠬᠦ ᠶᠢ ᠲᠦᠯᠬᠢᠨ ᠠᠬᠢᠭᠤᠯᠤᠨ᠎ᠠ᠂ | ᠣᠳᠣᠬᠠᠨ ᠳᠤ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠳᠣᠲᠣᠷ᠎ᠠ ᠭᠠᠵᠠᠷ ︵ᠡᠬᠡ ᠬᠠᠭᠤᠷᠠᠢ︶ ᠤᠨ | ᠨᠡᠪᠲᠡᠷᠡᠬᠦ ᠦᠨᠡᠮᠯᠡᠯ ᠵᠡᠷᠭᠡ ᠭᠡᠷᠡᠴᠢ ᠦᠨᠡᠮᠯᠡᠯ ᠢᠶᠠᠨ ᠠᠪᠴᠤ ᠵᠠᠮ ᠬᠠᠷᠢᠯᠴᠠᠭ᠎ᠠ᠂ ᠮᠥᠩᠭᠦᠨ ᠭᠦᠢᠯᠭᠡᠭᠡ᠂ ᠴᠠᠬᠢᠯᠭᠠᠨ | ᠬᠤᠯᠪᠣᠭ᠎ᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠳᠠᠭᠠᠳᠬᠠᠯ᠂ ᠦᠢᠯᠡᠳᠪᠦᠷᠢ ᠬᠤᠳᠠᠯᠳᠤᠭ᠎ᠠ᠂ | ᠭᠠᠶᠢᠯᠢ ᠶᠢᠨ ᠶᠠᠪᠤᠳᠠᠯ᠂ ᠬᠤᠨᠤᠭ ᠪᠠᠭᠤᠳᠠᠯ ᠵᠡᠷᠭᠡ ᠬᠦᠷᠢᠶᠡᠨ ᠳᠤ 35 ᠵᠦᠢᠯ ᠤᠨ ᠲᠥᠬᠦᠮ ᠨᠥᠬᠦᠴᠡᠯ ᠢ ᠡᠳ᠋ᠯᠡᠵᠦ | ᠪᠣᠯᠣᠨ᠎ᠠ︔ ᠭᠠᠳᠠᠭᠠᠳᠤ ᠶᠢᠨ ᠵᠢᠭᠤᠯᠴᠢᠯᠠᠭᠴᠢᠳ ᠤᠨ ᠬᠡᠷᠡᠭᠯᠡᠬᠦ ᠫᠠᠰᠫᠣᠷᠲ᠂ ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠳᠠᠭᠠᠳᠤ ᠶᠢᠨ ᠬᠥᠮᠥᠨ ᠤ ᠥᠨᠢᠳᠡ ᠰᠠᠭᠤᠷᠢᠰᠢᠬᠤ ᠪᠡᠶ᠎ᠡ ᠶᠢᠨ ᠦᠨᠡᠮᠯᠡᠯ᠂ ᠰᠢᠶᠠᠩᠭᠠᠩ | ᠣᠣᠮᠧᠨ ᠲᠠᠶᠢᠸᠠᠨ ᠤ ᠵᠢᠭᠤᠯᠴᠢᠯᠠᠭᠴᠢᠳ ᠤᠨ ᠳᠣᠲᠣᠷ᠎ᠠ ᠭᠠᠵᠠᠷ ︵ᠡᠬᠡ ᠬᠠᠭᠤᠷᠠᠢ︶ ᠤᠨ ᠨᠡᠪᠲᠡᠷᠡᠬᠦ ᠦᠨᠡᠮᠯᠡᠯ | ᠵᠡᠷᠭᠡ ᠬᠢᠯᠢ ᠪᠠᠷ ᠣᠷᠣᠵᠤ ᠭᠠᠷᠬᠤ ᠦᠨᠡᠮᠯᠡᠯ ᠢᠶᠠᠷ ᠢᠶᠠᠨ ᠦᠵᠡᠮᠵᠢ ᠶᠢᠨ ᠣᠷᠣᠨ ᠤ ᠡᠭᠦᠳᠡᠨ ᠪᠢᠯᠧᠲ ᠢ | ᠤᠷᠢᠳᠴᠢᠯᠠᠨ ᠵᠠᠬᠢᠶᠠᠯᠠᠬᠤ᠂ ᠲᠡᠷᠭᠡᠨ ︵ᠣᠩᠭᠤᠴᠠ︶ ᠪᠢᠯᠧᠲ ᠬᠤᠳᠠᠯᠳᠤᠨ ᠠᠪᠬᠤ᠂ ᠬᠤᠨᠤᠭ ᠤᠨ ᠳᠠᠩᠰᠠᠯᠠᠯᠲᠠ | ᠵᠡᠷᠭᠡ ᠶᠢ ᠲᠦᠭᠦᠮᠵᠢᠯᠡᠯᠲᠡ ᠶᠢᠨ ᠨᠡᠶᠢᠭᠡᠮ ᠤᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠬᠤᠶᠠᠷ ᠲᠤ᠂ ᠬᠢᠯᠢ ᠳᠤ | ᠣᠷᠣᠬᠤ ᠵᠢᠭᠤᠯᠴᠢᠯᠠᠯ ᠤᠨ ᠬᠢᠴᠢᠶᠡᠯ ᠤᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠢᠯᠢ ᠳᠤ ᠣᠷᠣᠬᠤ | ᠵᠢᠭᠤᠯᠴᠢᠯᠠᠯ ᠤᠨ ᠠᠷᠠᠯᠵᠢᠶᠠᠴᠢᠨ ᠤ ᠬᠠᠨᠢᠲᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠭᠠᠳᠠᠭᠠᠳᠤ ᠶᠢᠨ | ᠳᠤᠮᠳᠠᠳᠤ ᠤᠯᠤᠰ ᠲᠤ ᠢᠷᠡᠵᠦ ᠵᠢᠭᠤᠯᠴᠢᠯᠠᠬᠤ ᠲᠤᠬᠠᠶᠢᠯᠠᠭᠰᠠᠨ ᠠᠵᠢᠯ ᠢ ᠡᠷᠭᠢᠯᠡᠨ ᠬᠢᠵᠦ ᠪᠠᠶᠢᠭ᠎ᠠ ᠬᠥᠮᠥᠰ ᠲᠤ | ᠦᠷᠭᠦᠯᠵᠢᠯᠡᠨ ᠬᠢᠴᠢᠶᠡᠯ ᠬᠥᠮᠦᠵᠢᠯ ᠤᠨ ᠪᠣᠯᠪᠠᠰᠤᠷᠠᠭᠤᠯᠤᠯ ᠬᠠᠩᠭᠠᠵᠤ᠂ ᠬᠤᠯᠪᠣᠭᠳᠠᠯ ᠪᠦᠬᠦᠢ ᠬᠥᠮᠥᠰ ᠢ | ᠬᠠᠪᠰᠤᠷᠤᠨ ᠬᠤᠯᠪᠣᠭᠳᠠᠯ ᠪᠦᠬᠦᠢ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠳᠤᠮᠳᠠᠳᠤ ᠤᠯᠤᠰ ᠲᠤ ᠢᠷᠡᠵᠦ | ᠵᠢᠭᠤᠯᠴᠢᠯᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠬᠢᠯᠢ ᠶᠢᠨ ᠭᠠᠳᠠᠨ᠎ᠠ ᠪᠦᠯᠬᠦᠮ ᠪᠠᠶᠢᠭᠤᠯᠤᠭᠰᠠᠨ | ᠵᠢᠭᠤᠯᠴᠢᠯᠠᠭᠴᠢᠳ ᠤᠨ ᠳᠤᠷ᠎ᠠ ᠪᠠᠷ ᠢᠶᠠᠨ ᠪᠦᠯᠬᠦᠮ ᠠᠴᠠ ᠪᠠᠨ ᠰᠠᠯᠬᠤ ᠶᠢ ᠰᠡᠷᠭᠡᠶᠢᠯᠡᠨ᠂ ᠬᠢᠯᠢ ᠪᠠᠷ ᠣᠷᠣᠵᠤ | ᠭᠠᠷᠬᠤ ᠬᠡᠪ ᠤᠨ ᠡᠮᠬᠢ ᠵᠢᠷᠤᠮ ᠢ ᠬᠠᠮᠠᠭᠠᠯᠠᠵᠤ᠂ ᠳᠤᠮᠳᠠᠳᠤ ᠤᠯᠤᠰ ᠲᠤ ᠢᠷᠡᠵᠦ ᠵᠢᠭᠤᠯᠴᠢᠯᠠᠬᠤ ᠬᠥᠮᠥᠰ ᠲᠤ | ᠬᠢᠯᠢ ᠳᠤ ᠣᠷᠣᠵᠤ ᠵᠢᠭᠤᠯᠴᠢᠯᠠᠬᠤ ᠰᠢᠯᠢᠳᠡᠭ ᠦᠢᠯᠡᠴᠢᠯᠡᠭᠡ ᠬᠠᠩᠭᠠᠨ᠎ᠠ᠃ ᠰᠣᠶᠣᠯ ᠪᠠ ᠵᠢᠭᠤᠯᠴᠢᠯᠠᠯ ᠤᠨ | ᠶᠠᠮᠤᠨ ᠠᠴᠠ ᠵᠢᠭᠤᠯᠴᠢᠯᠠᠯ ᠤᠨ ᠬᠥᠲᠥᠴᠢ ᠵᠢᠴᠢ ᠦᠵᠡᠮᠵᠢ ᠶᠢᠨ ᠣᠷᠣᠨ᠂ ᠪᠠᠭᠤᠳᠠᠯ ᠵᠡᠷᠭᠡ ᠦᠢᠯᠡᠴᠢᠯᠡᠭᠡᠨ ᠤ | ᠠᠵᠢᠯᠲᠠᠨ ᠤ ᠭᠠᠳᠠᠭᠠᠳᠤ ᠬᠡᠯᠡᠨ ᠤ ᠬᠢᠷᠢ ᠲᠦᠪᠰᠢᠨ ᠤ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠵᠣᠬᠢᠶᠠᠨ | ᠪᠠᠶᠢᠭᠤᠯᠤᠨ ᠴᠢᠩᠭᠠᠳᠬᠠᠵᠤ᠂ ᠣᠯᠠᠨ ᠨᠡᠶᠢᠲᠡ ᠶᠢᠨ ᠲᠠᠯᠠᠪᠤᠷ ᠤᠨ ᠭᠠᠳᠠᠭᠠᠳᠤ ᠬᠡᠯᠡᠨ ᠤ ᠢᠯᠡᠳᠬᠡᠮᠵᠢ ᠶᠢ | ᠵᠢᠷᠤᠮᠵᠢᠭᠤᠯᠤᠨ᠂ ᠤᠩᠰᠢᠯᠭ᠎ᠠ ᠶᠢᠨ ᠬᠥᠲᠥᠴᠢ ᠪᠠ ᠲᠠᠶᠢᠯᠤᠮᠵᠢ ᠶᠢᠨ ᠭᠠᠳᠠᠭᠠᠳᠤ ᠬᠡᠯᠡᠨ ᠤ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ᠠᠷᠪᠠᠨ ᠲᠠᠪᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠰᠡᠷᠭᠦᠨ ᠬᠥᠭᠵᠢᠬᠦ ᠶᠢ ᠬᠡᠷᠬᠢᠨ ᠤᠯᠠᠮ ᠨᠢᠭᠡ | ᠠᠯᠬᠤᠮ ᠳᠡᠮᠵᠢᠬᠦ ᠪᠤᠢ︖ | ᠺᠤᠷᠤᠨᠠ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠰᠣᠶᠣᠯ ᠪᠠ ᠵᠢᠭᠤᠯᠴᠢᠯᠠᠯ ᠤᠨ ᠶᠠᠮᠤᠨ ᠵᠡᠷᠭᠡ | ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ︽ᠴᠢᠰᠤ ᠶᠡᠭᠦᠯᠡᠵᠦ ᠲᠠᠮᠢᠷ ᠨᠥᠬᠦᠬᠦ︾ | ᠠᠵᠢᠯᠯᠠᠭ᠎ᠠ ᠥᠷᠨᠢᠭᠦᠯᠪᠡ᠃ ᠲᠠᠷᠠᠭᠠᠴᠢ ᠶᠢᠨ ᠠᠯᠬᠤᠮ ᠳᠤ᠂ ᠵᠢᠭᠤᠯᠴᠢᠯᠠᠯ ᠤᠨ ᠠᠵᠤ ᠠᠬᠤᠶᠢᠯᠠᠯ ᠤᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠳᠡᠮᠵᠢᠬᠦ ᠶᠢᠨ ᠲᠣᠭᠤᠷᠢᠨ ᠳᠤ ᠳᠣᠣᠷᠠᠬᠢ ᠠᠷᠭ᠎ᠠ ᠬᠡᠮᠵᠢᠶ᠎ᠡ ᠶᠢ ᠠᠪᠤᠨ᠎ᠠ᠃ ᠨᠢᠭᠡ ᠳᠤ | ᠂ ᠨᠢᠭᠡᠨᠲᠡ ᠨᠡᠶᠢᠲᠡᠯᠡᠭᠰᠡᠨ ᠳᠡᠮᠵᠢᠬᠦ ᠲᠥᠷᠥ ᠶᠢᠨ ᠪᠣᠳᠣᠯᠭ᠎ᠠ ᠶᠢ ᠤᠬᠠᠭᠤᠯᠵᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠭᠤᠯᠴᠢᠯᠠᠯ ᠤᠨ ᠬᠤᠷᠢᠶᠠᠨ ᠤ | ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠲᠦᠷ ᠪᠤᠴᠠᠭᠠᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠢᠭᠤᠯᠴᠢᠯᠠᠯ ᠤᠨ ᠬᠦᠷᠢᠶᠡᠨ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠶᠢᠨ ᠬᠠᠮᠲᠤ ᠵᠢᠭᠤᠯᠴᠢᠯᠠᠯ ᠤᠨ ᠠᠵᠤ ᠠᠬᠤᠶᠢᠯᠠᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ | ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠤᠯᠲᠠ ᠳᠤ ᠣᠷᠤᠯᠴᠠᠬᠤ ᠶᠢ ᠳᠡᠮᠵᠢᠨ᠎ᠡ᠃ ᠲᠥᠷᠥ ᠶᠢᠨ ᠪᠣᠳᠣᠯᠭ᠎ᠠ ᠶᠢᠨ | ᠮᠡᠳᠡᠭᠡ ᠵᠠᠩᠭᠢ ᠶᠢᠨ ᠠᠷᠭ᠎ᠠ ᠵᠠᠮ᠂ ᠲᠥᠷᠥ ᠶᠢᠨ ᠪᠣᠳᠣᠯᠭ᠎ᠠ ᠶᠢᠨ ᠡᠮᠬᠢᠳᠬᠡᠯ ᠵᠡᠷᠭᠡ ᠬᠡᠯᠪᠡᠷᠢ ᠶᠢ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ | ᠵᠢᠭᠤᠯᠴᠢᠯᠠᠯ ᠤᠨ ᠠᠵᠤ ᠠᠬᠤᠶᠢᠯᠠᠯ ᠢ ᠬᠠᠪᠰᠤᠷᠤᠨ ᠬᠠᠮᠢᠶ᠎ᠠ ᠪᠦᠬᠦᠢ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠭᠦᠯᠬᠦ ᠬᠡᠷᠡᠭᠲᠡᠢ᠃ ᠵᠢᠭᠤᠯᠴᠢᠯᠠᠯ ᠤᠨ ᠬᠦᠷᠢᠶᠡᠨ ᠳᠤ ᠬᠢ | ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ | ᠠᠬᠤᠶᠢᠯᠠᠯ ᠤᠨ ᠦᠢᠯᠡᠴᠢᠯᠡᠭᠡᠨ ᠤ ᠰᠠᠷ᠎ᠠ᠂ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ | ᠦᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠦᠢᠯᠡᠴᠢᠯᠡᠭᠡᠨ ᠤ ᠰᠢᠷᠢᠰ ᠠᠵᠢᠯᠯᠠᠭ᠎ᠠ ᠪᠠ ᠠᠵᠤ ᠠᠬᠤᠶᠢᠯᠠᠯ ᠳᠤ ᠠᠰᠢᠭ | ᠬᠦᠷᠲᠡᠭᠡᠬᠦ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠵᠢᠭᠤᠯᠴᠢᠯᠠᠯ ᠤᠨ ᠠᠵᠤ ᠠᠬᠤᠶᠢᠯᠠᠯ ᠤᠨ ᠰᠡᠷᠭᠦᠨ | ᠬᠥᠭᠵᠢᠬᠦ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ᠬᠤᠶᠠᠷ ᠲᠤ᠂ ᠰᠣᠶᠣᠯ ᠪᠠ | ᠵᠢᠭᠤᠯᠴᠢᠯᠠᠯ ᠤᠨ ᠠᠵᠤ ᠠᠬᠤᠶᠢᠯᠠᠯ ᠢ ᠪᠣᠶᠢᠵᠢᠭᠤᠯᠬᠤ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠠᠵᠤ | ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠪᠠ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠨᠢᠭᠡ ᠪᠦᠯᠦᠭ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠠᠵᠤ ᠠᠬᠤᠶᠢᠯᠠᠯ ᠤᠨ | ᠦᠢᠯᠡᠴᠢᠯᠡᠭᠡᠨ ᠤ ᠪᠠᠶᠢᠭᠤᠯᠤᠮᠵᠢ ᠶᠢ ᠠᠵᠢᠯ ᠲᠦᠷᠦᠯ᠂ ᠲᠡᠰ ᠳᠠᠪᠬᠤᠷᠭ᠎ᠠ ᠬᠤᠪᠢᠶᠠᠨ ᠪᠣᠶᠢᠵᠢᠭᠤᠯᠤᠨ ᠬᠥᠭᠵᠢᠭᠦᠯᠦᠨ | ᠪᠤᠵᠠᠭᠠᠶᠢᠷᠠᠭᠤᠯᠵᠤ᠂ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ ᠲᠤᠰᠬᠠᠶᠢᠵᠢᠬᠤ᠂ ᠣᠨᠴᠠᠯᠢᠬᠵᠢᠬᠤ᠂ | ᠰᠢᠨ᠎ᠡ ᠶᠢ ᠡᠭᠦᠳᠬᠦ ᠮᠠᠶ᠋ᠢᠭ ᠤᠨ ᠴᠢᠭᠯᠡᠯ ᠲᠡᠶᠢᠰᠢ ᠬᠥᠭᠵᠢᠬᠦ ᠶᠢ ᠬᠥᠲᠥᠯᠥᠨ ᠳᠠᠭᠠᠭᠤᠯᠵᠤ ᠲᠠᠶᠢᠴᠢᠯᠠᠨ᠎ᠠ᠃ | ᠭᠤᠷᠪᠠ ᠳᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ | ᠭᠤᠣᠯᠯᠠᠭᠴᠢ ᠵᠢᠭᠤᠯᠴᠢᠯᠠᠯ ᠤᠨ ᠠᠵᠤ ᠠᠬᠤᠶᠢᠯᠠᠯ ᠤᠨ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠴᠢᠳᠠᠪᠤᠷᠢ ᠪᠠᠨ ᠨᠡᠮᠡᠭᠳᠡᠭᠦᠯᠬᠦ᠂ ᠬᠥᠭᠵᠢᠯᠲᠡ ᠶᠢᠨ ᠳᠠᠯᠳᠠ ᠬᠦᠴᠦᠨ ᠢ ᠬᠦᠭᠵᠢᠭᠡᠬᠦ ᠶᠢ ᠳᠡᠮᠵᠢᠵᠦ | ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠎ᠠ᠃ | ᠠᠷᠪᠠᠨ ᠵᠢᠷᠭᠤᠭ᠎ᠠ᠂ ᠬᠡᠷᠬᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ ᠵᠢᠭᠤᠯᠴᠢᠯᠠᠯ ᠤᠨ | ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠶ︖ | ᠰᠢᠨ᠎ᠡ ᠪᠠᠶᠢᠳᠠᠯ ᠤᠨ ᠳᠣᠣᠷ᠎ᠠ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠢᠨ᠎ᠡ ᠡᠵᠡᠩᠨᠡᠯᠲᠡ ᠶᠢᠨ ᠬᠡᠯᠪᠡᠷᠢ | ᠲᠠᠰᠤᠷᠠᠯᠲᠠ ᠦᠭᠡᠢ ᠢᠯᠡᠷᠡᠨ ᠭᠠᠷᠴᠤ᠂ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠲᠦᠷᠭᠡᠨ ᠠᠬᠢᠵᠤ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠴᠢᠨᠠᠷ ᠰᠠᠶᠢᠲᠠᠢ᠂ ᠣᠯᠠᠨ ᠶᠠᠩᠵᠤ ᠶᠢᠨ ᠰᠢᠨ᠎ᠡ | ᠬᠠᠨᠳᠤᠰᠢ ᠲᠠᠢ ᠪᠣᠯᠵᠤ᠂ ᠦᠢᠯᠡᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠳᠤ ᠨᠡᠩ | ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ ᠵᠠᠩᠭᠢᠯᠠᠭ᠎ᠠ ᠶᠢᠨ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠭᠰᠢᠯᠡᠭᠦᠯᠬᠦ ᠠᠷᠭ᠎ᠠ ᠪᠠᠷᠢᠯ ᠢᠶᠠᠨ ᠪᠠᠶᠠᠯᠢᠭᠵᠢᠭᠤᠯᠵᠤ᠂ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠳᠤ ᠰᠢᠨ᠎ᠡ ᠦᠷ᠎ᠡ ᠪᠦᠲᠦᠮᠵᠢ ᠣᠯᠬᠤ ᠶᠢ | ᠦᠷᠭᠦᠯᠵᠢᠯᠡᠨ ᠠᠬᠢᠭᠤᠯᠬᠤ ᠪᠣᠯᠣᠨ᠎ᠠ᠃ ᠨᠢᠭᠡ ᠳᠤ᠂ ᠵᠢᠭᠤᠯᠴᠢᠯᠠᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠠᠵᠤ ᠠᠬᠤᠶᠢᠯᠠᠯ ᠢᠶᠠᠷ ᠭᠤᠣᠯ | ᠬᠠᠷᠢᠭᠤᠴᠠᠭᠤᠯᠬᠤ᠂ ᠰᠠᠯᠠᠭ᠎ᠠ ᠮᠥᠴᠢᠷ ᠤᠳ ᠬᠤᠯᠪᠣᠭᠠᠯᠠᠬᠤ᠂ ᠨᠡᠶᠢᠭᠡᠮ ᠢᠶᠠᠷ ᠢᠶᠠᠨ ᠣᠷᠣᠯᠴᠠᠬᠤ᠂ ᠣᠯᠠᠨ | ᠡᠰᠢᠵᠢᠭᠦᠯᠦᠨ ᠬᠠᠮᠲᠤᠪᠠᠷ ᠵᠠᠰᠠᠬᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠠᠵᠢᠯ ᠤᠨ ᠪᠠᠶᠢᠷᠢᠰᠢᠯ ᠪᠠ | ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠢᠲᠡᠭᠡᠮᠵᠢ +︾ ᠢᠨᠵᠧᠨᠧᠷᠢᠩ ᠢ | ᠬᠡᠷᠡᠭᠵᠢᠭᠦᠯᠵᠦ᠂ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠠᠬᠢᠭᠤᠯᠤᠨ᠂ ᠢᠲᠡᠭᠡᠮᠵᠢ ᠶᠢᠨ | ᠠᠵᠤ ᠠᠬᠤᠢ ᠶᠢᠨ ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠠᠵᠤ ᠠᠬᠤᠶᠢᠯᠠᠯ ᠤᠨ | ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠬᠥᠲᠥᠯᠥᠨ ᠵᠢᠯᠤᠭᠤᠳᠴᠤ | ᠳᠡᠮᠵᠢᠵᠦ᠂ ᠪᠥᠬᠦ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠶᠠᠷ ᠲᠤ᠂ | ᠵᠢᠭᠤᠯᠴᠢᠯᠠᠯ ᠤᠨ ᠬᠡᠷᠡᠭᠯᠡᠭᠡᠨ ᠤ ᠪᠡᠶᠡᠴᠢ ᠣᠶᠢᠯᠠᠭᠠᠯᠲᠠ ᠶᠢ ᠰᠠᠶᠢᠵᠢᠷᠠᠭᠤᠯᠤᠨ᠎ᠠ᠃ ᠵᠢᠭᠤᠯᠴᠢᠯᠠᠭᠴᠢᠳ ᠢᠶᠠᠷ ᠲᠥᠪ | ᠪᠣᠯᠭᠠᠭᠰᠠᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠦᠨᠡᠯᠡᠯᠲᠡ ᠶᠢᠨ ᠰᠢᠰᠲ᠋ᠧᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠠᠬᠢᠭᠤᠯᠤᠨ᠎ᠠ᠃ ᠵᠢᠭᠤᠯᠴᠢᠯᠠᠯ ᠤᠨ | ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠦᠷ᠎ᠡ | ᠳ᠋ᠦᠩ ᠢ ᠬᠡᠷᠡᠭᠯᠡᠬᠦ ᠪᠠ ᠮᠥᠷᠳᠡᠨ ᠰᠠᠶᠢᠵᠢᠷᠠᠭᠤᠯᠬᠤ ᠶᠢ ᠴᠢᠩᠭᠠᠷᠠᠭᠤᠯᠤᠨ᠎ᠠ᠃ ᠶᠠᠰᠤ ᠴᠢᠨᠠᠷ ᠤᠨ ᠲᠠᠰ ᠬᠤᠪᠢᠶᠠᠬᠤ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠨᠠᠷᠠᠲᠤ ᠲᠥᠷᠥᠯ ᠲᠡᠮᠳᠡᠭ ᠤᠨ ᠬᠡᠷᠡᠭᠯᠡᠭᠡ᠂ ᠶᠠᠰᠤ ᠴᠢᠨᠠᠷ ᠤᠨ | ᠬᠡᠷᠡᠭᠯᠡᠭᠡ ᠶᠢ ᠠᠬᠢᠭᠤᠯᠤᠨ᠎ᠠ᠃ ᠵᠢᠭᠤᠯᠴᠢᠯᠠᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ | ᠣᠷᠣᠨ ᠨᠤᠲᠤᠭ ᠤᠨ ᠲᠥᠯᠥᠪᠦᠷᠢ ᠶᠢ ᠤᠷᠢᠳᠠᠪᠠᠷ ᠲᠥᠯᠥᠬᠦ᠂ ᠰᠢᠯᠲᠠᠭᠠᠨ ᠦᠭᠡᠢ ᠪᠠᠷ ᠪᠠᠷᠠᠭ᠎ᠠ ᠪᠤᠴᠠᠭᠠᠬᠤ ᠵᠡᠷᠭᠡ | ᠳᠦᠷᠢᠮ ᠪᠠᠶᠢᠭᠤᠯᠬᠤ ᠶᠢ ᠳᠡᠮᠵᠢᠨ᠎ᠡ᠃ ᠭᠤᠷᠪᠠ ᠳᠤ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ | ᠨᠠᠷᠠᠲᠤ ᠲᠥᠷᠥᠯ ᠳᠡᠮᠳᠡᠭ ᠢ ᠪᠤᠶᠢᠵᠢᠭᠤᠯᠤᠨ᠎ᠠ᠃ ᠦᠢᠯᠡᠴᠢᠯᠡᠭᠡᠨ ᠤ ᠶᠠᠰᠤ ᠴᠢᠨᠠᠷ ᠢᠶᠠᠷ ᠰᠠᠭᠤᠷᠢ ᠪᠣᠯᠭᠠᠭᠰᠠᠨ | ᠨᠠᠷᠠᠲᠤ ᠲᠥᠷᠥᠯ ᠲᠡᠮᠳᠡᠭ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠨᠢᠭᠡ | ᠪᠦᠯᠦᠭ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠᠷ ᠥᠨᠳᠥᠷ᠂ ᠬᠠᠮᠤᠷᠬᠤ ᠬᠡᠪᠴᠢᠶ᠎ᠡ ᠪᠠᠷ ᠥᠷᠭᠡᠨ᠂ ᠨᠥᠯᠥᠭᠡᠯᠡᠬᠦ | ᠬᠦᠴᠦᠨ ᠢᠶᠠᠷ ᠶᠡᠭᠡ᠂ ᠰᠠᠨᠠᠭ᠎ᠠ ᠠᠮᠤᠷ ᠠᠮᠤᠷ ᠲᠦᠪᠰᠢᠨ ᠦᠢᠯᠡᠴᠢᠯᠡᠭᠡᠨ ᠤ ᠰᠣᠳᠣᠨ ᠪᠦᠲᠦᠭᠡᠯ ᠢ ᠪᠣᠶᠢᠵᠢᠭᠤᠯᠤᠨ᠎ᠠ | ᠃ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭ ᠤᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ | ᠳᠡᠭᠡᠭᠰᠢᠯᠡᠯᠲᠡ ᠳᠤ ᠦᠵᠡᠭᠦᠯᠬᠦ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠴᠢᠨᠠᠷ ᠰᠠᠶᠢᠲᠠᠢ ᠪᠥᠭᠡᠳ ᠦᠨ᠎ᠡ ᠨᠢ ᠳᠤᠤᠷ᠎ᠠ ᠵᠢᠭᠤᠯᠴᠢᠯᠠᠯ ᠤᠨ ᠬᠡᠷᠡᠭᠯᠡᠭᠡᠨ ᠤ ᠦᠵᠡᠯ ᠤᠬᠠᠮᠰᠠᠷ ᠢ ᠪᠣᠶ | ᠪᠣᠯᠭᠠᠬᠤ ᠶᠢ ᠠᠬᠢᠭᠤᠯᠤᠨ᠎ᠠ᠃ |