2023 ᠣᠨ ᠤ ᠬᠤᠷᠢᠳᠤᠭᠠᠷ ᠬᠤᠭᠤᠴᠠᠭᠠᠨ ᠤ ᠪᠣᠷᠣᠳᠣᠬᠤᠢ ᠶᠢᠨ ᠰᠣᠶᠣᠯ ᠤᠷᠠᠯᠢᠭ ᠤᠨ ᠪᠠᠶᠠᠷ ᠵᠢᠴᠢ ᠳᠥᠷᠪᠡᠳᠦᠭᠡᠷ ᠬᠤᠭᠤᠴᠠᠭᠠᠨ ᠤ ᠪᠦᠬᠦ ᠬᠤᠲᠠ ᠶᠢᠨ ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠢ ᠡᠷᠬᠢᠯᠡᠬᠦ ᠶᠢ ᠵᠥᠪᠰᠢᠶᠡᠷᠡᠭᠰᠡᠨ ᠲᠤᠬᠠᠢ ᠴᠣᠬᠤᠯᠠᠪᠤᠷᠢ
ᠨᠡᠶᠢᠲᠡᠯᠡᠭᠰᠡᠨ ᠴᠠᠭ᠄
2023/10/13
ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄    ᠲᠠᠨ ᠤ ᠬᠤᠲᠠ ᠶᠢᠨ ᠮᠡᠳᠡᠭᠦᠯᠦᠨ ᠬᠦᠷᠭᠡᠭᠰᠡᠨ ︽2023 ᠣᠨ ᠤ ᠬᠤᠷᠢᠳᠤᠭᠠᠷ ᠬᠤᠭᠤᠴᠠᠭᠠᠨ ᠤ ᠪᠣᠷᠣᠳᠣᠬᠤᠢ ᠶᠢᠨ ᠰᠣᠶᠣᠯ ᠤᠷᠠᠯᠢᠭ ᠤᠨ  ᠪᠠᠶᠠᠷ ᠵᠢᠴᠢ ᠳᠥᠷᠪᠡᠳᠦᠭᠡᠷ ᠬᠤᠭᠤᠴᠠᠭᠠᠨ ᠤ ᠪᠥᠬᠦ ᠬᠤᠲᠠ ᠶᠢᠨ ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠢ ᠳᠠᠩᠰᠠᠯᠠᠭᠤᠯᠬᠤ ᠪᠠᠷ ᠭᠤᠶᠤᠴᠢᠯᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠳᠡᠪᠰᠢᠭᠦᠯᠦᠭᠰᠡᠨ ﹇2023﹈ 128 ᠳ᠋ᠤᠭᠠᠷ ᠲᠣᠭᠠᠲᠤ︶ ᠢ ᠣᠯᠵᠤ ᠣᠶᠢᠯᠠᠭᠠᠪᠠ᠃ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠲᠥᠪ ᠠᠯᠪᠠᠨ ᠲᠠᠷᠬᠠᠭᠠᠭᠰᠠᠨ ﹇2012﹈ 18 ᠳ᠋ᠤᠭᠠᠷ ᠲᠣᠭᠠᠲᠤ︶᠂ ︽ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ︵ᠪᠦᠬᠦ ᠤᠯᠤᠰ ᠤᠨ ᠪᠠᠶᠠᠷ ᠶᠤᠰᠤᠯᠠᠯ᠂ ᠰᠤᠳᠤᠯᠤᠨ ᠶᠠᠷᠢᠯᠴᠠᠬᠤ ᠬᠤᠷᠠᠯ᠂ ᠶᠠᠷᠢᠶᠠᠨ ᠤ ᠲᠠᠪᠴᠠᠩ ᠤᠨ ᠠᠵᠢᠯᠯᠠᠭ᠎ᠠ ᠶᠢ ᠴᠡᠪᠡᠷᠯᠡᠨ ᠵᠢᠷᠤᠮᠵᠢᠭᠤᠯᠬᠤ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠲᠠᠷᠬᠠᠭᠠᠭᠰᠠᠨ ﹇2019﹈ 1 ᠳ᠋ᠤᠭᠡᠷ ᠲᠣᠭᠠᠲᠤ︶ ᠵᠡᠷᠭᠡ ᠲᠥᠪ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠢ ᠳᠤᠭᠤᠶᠢᠯᠠᠩ ᠤᠨ ᠠᠩᠬᠠᠨ ᠤ ᠬᠢᠨᠠᠯᠲᠠ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠭᠡᠵᠦ ᠬᠥᠬᠢᠭᠦᠯᠦᠨ ᠰᠠᠶᠢᠰᠢᠶᠠᠬᠤ ᠵᠢᠴᠢ ᠪᠠᠶᠠᠷ ᠳᠤᠷᠠᠰᠬᠠᠯ᠂ ᠶᠠᠷᠢᠶᠠᠨ ᠤ ᠲᠠᠪᠴᠠᠩ᠂ ᠴᠤᠭᠯᠠᠭᠠᠨ ᠦᠵᠡᠭᠦᠯᠭᠡ ᠶᠢᠨ ᠠᠵᠢᠯᠯᠠᠭ᠎ᠠ ᠶᠢ ᠵᠢᠷᠤᠮᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠭᠤᠯᠵᠤ ᠭᠠᠷ ᠤᠨ ᠥᠰᠥᠭ ᠵᠢᠷᠤᠭᠤᠯᠬᠤ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨ ᠤ ᠬᠤᠲᠠ ᠶᠢᠨ 2023 ᠣᠨ ᠤ 9 ᠳ᠋ᠤᠭᠡᠷ ᠰᠠᠷ᠎ᠠ ᠶᠢᠨ 15 ᠤ ᠡᠳᠦᠷ ᠠᠴᠠ 22 ᠤᠨ ᠡᠳᠦᠷ ᠪᠣᠯᠲᠠᠯ᠎ᠠ 2023 ᠣᠨ ᠤ ᠬᠤᠷᠢᠳᠤᠭᠠᠷ ᠬᠤᠭᠤᠴᠠᠭᠠᠨ ᠤ ᠪᠣᠷᠣᠳᠣᠬᠤᠢ ᠶᠢᠨ ᠰᠣᠶᠣᠯ ᠤᠷᠠᠯᠢᠭ ᠤᠨ ᠪᠠᠶᠠᠷ ᠵᠢᠴᠢ ᠳᠥᠷᠪᠡᠳᠦᠭᠡᠷ ᠬᠤᠭᠤᠴᠠᠭᠠᠨ ᠤ ᠪᠥᠬᠦ ᠬᠤᠲᠠ ᠶᠢᠨ ᠤᠯᠠᠭᠠᠨᠮᠥ᠋ᠴᠢᠷ ᠤᠨ ᠤᠷᠠᠯᠢᠭ ᠤᠨ ᠪᠠᠶᠠᠷ ᠡᠷᠭᠢᠯᠡᠬᠦ ᠶᠢ ᠵᠥᠪᠰᠢᠶᠡᠷᠡᠪᠡ᠃ ᠡᠭᠦᠨ ᠤ ᠬᠠᠮᠲᠤ ᠳᠣᠣᠷᠠᠬᠢ ᠱᠠᠭᠠᠷᠳᠠᠯᠭ᠎ᠠ ᠶᠢ ᠳᠤᠷᠠᠳᠤᠶ᠎ᠠ᠄     ᠨᠢᠭᠡ᠂ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠤᠶᠠᠷ  ᠢ ᠲᠣᠭᠲᠠᠭᠠᠬᠤ︾  ᠶᠢ ᠡᠷᠡᠰ ᠬᠦᠷᠢᠶᠡᠯᠡᠬᠦ᠂ ︽ᠬᠤᠶᠠᠷ  ᠢ ᠬᠠᠮᠠᠭᠠᠯᠠᠬᠤ︾  ᠶᠢ ᠡᠷᠡᠰ ᠪᠡᠶᠡᠯᠡᠭᠦᠯᠬᠦ  ᠶᠢ ᠬᠠᠮᠤᠭ  ᠤᠨ ᠳᠡᠭᠡᠳᠦ ᠤᠯᠤᠰ ᠲᠦᠷᠤ  ᠶᠢᠨ ᠵᠠᠷᠴᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ   ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ  ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ  ᠤᠨ ᠲᠣᠭᠤᠷᠢᠨ ᠳᠤ ᠠᠵᠢᠯ  ᠢᠶᠠᠨ ᠲᠥᠯᠥᠪᠵᠢᠭᠦᠯᠵᠦ᠂ ᠠᠵᠢᠯᠯᠠᠭ᠎ᠠ ᠥᠷᠨᠢᠭᠦᠯᠬᠦ ᠬᠡᠷᠡᠭᠲᠡᠢ᠃     ᠬᠤᠶᠠᠷ᠂ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠥᠪ ᠤᠳᠤᠷᠢᠳᠤᠮᠵᠢ᠂ ᠴᠢᠭᠯᠡᠯ ᠢ ᠴᠢᠩᠭ᠎ᠠ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃    ᠭᠤᠷᠪᠠ᠂ ᠠᠵᠢᠯᠯᠠᠭ᠎ᠠ ᠳᠤ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠪᠣᠯᠣᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠢᠵᠢ ᠪᠦᠷᠢᠳᠦᠭᠦᠯᠬᠦ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠰᠠᠶᠢᠲᠤᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢ ᠴᠢᠩᠭ᠎ᠠ ᠵᠢᠷᠤᠮᠵᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠪᠠᠷ ᠡᠯ᠎ᠡ ᠲᠥᠷᠥᠯ ᠤᠨ ᠨᠠᠷᠠᠲᠤ ᠬᠥᠮᠥᠰ ᠢ ᠤᠷᠢᠵᠤ ᠠᠵᠢᠯᠯᠠᠭ᠎ᠠ ᠳᠤ ᠣᠷᠣᠯᠴᠠᠭᠤᠯᠵᠤ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ︵ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠤᠳᠤᠷᠢᠳᠬᠤ ᠨᠥᠬᠦᠳ ᠪᠠᠭᠲᠠᠨ᠎ᠠ︶ ᠢ ᠦᠨᠡᠨ ᠬᠦ ᠤᠷᠢᠵᠤ ᠣᠷᠣᠯᠴᠠᠭᠤᠯᠬᠤ ᠴᠢᠬᠤᠯᠠ ᠲᠠᠢ ᠪᠣᠯ᠂ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ ᠴᠢᠩᠭ᠎ᠠ ᠭᠦᠢᠴᠡᠳᠬᠡᠭᠡᠷᠡᠢ᠃ ᠭᠠᠳᠠᠭᠠᠳᠤ ᠤᠯᠤᠰ ᠵᠢᠴᠢ ᠰᠢᠶᠠᠩᠭᠠᠩ ᠣᠣᠮᠧᠨ ᠲᠠᠶᠢᠸᠠᠨ ᠣᠷᠣᠨ ᠤ ᠬᠥᠮᠥᠰ ᠢ ᠳᠤᠮᠳᠠᠳᠤ ᠤᠯᠤᠰ ᠲᠤ ᠤᠷᠢᠵᠤ ᠠᠪᠴᠢᠷᠠᠬᠤ ᠶᠠᠪᠤᠳᠠᠯ ᠳᠤ ᠬᠤᠯᠪᠣᠭᠳᠠᠪᠠᠯ᠂ ᠭᠠᠳᠠᠭᠠᠳᠤ ᠶᠠᠪᠤᠳᠠᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠭᠠᠳᠠᠭᠠᠳᠤ ᠶᠠᠪᠤᠳᠠᠯ ᠤᠨ ᠰᠠᠯᠠᠭ᠎ᠠ ᠮᠥᠴᠢᠷ ᠲᠤ ᠠᠰ ᠲᠤ ᠨᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠱᠠᠩᠨᠠᠯ ᠰᠢᠯᠭᠠᠷᠠᠭᠤᠯᠬᠤ ᠳᠤ ᠬᠤᠯᠪᠣᠭᠳᠠᠪᠠᠯ᠂ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠨ ᠰᠠᠶᠢᠰᠢᠶᠠᠨ ᠬᠥᠬᠢᠭᠦᠯᠬᠦ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ    ᠳᠥᠷᠪᠡ᠂ ︽ᠬᠡᠨ ᠳᠡᠪᠰᠢᠭᠦᠯᠦᠭᠰᠡᠨ ᠪᠣᠯ ᠲᠡᠷᠡ ᠬᠠᠷᠢᠭᠤᠴᠠᠬᠤ︾᠂ ︽ᠬᠡᠨ ᠭᠤᠣᠯᠯᠠᠨ ᠡᠷᠭᠢᠯᠡᠭᠰᠡᠨ ᠪᠣᠯ ᠲᠡᠷᠡ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠨ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠢ ᠰᠡᠷᠭᠡᠶᠢᠯᠡᠬᠦ᠂ ᠬᠦᠴᠦᠷᠬᠡᠭᠯᠡᠯ ᠢ ᠰᠡᠷᠭᠡᠶᠢᠯᠡᠬᠦ᠂ ᠭᠢᠰᠬᠢᠯᠡᠬᠦ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭ᠎ᠠ ᠰᠠᠶᠢᠲᠤᠷ ᠬᠢᠵᠦ᠂ ᠠᠵᠢᠯᠯᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃    ᠲᠠᠨ ᠤ ᠬᠤᠲᠠ ᠶᠢᠨ ᠬᠢᠨ ᠴᠣᠬᠤᠯᠠᠪᠤᠷᠢᠯᠠᠭᠰᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠠᠵᠢᠯᠯᠠᠭ᠎ᠠ ᠶᠢ ᠵᠢᠷᠤᠮᠵᠢᠭᠤᠯᠤᠨ ᠡᠷᠬᠢᠯᠡᠬᠦ ᠬᠡᠷᠡᠭᠲᠡᠢ᠂ ᠠᠵᠢᠯᠯᠠᠭ᠎ᠠ ᠶᠢᠨ ᠭᠤᠣᠯ ᠴᠣᠭᠴᠠ᠂ ᠠᠭᠤᠯᠭ᠎ᠠ᠂ ᠲᠥᠷᠥᠯ ᠵᠦᠢᠯ ᠵᠡᠷᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠢᠩᠭ᠎ᠠ ᠬᠤᠷᠢᠭᠯᠠᠨ᠎ᠠ᠃ ᠪᠤᠰᠤᠳ ᠳᠠᠭᠤᠰᠤᠭᠠᠳᠤᠢ ᠵᠦᠢᠯᠡᠰ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠶᠣᠰᠣᠯᠠᠯ ᠤᠨ ᠠᠵᠢᠯ ᠢ ᠵᠢᠷᠤᠮᠵᠢᠭᠤᠯᠬᠤ ᠲᠤᠰᠬᠠᠢ ᠳᠤᠭᠤᠶᠢᠯᠠᠩ ᠲᠠᠢ ᠨᠡᠪᠲᠡᠷᠡᠯᠴᠡᠨ ᠵᠣᠬᠢᠴᠠᠭᠤᠯᠬᠤ ᠬᠡᠷᠡᠭᠲᠡᠢ᠃ ᠡᠭᠦᠨ ᠤ ᠬᠠᠮᠲᠤ᠂ ᠲᠣᠰ ᠴᠣᠬᠤᠯᠠᠪᠤᠷᠢ ᠶᠢ ᠣᠯᠣᠭᠰᠠᠨ ᠤ 1 ᠰᠠᠷ᠎ᠠ ᠶᠢᠨ ᠳᠣᠲᠣᠷ᠎ᠠ᠂ ᠰᠠᠯᠠᠭ᠎ᠠ ᠮᠥᠴᠢᠷ ᠤᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ︔ ᠠᠵᠢᠯᠯᠠᠭ᠎ᠠ ᠳᠠᠭᠤᠰᠤᠭᠰᠠᠨ ᠤ ᠳᠠᠷᠠᠭᠠᠬᠢ 1 ᠰᠠᠷ᠎ᠠ ᠶᠢᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠵᠦᠢᠯ ᠤᠨ ᠳᠤᠭᠤᠶᠢᠯᠠᠩ ᠳᠤ ᠠᠵᠢᠯᠯᠠᠭ᠎ᠠ ᠶᠢᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃          ᠡᠭᠦᠨ ᠤ ᠲᠤᠯᠠ ᠲᠤᠰᠬᠠᠶᠢᠯᠠᠨ ᠴᠣᠬᠤᠯᠠᠪᠤᠷᠢᠯᠠᠨ ᠬᠠᠷᠢᠭᠤᠯᠪᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠷ ᠳᠤᠷᠠᠰᠬᠠᠯ ᠤᠨ ᠶᠣᠰᠣᠯᠠᠯ ᠢ ᠵᠢᠷᠤᠮᠵᠢᠭᠤᠯᠬᠤ ᠠᠵᠢᠯ ᠤᠨ ᠲᠤᠰᠬᠠᠢ ᠳᠤᠭᠤᠶᠢᠯᠠᠩ    2023 ᠣᠨ ᠤ 9 ᠳ᠋ᠤᠭᠡᠷ ᠰᠠᠷ᠎ᠠ ᠶᠢᠨ 14 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号