ᠪᠤᠭᠤᠲᠤ ᠬᠤᠲᠠ ᠲᠠᠪᠤᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠯᠲᠠᠨ ᠨᠠᠮᠤᠷ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠤᠯᠠᠬᠤᠢ ᠶᠢᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2023/10/21
     10 ᠳ᠋ᠤᠭᠠᠷ ᠰᠠᠷ᠎ᠠ ᠶᠢᠨ 10 ᠤ ᠡᠳᠦᠷ ᠠᠴᠠ 14 ᠤ ᠡᠳᠦᠷ ᠪᠣᠯᠲᠠᠯ᠎ᠠ᠂ ᠪᠤᠭᠤᠲᠤ ᠬᠤᠲᠠ ᠶᠢᠨ ᠤᠷᠤᠯᠳᠤᠭᠠᠨ ᠳᠤ ᠣᠷᠣᠯᠴᠠᠬᠤ ᠲᠥᠯᠥᠭᠡᠯᠡᠭᠴᠢᠳ ᠤᠨ ᠠᠩᠭᠢ ᠲᠠᠪᠤᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠯᠲᠠᠨ ᠨᠠᠮᠤᠷ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠭᠤᠯᠠᠬᠤᠢ ᠶᠢᠨ ᠤᠷᠤᠯᠳᠤᠭᠠᠨ ᠳᠤ ︵ᠤᠷᠲᠤ ᠳᠠᠭᠤᠤ ᠶᠢᠨ ᠳᠤᠭᠤᠶᠢᠯᠠᠩ᠂ ᠦᠨᠳᠦᠰᠦᠲᠡᠨ ᠤ ᠳᠤᠭᠤᠶᠢᠯᠠᠩ︶ ᠰᠢᠯᠢᠳᠡᠭ ᠬᠢᠷᠢ ᠪᠦᠲᠦᠮᠵᠢ ᠣᠯᠪᠠ᠃
     ᠬᠤᠳᠠ ᠶᠢᠨ 5 ᠪᠦᠲᠦᠭᠡᠯ᠂ 6 ᠣᠷᠤᠯᠴᠠᠭᠴᠢ ᠰᠣᠩᠭᠤᠳᠠᠭ ᠳᠠᠭᠤᠯᠠᠯᠭ᠎ᠠ᠂ ᠫᠣᠫ᠂ ᠤᠷᠳᠤ ᠳᠠᠭᠤᠤ᠂ ᠦᠨᠳᠦᠰᠦᠲᠡᠨ ᠤ ᠵᠡᠷᠭᠡ 4 ᠳᠤᠭᠤᠶᠢᠯᠠᠩ ᠲᠦᠷᠦᠯ ᠤᠨ ᠬᠤᠶᠠᠳᠠᠭᠢ ᠤᠷᠤᠯᠳᠤᠭᠠᠨ ᠳᠤ ᠣᠷᠤᠯᠴᠠᠭᠠᠳ᠂ ᠡᠴᠦᠰ  ᠲᠤ ᠪᠠᠨ ᠪᠤᠭᠤᠲᠤ ᠬᠤᠳᠠ ᠶᠢᠨ ᠤᠷᠠᠯᠢᠭ ᠤᠨ ᠵᠦᠴᠦᠭᠡ ᠶᠢᠨ ᠬᠦᠷᠢᠶᠡᠯᠡᠩ ᠪᠣᠯᠣᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠰᠣᠩᠭᠤᠨ ᠲᠣᠮᠢᠯᠠᠭᠰᠠᠨ ᠸᠠᠩ ᠵᠢᠩ ᠪᠣᠯᠣᠨ ᠪᠤᠶ᠋ᠬᠠᠣᠨᠳᠣᠷᠣᠮ᠎ᠠ 2 ᠣᠷᠤᠯᠴᠠᠭᠴᠢ ᠰᠢᠢᠳᠪᠦᠷᠢᠲᠦ ᠤᠷᠤᠯᠳᠤᠭᠠᠨ ᠳᠤ ᠣᠷᠣᠪᠠ᠃
     ᠰᠢᠢᠳᠪᠦᠷᠢᠲᠦ ᠤᠷᠤᠯᠳᠤᠭᠠᠨ ᠳᠤ ᠠᠯᠳᠠᠷᠲᠤ ᠳᠠᠭᠤᠷᠢ ᠶᠢᠨ ᠤᠷᠠᠯᠢᠭᠴᠢᠨ᠂ ᠡᠮᠡᠭᠲᠡᠢ ᠶᠢᠨ ᠬᠠᠩᠭᠢᠨᠠᠮ᠎ᠠ ᠬᠤᠭᠤᠯᠠᠢ ᠶᠢᠨ ᠳᠠᠭᠤᠴᠢᠨ ᠸᠠᠨ ᠱᠠᠨ ᠾᠦᠩ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠫᠷᠤᠹᠧᠰᠰᠤᠷ᠂ ᠤᠯᠤᠰ ᠤᠨ ᠨᠢᠭᠡᠳᠦᠭᠡᠷ ᠳᠡᠰ ᠤᠨ ᠲᠣᠭᠯᠠᠭᠴᠢ ᠤᠷᠠᠨ᠎ᠠ᠂ ᠡᠷᠡᠭᠲᠡᠢ ᠶᠢᠨ ᠬᠠᠩᠭᠢᠨᠠᠮ᠎ᠠ ᠬᠤᠭᠤᠯᠠᠢ  ᠶᠢᠨ ᠳᠠᠭᠤᠴᠢᠨ ᠥᠯᠵᠡᠶᠢᠲᠦ ᠵᠡᠷᠭᠡ 16 ᠳᠠᠭᠤᠴᠢᠨ᠂ ᠬᠥᠭᠵᠢᠮ ᠤᠨ ᠵᠣᠬᠢᠶᠠᠯᠴᠢ᠂ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠭᠴᠢ ᠶᠢ ᠤᠷᠢᠵᠤ᠂ ᠤᠷᠤᠯᠳᠤᠭᠠᠨ ᠤ ᠰᠢᠯᠭᠠᠷᠠᠭᠤᠯᠬᠤ ᠺᠣᠮᠢᠰ ᠤᠨ ᠭᠡᠰᠢᠭᠦᠨ ᠤ ᠲᠤᠰᠢᠶᠠᠯ ᠢ ᠬᠠᠷᠢᠭᠤᠴᠠᠭᠤᠯᠪᠠ᠃ 5 ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠨ ᠪᠤᠶ᠋ᠬᠠᠣᠨᠳᠣᠷᠣᠮ᠎ᠠ ᠬᠦᠴᠦᠷᠬᠡᠭᠴᠦᠳ ᠴᠤᠭᠯᠠᠷᠠᠭᠰᠠᠨ ᠤᠷᠲᠤ ᠳᠠᠭᠤᠤ ᠶᠢᠨ ᠳᠤᠭᠤᠶᠢᠯᠠᠩ ᠤᠨ ᠤᠷᠤᠯᠳᠤᠭᠠᠨ ᠳᠤ ︽ᠨᠢᠭᠡᠳᠦᠭᠡᠷ ᠳᠡᠰ ᠤᠨ ᠱᠠᠩᠨᠠᠯ︾ ᠲᠣᠰᠴᠤ᠂ ᠪᠤᠭᠤᠲᠤ ᠬᠤᠳᠠ ᠶᠢᠨ ᠤᠷᠠᠯᠢᠭ ᠤᠨ ᠵᠦᠴᠦᠭᠡ ᠶᠢᠨ ᠬᠦᠷᠢᠶᠡᠯᠡᠩ ᠤᠨ ᠸᠠᠩ ᠵᠢᠩ ᠥᠷᠢᠰᠦᠯᠳᠦᠭᠡᠨ ᠢᠶᠠᠷ ᠬᠤᠷᠴᠠ ᠰᠢᠷᠦᠭᠦᠨ ᠦᠨᠳᠦᠰᠦᠲᠡᠨ ᠤ ᠳᠤᠭᠤᠶᠢᠯᠠᠩ ᠳᠤ ︽ᠬᠤᠶᠠᠳᠤᠭᠠᠷ ᠳᠡᠰ ᠤᠨ ᠱᠠᠩᠨᠠᠯ︾ ᠲᠣᠰᠤᠨ᠂ ᠪᠤᠭᠤᠲᠤ ᠬᠤᠳᠠ ᠳᠤ ᠢᠷᠠᠭᠤ ᠠᠯᠳᠠᠷ ᠣᠯᠭᠤᠵᠠᠢ᠃ ᠲᠡᠳᠡ ᠪᠠᠰᠠ ᠦᠨᠳᠦᠰᠦᠨ ᠱᠠᠲᠤᠨ ᠳᠤ ᠭᠦᠨᠵᠡᠭᠡᠶᠢᠷᠡᠵᠦ ᠲᠤᠬᠠᠢ ᠶᠢᠨ ᠭᠠᠵᠠᠷ ᠤᠨ 2 ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠳᠤ ᠣᠷᠤᠯᠴᠠᠨ᠂ ᠢᠷᠠᠭᠤ ᠰᠠᠶᠢᠬᠠᠨ ᠳᠠᠭᠤᠤ ᠪᠠᠷ ᠠᠯᠳᠠᠨ ᠨᠠᠮᠤᠷ ᠤᠨ ᠠᠷᠪᠠᠨ ᠰᠠᠷ᠎ᠠ ᠶᠢ ᠬᠠᠩᠭᠢᠨᠠᠭᠤᠯᠵᠤ᠂ ᠪᠤᠭᠤᠲᠤ ᠬᠤᠳᠠ ᠶᠢᠨ ᠤᠳᠬ᠎ᠠ ᠤᠷᠠᠯᠢᠭ ᠤᠨ ᠠᠵᠢᠯᠲᠠᠳ ᠤᠨ ᠬᠡᠷᠡᠯ ᠭᠢᠯᠪᠠᠭ᠎ᠠ ᠶᠢ ᠬᠠᠷᠠᠭᠤᠯᠵᠠᠢ ᠃  
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号