ᠪᠤᠭᠤᠲᠤ ᠶᠢᠨ ᠠᠯᠲᠠᠨ ᠵᠡᠭᠡᠯᠢ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶ ᠤᠨ ᠰᠣᠶᠣᠯ ᠤᠨ ᠵᠡᠭᠡᠯᠢ ᠲᠣᠭᠤᠷᠢᠭ ᠤᠨ ᠨᠠᠷᠠᠲᠤ ᠲᠡᠮᠳᠡᠭᠲᠦ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/10/21
    10 ᠳ᠋ᠤᠭᠠᠷ ᠰᠠᠷ᠎ᠠ ᠶᠢᠨ 10  ᠤ ᠡᠳᠦᠷ᠂ ︽ᠲᠦᠮᠡᠨ ᠭᠠᠵᠠᠷ ᠤᠨ ᠴᠠᠢ ᠶᠢᠨ ᠵᠠᠮ︾  ᠤᠨ ᠰᠣᠶᠣᠯ  ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠬᠤᠪᠧᠢ ᠮᠤᠵᠢ ᠶᠢᠨ ᠦᠬᠠᠨ ᠳᠤ ᠶᠠᠪᠤᠭᠳᠠᠪᠠ᠃ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ᠂ ᠣᠷᠣᠰ ᠤᠨ ᠬᠤᠯᠪᠣᠭᠠᠨ ᠤ ᠠᠵᠤ ᠠᠬᠤᠢ ᠶᠢᠨ ᠬᠥᠭᠵᠢᠯᠲᠡ ᠶᠢᠨ ᠶᠠᠮᠤᠨ᠂ ᠮᠣᠩᠭᠤᠯ ᠤᠯᠤᠰ ᠤᠨ ᠪᠠᠶᠢᠭᠠᠯᠢ ᠶᠢᠨ ᠣᠷᠴᠢᠨ ᠠᠬᠤᠢ ᠬᠢᠭᠡᠳ ᠵᠢᠭᠤᠯᠴᠢᠯᠠᠯ ᠤᠨ ᠶᠠᠮᠤᠨ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠧᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠵᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠬᠠᠮᠲᠤ ᠪᠠᠷ ᠪᠣᠶ ᠪᠣᠯᠭᠠᠨ ᠳᠡᠯᠭᠡᠷᠡᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠯ ᠤᠨ ᠰᠢᠨ᠎ᠡ ᠳᠦᠷᠢ ᠲᠥᠷᠬᠦ ᠶᠢ ᠳᠡᠯᠭᠡᠨ ᠦᠵᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃      ᠲᠠᠨᠢᠯᠴᠠᠭᠤᠯᠭ᠎ᠠ ᠶᠢᠨ ᠴᠤᠭᠯᠠᠭᠠᠨ ᠨᠢ ᠭᠤᠶᠢᠳᠠ ᠰᠠᠶᠢᠬᠠᠨ ᠲᠣᠭᠯᠠᠯᠲᠠ ᠪᠠᠷ ᠡᠬᠢᠯᠡᠭᠦᠯᠵᠦ᠂   ᠪᠥᠵᠢᠭ ︽ᠮᠡᠯᠡᠷᠡᠭ ᠴᠡᠴᠡᠭ︾᠂ ᠳᠠᠭᠤᠤ ᠪᠥᠵᠢᠭ ︽ᠲᠠᠩ ᠤᠨ ᠰᠢᠯᠦᠭ ᠰᠦᠩ ᠤᠨ ᠳᠠᠭᠤᠯᠠᠯ︾᠂ ᠦ᠋ ᠳ᠋ᠠᠩ ᠵᠡᠪᠰᠡᠭ ᠤᠨ ᠡᠷᠳᠡᠮ ᠤᠨ ᠲᠣᠭᠯᠠᠯᠲᠠ ︽ᠦ᠋ ᠳ᠋ᠠᠩ ᠤᠨ ᠵᠡᠪᠰᠡᠭ ᠤᠨ ᠡᠷᠲᠡᠮ ᠤᠨ ᠲᠤᠭᠯᠠᠯᠲᠠ︾ ᠵᠡᠷᠭᠡ ᠨᠢ ᠳᠤᠮᠳᠠᠳᠤ ᠶᠢᠨ ᠰᠣᠶᠣᠯ ᠤᠨ ᠭᠦᠨ ᠵᠤᠵᠠᠭᠠᠨ ᠲᠡᠦᠬᠡ ᠶᠢᠨ ᠠᠭᠤᠯᠬᠤᠨ ᠢ ᠢᠯᠡᠷᠡᠭᠦᠯᠵᠦ᠂ ᠪᠠᠶᠠᠯᠢᠭ ᠰᠠᠶᠢᠬᠠᠨ ᠷᠢᠳᠢ ᠰᠢᠳᠢ ᠶᠢ ᠭᠠᠶᠢᠬᠠᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠣᠴᠢᠳ ᠢ ᠮᠠᠰᠢ ᠲᠦᠷᠭᠡᠨ ᠢᠶᠠᠷ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠳᠤ ᠣᠷᠣᠭᠤᠯᠪᠠ᠃ ᠳᠠᠷᠠᠭ᠎ᠠ ᠳᠤ ᠨᠢ᠂ ︽ᠲᠦᠮᠡᠨ ᠭᠠᠵᠠᠷ ᠤᠨ ᠴᠠᠢ ᠶᠢᠨ ᠵᠠᠮ︾ ᠳᠠᠭᠠᠤ ᠶᠢᠨ ᠤᠯᠤᠰ ᠠᠴᠠ ᠬᠦᠷᠦᠯᠴᠡᠨ ᠢᠷᠡᠭᠰᠡᠨ ᠤᠯᠠᠨ ᠬᠦᠨᠳᠦᠲᠦ ᠵᠣᠴᠢᠳ ᠰᠣᠶᠣᠯ ᠪᠠ ᠵᠢᠭᠤᠯᠴᠢᠯᠠᠯ ᠤᠨ ᠲᠠᠨᠢᠯᠴᠠᠭᠤᠯᠭ᠎ᠠ ᠬᠢᠵᠦ᠂ ᠪᠠᠶᠢᠭ᠎ᠠ ᠭᠠᠵᠠᠷ ᠤᠨ ᠢᠶᠠᠨ ᠪᠠᠶᠢᠭᠠᠯᠢ ᠶᠢᠨ ᠦᠵᠡᠮᠵᠢ᠂ ᠲᠡᠦᠬᠡ ᠶᠢᠨ ᠠᠭᠤᠯᠬᠤᠨ᠂ ᠥᠨᠢ ᠤᠳᠠᠭᠠᠨ ᠴᠠᠢ ᠶᠢᠨ ᠠᠶᠠᠯᠭᠤ᠂ ᠨᠤᠲᠤᠭ ᠤᠨ ᠵᠠᠩ ᠠᠭᠠᠯᠢ ᠶᠢ ᠠᠮᠢᠳᠤᠯᠢᠭ ᠵᠢᠷᠤᠭᠯᠠᠯ ᠢᠶᠠᠷ ᠲᠠᠨᠢᠯᠴᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦᠲᠦ ᠵᠣᠴᠢᠳ ᠢ ᠬᠠᠯᠠᠭᠤᠨ ᠢᠶᠠᠷ ᠤᠷᠢᠪᠠ᠃      ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ᠂ ︽ᠲᠦᠮᠡᠨ ᠭᠠᠵᠠᠷ ᠤᠨ ᠴᠠᠢ ᠶᠢᠨ ᠵᠠᠮ︾ ᠨᠢ ᠳᠤᠮᠳᠠᠳᠤ ᠤᠷᠤᠰ ᠮᠣᠩᠭᠤᠯ ᠭᠤᠷᠪᠠᠨ ᠤᠯᠤᠰ ᠢᠶᠠᠷ ᠥᠩᠭᠡᠷᠡᠵᠦ᠂ ᠳᠤᠮᠳᠠᠳᠤ ᠪᠠᠷᠠᠭᠤᠨ ᠣᠷᠣᠨ ᠢᠶᠠᠷ ᠨᠡᠪᠲᠡᠷᠡᠨ᠂ ᠲᠦᠮᠡᠨ ᠭᠠᠵᠠᠷ ᠦᠷᠭᠦᠯᠵᠢᠯᠡᠵᠦ᠂ ᠠᠽᠢᠶ᠎ᠠ ᠲᠢᠪ ᠤᠨ ᠡᠬᠡ ᠬᠠᠭᠤᠷᠠᠢ ᠶᠢᠨ ᠡᠮᠦᠨ᠎ᠡ ᠤᠮᠠᠷ᠎ᠠ ᠶᠢᠨ ᠲᠠᠷᠢᠶᠠᠯᠠᠬᠤ ᠪᠣᠯᠪᠠᠰᠤᠨ ᠪᠠ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠪᠣᠯᠪᠠᠰᠤᠨ ᠤ ᠭᠤᠣᠯᠯᠠᠭᠴᠢ ᠣᠷᠣᠨ ᠪᠦᠰᠡ ᠶᠢ ᠬᠤᠯᠪᠣᠵᠤ᠂ ᠳᠤᠮᠳᠠᠳᠤ ᠤᠷᠤᠰ ᠮᠣᠩᠭᠤᠯ ᠵᠢᠴᠢ ︽ᠨᠢᠭᠡ ᠪᠦᠰᠡ ᠨᠢᠭᠡ ᠵᠠᠮ︾  ᠤᠨ ᠠᠯᠢ ᠤᠯᠠᠨ ᠬᠠᠮᠲᠤᠷᠠᠯᠴᠠᠭᠠᠨ ᠤ ᠬᠠᠨᠢᠲᠠᠨ ᠤ ᠰᠣᠯᠢᠯᠴᠠᠭ᠎ᠠ ᠶᠠᠪᠤᠯᠴᠠᠭ᠎ᠠ ᠶᠢᠨ ᠲᠡᠦᠬᠡ ᠶᠢ ᠭᠡᠷᠡᠴᠢᠯᠡᠵᠡᠢ ᠭᠡᠵᠦ ᠢᠯᠡᠳᠬᠡᠵᠡᠭᠡᠪᠡ᠃ ︽ᠲᠦᠮᠡᠨ ᠭᠠᠵᠠᠷ ᠤᠨ ᠴᠠᠢ ᠶᠢᠨ ᠵᠠᠮ︾ ᠪᠣᠯ ᠰᠣᠶᠣᠯ ᠤᠨ ᠰᠣᠯᠢᠯᠴᠠᠭᠠᠨ ᠤ ᠵᠠᠮ᠂ ᠪᠣᠯᠪᠠᠰᠤᠨ ᠢ ᠬᠠᠷᠢᠯᠴᠠᠨ ᠲᠣᠯᠢᠯᠠᠬᠤ ᠵᠠᠮ ᠮᠥᠨ᠃ ᠬᠤᠷᠠᠯ ᠳᠡᠭᠡᠷ᠎ᠡ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠠᠷᠠᠲᠤ ᠲᠡᠮᠳᠡᠭ᠂ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶ ᠤᠨ ᠰᠣᠶᠣᠯ ᠤᠨ ᠵᠡᠭᠡᠯᠢ ᠲᠣᠭᠤᠷᠢᠭ ᠤᠨ ᠨᠠᠷᠠᠲᠤ ᠲᠡᠮᠳᠡᠭ᠂ ︽ᠲᠦᠮᠡᠨ ᠭᠠᠵᠠᠷ ᠤᠨ ᠴᠠᠢ ᠶᠢᠨ ᠵᠠᠮ︾ ︵ᠳᠤᠮᠳᠠᠳᠤ ᠤᠯᠤᠰ ᠤᠨ ᠬᠡᠰᠡᠭ︶ ᠤᠨ ᠪᠣᠳᠠᠰ ᠤᠨ ᠪᠤᠰᠤ ᠰᠣᠶᠣᠯ ᠤᠨ ᠥᠪ ᠤᠨ ᠨᠠᠷᠠᠲᠤ ᠲᠡᠮᠳᠡᠭ ᠢ ᠨᠡᠶᠢᠲᠡᠯᠡᠭᠰᠡᠨ ᠤ ᠬᠠᠮᠲᠤ ᠪᠠᠰᠠ ︽ᠰᠥᠩ ᠤᠯᠤᠰ ᠤᠨ ᠦᠶ᠎ᠡ ᠶᠢᠨ ᠴᠠᠢ ᠤᠭᠤᠤᠬᠤ᠂ ᠴᠠᠢ ᠶᠢᠨ ᠲᠡᠮᠡᠴᠡᠭᠡᠨ ᠤ ᠮᠡᠷᠭᠡᠵᠢᠯ ᠤᠨ ᠵᠢᠷᠤᠮᠵᠢᠯ︾ ᠢ ᠨᠡᠶᠢᠲᠡᠯᠡᠵᠡᠢ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠪᠠᠰᠠ ᠵᠢᠭᠤᠯᠴᠢᠯᠠᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ᠃ ᠬᠤᠪᠧᠢ ᠶᠢᠨ ᠤᠯᠠᠨ ᠵᠢᠭᠤᠯᠴᠢᠯᠠᠯ ᠤᠨ ᠭᠠᠵᠠᠷ ᠨᠢ ᠣᠣᠮᠧᠨ ᠤ ᠳᠤᠮᠳᠠᠳᠤ ᠤᠯᠤᠰ ᠤᠨ ᠤᠯᠠᠨ ᠤᠯᠤᠰ ᠤᠨ ᠵᠤᠭᠠᠴᠠᠯ ᠤᠨ ᠬᠢᠵᠠᠭᠠᠷᠲᠤ ᠺᠣᠮᠫᠠᠨᠢ᠂ ᠮᠠᠯᠠᠶᠢᠰᠢᠶ᠎ᠠ ᠶᠢᠨ ᠵᠢᠦᠢ ᠶᠢᠨ ᠵᠢᠭᠤᠯᠴᠢᠯᠠᠯ ᠤᠨ ᠺᠣᠮᠫᠠᠨᠢ᠂ ᠰᠥ᠋ᠷᠪᠢᠶ᠎ᠠ ᠶᠢᠨ ᠹᠠᠨ ᠪᠠᠯᠺᠠᠨ ᠤ ᠵᠢᠭᠤᠯᠴᠢᠯᠠᠯ ᠤᠨ ᠪᠦᠯᠦᠭᠯᠡᠯ᠂ ᠰᠢᠩᠭᠠᠫᠤᠷ ᠤᠨ ᠳᠤᠮᠳᠠᠳᠤ ᠶᠢᠨ ᠵᠥᠭᠡᠭᠡᠪᠦᠷᠢ ᠶᠢᠨ  ᠵᠢᠭᠤᠯᠴᠢᠯᠠᠯ ᠤᠨ ᠬᠢᠵᠠᠭᠠᠷᠲᠤ ᠺᠣᠮᠫᠠᠨᠢ᠂ ᠸᠢᠲᠨᠠᠮ ᠤᠨ ᠯᠢ ᠶᠤᠸᠠᠨ ᠳ᠋ᠠ ᠤᠯᠠᠨ ᠤᠯᠤᠰ ᠤᠨ ᠵᠢᠭᠤᠯᠴᠢᠯᠠᠯ ᠤᠨ ᠺᠣᠮᠫᠠᠨᠢ᠂ ᠺᠣᠷᠢᠶᠠ ᠶᠢᠨ ᠪᠦᠦ ᠪᠧᠢ  ᠵᠢᠭᠤᠯᠴᠢᠯᠠᠯ ᠤᠨ ᠺᠣᠮᠫᠠᠨᠢ᠂ ᠰᠢᠶᠠᠩᠭᠠᠩ ᠤᠨ ᠳᠤᠮᠳᠠᠳᠤ ᠤᠯᠤᠰ ᠤᠨ ᠵᠢᠭᠤᠯᠴᠢᠯᠠᠯ ᠤᠨ ᠨᠡᠶᠢᠭᠡᠮᠯᠢᠭ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠮᠠᠶᠢᠰᠪᠧᠲ ᠤᠯᠠᠨ ᠤᠯᠤᠰ ᠤᠨ ᠵᠢᠭᠤᠯᠴᠢᠯᠠᠯ ᠤᠨ ᠺᠣᠮᠫᠠᠨᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ 
 
ᠢᠷᠡᠯᠲᠡ᠄ ᠪᠤᠭᠤᠲᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号