ᠮᠠᠨᠵᠤᠤᠷ ᠬᠤᠲᠠ ᠶᠢᠨ ᠤᠯᠠᠭᠠᠨᠮᠥ᠋ᠴᠢᠷ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠦᠨᠳᠦᠰᠦᠨ ᠱᠠᠲᠤᠨ ᠤ ᠦᠢᠯᠡᠴᠢᠯᠡᠭᠡᠨ ᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/28
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠳᠤᠮᠳᠠ ᠤᠯᠠᠭᠠᠨᠮᠥ᠋ᠴᠢᠷ ᠤᠨ ᠦᠢᠯᠡᠳᠦᠯ ᠢ ᠪᠠᠳᠠᠷᠠᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠤᠯᠠᠭᠠᠨᠮᠥ᠋ᠴᠢᠷ ᠨᠢ ᠣᠯᠠᠨ ᠵᠦᠢᠯ ᠤᠨ ᠪᠦᠲᠦᠮᠵᠢᠲᠡᠶ ᠠᠷᠭ᠎ᠠ ᠮᠠᠶ᠋ᠢᠭ ᠢᠶᠠᠷ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃      ᠤᠯᠠᠭᠠᠨᠮᠥ᠋ᠴᠢᠷ ︽ᠪᠠᠶᠠᠷ ᠪᠠᠶᠠᠰᠤᠯ ᠢ ᠬᠦᠷᠭᠡᠬᠦ᠂ ᠪᠣᠯᠪᠠᠰᠤᠨ ᠢ ᠬᠦᠷᠭᠡᠬᠦ︾ ᠦᠢᠯᠡᠳᠪᠦᠷᠢ ᠠᠭᠤᠷᠬᠠᠢ ᠳᠤ ᠬᠦᠷᠴᠦ ᠲᠣᠭᠯᠠᠯᠲᠠ ᠭᠠᠷᠭᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
    10 ᠳ᠋ᠤᠭᠠᠷ ᠰᠠᠷ᠎ᠠ ᠶᠢᠨ 20 ᠤ ᠡᠳᠦᠷ᠂ ᠠᠯᠲᠠᠨ ᠨᠠᠮᠤᠷ ᠤᠨ ᠠᠶᠠᠰ ᠤᠨ ᠰᠠᠯᠬᠢᠨ ᠢᠶᠠᠷ ᠠᠮᠵᠢᠯᠲᠠ ᠶᠢᠨ ᠠᠶᠠᠯᠭᠤ ᠰᠤᠨᠤᠷ ᠢ ᠪᠠᠶᠠᠰᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠠᠷ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠪᠠ᠃ ᠤᠯᠠᠭᠠᠨ ᠲᠤᠭ ᠤᠨ ᠳᠣᠣᠷ᠎ᠠ ᠲᠦᠷᠦᠵᠤ᠂ ᠤᠷᠢᠬᠠᠨ ᠬᠠᠪᠤᠷ ᠤᠨ ᠰᠠᠯᠬᠢᠨ ᠳᠤ ᠦᠰᠦᠭᠰᠡᠨ᠂ ᠰᠢᠨ᠎ᠡ ᠴᠠᠭ ᠦᠶ᠎ᠡ ᠶᠢᠨ ᠰᠣᠶᠣᠯ ᠤᠷᠠᠯᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠬᠦ᠂ ᠢᠲᠡᠭᠡᠬᠦ ᠠᠵᠢᠯᠯᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠪᠠ᠃  
     ᠮᠠᠨᠵᠤᠤᠷ ᠬᠤᠲᠠ ᠶᠢᠨ ᠤᠯᠠᠭᠠᠨᠮᠥ᠋ᠴᠢᠷ ᠤᠨ ᠲᠣᠭᠯᠠᠭᠴᠢᠳ ᠦᠢᠯᠡᠳᠪᠦᠷᠢ ᠠᠭᠤᠷᠬᠠᠢ ᠳᠤ ᠢᠷᠡᠵᠦ ᠲᠡᠳᠡᠨ ᠳᠤ ᠪᠠᠶᠠᠷ ᠪᠠᠶᠠᠰᠤᠯ ᠪᠠ ᠢᠷᠦᠭᠡᠯ ᠳᠡᠪᠰᠢᠭᠦᠯᠪᠡ᠂ ᠤᠷᠠᠨ ᠰᠠᠶᠢᠬᠠᠨ ᠤ ᠲᠣᠭᠯᠠᠯᠲᠠ ᠨᠢ ᠣᠷᠭᠢᠯᠤᠮ᠎ᠠ ᠬᠠᠯᠠᠭᠤᠨ ᠰᠡᠳᠬᠢᠯᠭᠡ ᠲᠠᠢ ︽ᠬᠥᠭᠵᠢᠯ ᠴᠡᠴᠡᠭᠯᠡᠯ ᠢ ᠬᠠᠮᠲᠤ ᠪᠠᠷ ᠥᠩᠭᠡᠷᠡᠭᠦᠯᠦᠶ᠎ᠡ︾ ᠭᠡᠬᠦ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ ᠬᠤᠪᠢᠰᠬᠠᠯ ᠤᠨ ᠰᠣᠩᠭᠤᠳᠠᠭ ᠳᠠᠭᠤᠤ ︽ᠪᠢ ᠡᠬᠡ ᠤᠯᠤᠰ ᠤᠨ ᠢᠶᠠᠨ  ᠬᠥᠬᠡ ᠣᠭᠲᠠᠷᠭᠤᠢ ᠶᠢ ᠬᠠᠶᠢᠷᠠᠯᠠᠨ᠎ᠠ︾᠂ ︽ᠮᠠᠭᠲᠠᠭᠠᠯ ᠳᠠᠭᠤᠤ︾᠂ ︽ᠠᠵᠢᠨᠠᠢ ᠬᠦᠯᠦᠭ ᠢᠶᠠᠷ ᠢᠶᠠᠨ ᠳᠠᠪᠬᠢᠭᠤᠯᠵᠤ ᠠᠯᠲᠠᠨ ᠬᠢᠯᠢ ᠪᠠᠨ ᠬᠠᠮᠠᠭᠠᠯᠠᠶ᠎ᠠ︾ ᠭᠡᠬᠦ ᠳᠠᠭᠤᠤ ᠶᠢ ᠳᠠᠭᠤᠯᠠᠬᠤ ᠳᠤ ᠲᠠᠶᠢᠰᠠᠨ ᠳᠣᠣᠷᠠᠬᠢ ᠦᠵᠡᠭᠴᠢᠳ ᠴᠥᠮ ᠲᠣᠭᠯᠠᠭᠴᠢᠳ ᠤᠨ ᠬᠠᠯᠠᠭᠤᠨ ᠰᠡᠳᠬᠢᠯᠭᠡ ᠳᠤ ᠨᠥᠯᠥᠭᠡᠯᠡᠭᠳᠡᠵᠦ᠂ ᠬᠥᠭᠵᠢᠮ ᠤᠨ ᠠᠶᠠᠰ ᠢ ᠲᠠᠭᠠᠨ ᠨᠠᠮ ᠳᠠᠭᠤᠨ ᠢᠶᠠᠷ ᠳᠠᠭᠤᠯᠠᠵᠠᠭᠠᠵᠤ᠂ ᠲᠠᠶᠢᠰᠠᠨ ᠳᠡᠭᠡᠷ᠎ᠡ ᠳᠣᠣᠷᠠᠬᠢ ᠳᠠᠭᠤᠤ ᠬᠠᠮᠰᠠᠨ᠂ ᠪᠠᠶᠠᠷ ᠪᠠᠭ᠋ᠠᠳᠤᠯ ᠢᠶᠠᠷ ᠪᠢᠯᠬᠠᠨ᠎ᠠ︔ ᠮᠣᠷᠢᠨ ᠬᠤᠭᠤᠷ ᠤᠨ ᠠᠶ᠎ᠠ ︽ᠯᠢᠶᠠᠩ ᠵᠦ︾᠂ ᠭᠤᠴᠤᠯᠠᠯ ᠪᠦᠵᠢᠭ ︽ᠨᠤᠲᠤᠭ ᠤᠨ ᠨᠤᠮᠢᠨ ᠲᠠᠯ᠎ᠠ︾ ᠨᠡᠩ ᠴᠤ ᠲᠠᠶᠢᠰᠠᠨ ᠳᠣᠣᠷᠠᠬᠢ ᠦᠢᠯᠡᠳᠪᠦᠷᠢ ᠠᠭᠤᠷᠬᠠᠢ ᠶᠢᠨ ᠠᠵᠢᠯᠴᠢᠨ ᠠᠬ᠎ᠠ ᠳᠡᠭᠦᠦ ᠨᠠᠷ ᠤᠨ ᠬᠠᠯᠠᠭᠤᠨ ᠬᠦᠷᠢᠶᠡᠯᠡᠯ ᠢ ᠣᠯᠣᠭᠰᠠᠨ ᠪᠠᠶᠢᠨ᠎ᠠ︔ ᠮᠠᠨᠵᠤᠤᠷ ᠬᠤᠲᠠ ᠶᠢᠨ ᠤᠯᠠᠭᠠᠨᠮᠥ᠋ᠴᠢᠷ ᠤᠨ ᠨᠠᠶᠢᠷᠠᠭᠤᠯᠤᠨ ᠵᠣᠬᠢᠶᠠᠭᠰᠠᠨ ᠪᠥᠵᠢᠭ ︽ᠬᠤᠪᠢᠰᠬᠠᠯᠲᠤ ᠵᠠᠮ ᠬᠠᠷᠢᠯᠴᠠᠭᠠᠨ ᠤ ᠱᠤᠭᠤᠮ︾ ᠨᠢ ᠪᠢᠳᠡᠨ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠷᠭᠤᠳᠤᠭᠠᠷ ᠶᠡᠭᠡ ᠬᠤᠷᠠᠯ ᠤᠨ ᠲᠡᠷᠡ ᠬᠦ ᠮᠠᠷᠲᠠᠭᠳᠠᠰᠢ ᠦᠭᠡᠢ ᠬᠤᠪᠢᠰᠬᠠᠯ ᠤᠨ ᠳᠤᠷᠠᠰᠤᠮᠵᠢ ᠳᠤ ᠠᠪᠴᠢᠷᠠᠵᠤ᠂ ᠲᠣᠭᠯᠠᠭᠴᠢᠳ ᠤᠨ ᠰᠡᠳᠬᠢᠯ ᠡᠵᠡᠮᠳᠡᠭᠰᠡᠨ ᠲᠣᠭᠯᠠᠯᠲᠠ ᠨᠢ ᠪᠦᠬᠦ ᠲᠠᠯᠠᠪᠠᠢ ᠶᠢᠨ ᠲᠣᠭᠯᠠᠯᠲᠠ ᠶᠢ ᠤᠷᠬᠢᠯ ᠳᠤ ᠨᠢ ᠬᠦᠷᠭᠡᠵᠡᠢ︔ ᠪᠦᠬᠦᠢ ᠯᠡ ᠲᠣᠭᠯᠠᠯᠲᠠ ᠨᠢ ᠳᠠᠭᠤᠯᠠᠯᠲᠤ ᠪᠥᠵᠢᠭ ︽ᠳᠤᠮᠳᠠᠳᠤ ᠤᠯᠤᠰ ᠰᠠᠶᠢᠬᠠᠨ︾ ᠤ ᠳᠤᠮᠳᠠ ᠥᠨᠳᠥᠷᠯᠡᠪᠡ᠃       ᠤᠯᠠᠭᠠᠨᠮᠥ᠋ᠴᠢᠷ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠬᠦᠷᠴᠦ ᠤᠷᠠᠯᠢᠭ ᠤᠨ ᠬᠠᠪᠰᠤᠷᠤᠨ ᠵᠢᠯᠤᠭᠤᠳᠬᠤ ᠠᠵᠢᠯᠯᠠᠭ᠎ᠠ ᠥᠷᠨᠢᠭᠦᠯᠪᠡ     10 ᠳ᠋ᠤᠭᠠᠷ ᠰᠠᠷ᠎ᠠ ᠶᠢᠨ 20 ᠤ ᠡᠳᠦᠷ᠂ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠶᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠦᠨᠳᠦᠰᠦᠨ ᠱᠠᠲᠤᠨ ᠤ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠠᠷᠠᠳ ᠤᠨ ᠤᠳᠬ᠎ᠠ ᠤᠷᠠᠯᠢᠭ ᠤᠨ ᠪᠦᠯᠬᠦᠮ ᠳᠤ ᠴᠢᠭᠯᠡᠭᠦᠯᠦᠨ ︽ᠨᠢᠭᠡ ᠳᠤ ᠨᠢᠭᠡ︾ ᠪᠤᠶᠤ ︽ᠨᠢᠭᠡ ᠳᠤ ᠣᠯᠠᠨ︾ ᠤᠳᠬ᠎ᠠ ᠤᠷᠠᠯᠢᠭ ᠤᠨ ᠬᠠᠪᠰᠤᠷᠤᠨ ᠵᠢᠯᠣᠭᠤᠳᠤᠯᠭ᠎ᠠ᠂ ᠤᠳᠬ᠎ᠠ ᠤᠷᠠᠯᠢᠭ ᠤᠨ ᠪᠣᠯᠪᠠᠰᠤᠷᠠᠭᠤᠯᠤᠯ ᠢ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠤᠨ ᠥᠷᠨᠢᠭᠦᠯᠬᠦ ᠶᠢ ᠠᠬᠢᠭᠤᠯᠪᠠ᠃ ᠲᠤᠰ ᠤᠳᠠᠭᠠᠨ ᠤ ᠠᠵᠢᠯᠯᠠᠭ᠎ᠠ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ᠂ ᠠᠯᠢᠪᠠ ᠪᠦᠬᠦᠨ ᠳᠤ ᠠᠷᠠᠳ ᠲᠦᠮᠡᠨ ᠢ ᠲᠦᠰᠢᠭᠯᠡᠵᠦ᠂ ᠢᠮᠠᠭᠲᠠ ᠠᠷᠠᠳ ᠲᠦᠮᠡᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠴᠢᠬᠤᠯᠠ ᠠᠭᠤᠯᠭ᠎ᠠ ᠪᠣᠯᠭᠠᠵᠤ᠂ ᠮᠠᠨᠵᠤᠤᠷ ᠬᠤᠳᠠ ᠶᠢᠨ ᠤᠯᠠᠭᠠᠨᠮᠥ᠋ᠴᠢᠷ ᠤᠨ ᠣᠨᠴᠠ ᠲᠣᠮᠢᠯᠠᠭᠰᠠᠨ ᠲᠣᠭᠯᠠᠭᠴᠢ ᠵᠠᠩ ᠶᠢᠩ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠣᠷᠣᠵᠤ᠂ ᠪᠣᠯᠪᠠᠰᠤᠷᠠᠯ ᠢ ᠭᠤᠣᠯᠳᠠᠯᠭ᠎ᠠ ᠲᠠᠢ ᠵᠢᠯᠤᠭᠤᠳᠴᠤ᠂ ᠰᠢᠨ᠎ᠡ ᠴᠠᠭ ᠦᠶ᠎ᠡ ᠶᠢ ᠤᠯᠠᠮᠵᠢᠯᠠᠨ ᠳᠠᠭᠤᠯᠠᠵᠤ᠂ ᠭᠤᠣᠯ ᠬᠦᠭ ᠠᠶᠠᠰ ᠤᠨ ᠰᠣᠩᠭᠤᠳᠠᠭ ᠳᠠᠭᠤᠤ ᠬᠥᠭᠵᠢᠮ ᠤᠨ ᠪᠦᠲᠦᠭᠡᠯ ᠤᠨ ᠲᠣᠭᠤᠷᠢᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠦᠨᠳᠦᠰᠦᠨ ᠱᠠᠲᠤ ᠲᠡᠶᠢᠰᠢ ᠲᠠᠰᠤᠷᠠᠯᠳᠠ ᠦᠭᠡᠢ ᠥᠷᠭᠡᠵᠢᠭᠦᠯᠵᠦ᠂ ᠤᠯᠠᠨ ᠲᠦᠮᠡᠨ ᠲᠡᠶᠢᠰᠢ ᠥᠷᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠡᠢ᠃      ᠵᠢᠭᠠᠨ ᠰᠤᠷᠭᠠᠯᠲᠠ ᠪᠠᠷ ᠳᠡᠮᠵᠢᠨ᠂ ᠰᠤᠷᠤᠯᠭᠠᠲᠠᠳ ᠡᠯᠧᠺᠲᠷᠣᠨ ᠬᠦᠭᠵᠢᠮ ᠤᠨ ᠴᠢᠳᠠᠮᠵᠢ   ᠶᠢᠨ ᠤᠭ ᠶᠣᠰᠣ   ᠶᠢ ᠣᠶᠢᠯᠠᠭᠠᠵᠤ᠂ ᠬᠥᠭᠵᠢᠮᠳᠡᠬᠦ ᠤᠷ᠎ᠠ ᠮᠡᠷᠭᠡᠵᠢᠯ ᠢ ᠠᠭᠠᠵᠢᠮ ᠢᠶᠠᠷ ᠡᠵᠡᠮᠰᠢᠭᠰᠡᠨ ᠪᠥᠭᠡᠳ ᠬᠠᠮᠢᠶ᠎ᠠ ᠪᠦᠬᠦᠢ ᠬᠥᠭᠵᠢᠮ ᠤᠨ ᠵᠦᠢ ᠶᠢᠨ ᠮᠡᠳᠡᠯᠭᠡ ᠵᠢᠴᠢ ᠳᠠᠭᠤᠤ ᠬᠥᠭᠵᠢᠮ ᠤᠨ ᠰᠣᠨᠢᠷᠬᠠᠯ ᠤᠨ ᠬᠢᠴᠢᠶᠡᠯ ᠢ ᠰᠣᠷᠣᠭᠰᠠᠨ ᠪᠠᠶᠢᠨ᠎ᠠ᠃ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠰᠤᠷᠤᠯᠭᠠᠲᠠᠳ ᠬᠥᠭᠵᠢᠮᠳᠡᠬᠦ ᠶᠢᠨ ᠳᠠᠭᠠᠤ ᠳᠠᠭᠤᠯᠠᠵᠤ᠂ ᠰᠡᠳᠬᠢᠯ ᠰᠠᠨᠠᠭ᠎ᠠ ᠪᠠᠨ ᠪᠠᠶᠠᠰᠬᠠᠵᠤ᠂ ᠦᠵᠡᠯ ᠰᠡᠳᠬᠢᠯᠭᠡ ᠪᠠᠨ ᠪᠣᠯᠪᠠᠰᠤᠷᠠᠭᠤᠯᠬᠤ ᠵᠣᠷᠢᠯᠭ᠎ᠠ ᠳᠤ ᠪᠠᠨ ᠬᠦᠷᠴᠦ ᠴᠢᠳᠠᠭᠰᠠᠨ ᠪᠠᠶᠢᠨ᠎ᠠ᠃
     ᠤᠯᠠᠭᠠᠨᠮᠥ᠋ᠴᠢᠷ ᠦᠨᠳᠦᠰᠦᠨ ᠱᠠᠲᠤᠨ ᠤ ᠪᠥᠵᠢᠭ ᠤᠨ ᠪᠦᠯᠬᠦᠮ ᠳᠤ ᠬᠦᠷᠴᠦ ᠤᠷᠠᠯᠢᠭ ᠤᠨ ᠬᠠᠪᠰᠤᠷᠤᠨ ᠵᠢᠯᠤᠭᠤᠳᠬᠤ ᠠᠵᠢᠯᠯᠠᠭ᠎ᠠ ᠥᠷᠨᠢᠭᠦᠯᠪᠡ     10 ᠳ᠋ᠤᠭᠠᠷ ᠰᠠᠷ᠎ᠠ ᠶᠢᠨ 23 ᠤ ᠡᠳᠦᠷ᠂ ᠲᠣᠰ ᠪᠡᠶ᠎ᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠠᠰᠢᠭᠯᠠᠨ᠂ ᠥᠷᠭᠡᠨ ᠣᠯᠠᠨ ᠦᠨᠳᠦᠰᠦᠨ ᠱᠠᠲᠤᠨ ᠤ ᠣᠯᠠᠨ ᠲᠦᠮᠡᠨ ᠪᠠ ᠨᠠᠮ ᠤᠨ ᠭᠡᠰᠢᠭᠦᠨ ᠢ ᠤᠬᠠᠭᠤᠯᠤᠨ ᠬᠥᠲᠥᠯᠥᠨ ᠵᠢᠯᠤᠭᠤᠳᠴᠤ᠂ ᠬᠡᠬᠦᠳᠡᠭ ᠴᠡᠭᠡᠵᠢᠨ ᠳᠤ ᠪᠠᠨ ︽ᠲᠦᠷᠦ ᠳᠤ ᠬᠦᠨᠳᠦ ᠶᠢ ᠡᠭᠦᠷᠭᠡᠯᠡᠨ ᠤᠷᠤᠭᠰᠢᠯᠠᠬᠤ︾ ᠭᠡᠳᠡᠭ ᠢ ᠪᠠᠭᠲᠠᠭᠠᠵᠤ᠂ ᠠᠵᠢᠯ ᠤᠨ ᠪᠠᠶᠢᠷᠢ ᠳᠤ ᠪᠠᠨ ᠰᠠᠭᠤᠷᠢᠯᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ ᠮᠠᠨᠵᠤᠤᠷ ᠬᠤᠲᠠ ᠶᠢᠨ ᠤᠯᠠᠭᠠᠨᠮᠥ᠋ᠴᠢᠷ ᠤᠨ ᠣᠨᠴᠠ ᠲᠣᠮᠢᠯᠠᠭᠰᠠᠨ ᠤᠷᠠᠯᠢᠭ ᠤᠨ ᠨᠠᠶᠢᠷᠠᠭᠤᠯᠤᠨ ᠤᠳᠤᠷᠢᠳᠤᠭᠠᠴᠢ ᠨᠠᠷᠠᠰᠤ ᠦᠨᠳᠦᠰᠦᠨ ᠱᠠᠲᠤᠨ ᠳᠤ ᠬᠦᠷᠴᠦ᠂ ︽ᠤᠮᠠᠷᠠᠲᠤ ᠶᠢᠨ ᠠᠷᠠᠳ ᠤᠨ ᠤᠷᠠᠯᠢᠭ ᠤᠨ ᠪᠦᠯᠬᠦᠮ︾ ᠳᠤ ᠤᠯᠤᠰ ᠢᠶᠠᠨ ᠬᠠᠶᠢᠷᠠᠯᠠᠬᠤ ᠭᠤᠣᠯ ᠰᠡᠳᠦᠪᠲᠦ ᠪᠥᠵᠢᠭ ︽ᠸᠠᠨ ᠵᠢᠶᠠᠩ︾ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠠᠷ ᠭᠤᠣᠯ ᠰᠡᠳᠦᠪ ᠪᠣᠯᠭᠠᠭᠰᠠᠨ ᠪᠥᠵᠢᠭ ︽ ᠳᠤᠮᠳᠠᠳᠤ ᠤᠯᠤᠰ ᠮᠢᠨᠤ ᠡᠵᠢ︾ ᠵᠡᠷᠭᠡ ᠬᠤᠶᠠᠷ ᠪᠥᠵᠢᠭ ᠤᠨ ᠪᠦᠲᠦᠭᠡᠯ ᠢ ᠵᠣᠬᠢᠶᠠᠨ ᠲᠢᠭᠯᠡᠵᠡᠢ᠃ ᠤᠷᠠᠨ ᠪᠦᠲᠦᠭᠡᠯ ᠳᠤ ᠤᠯᠤᠰ ᠤᠨ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ᠂ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠲᠦᠭᠡᠯ ᠢ ᠢᠯᠡᠷᠡᠭᠦᠯᠦᠭᠰᠡᠨ ᠪᠥᠭᠡᠳ ᠪᠥᠵᠢᠭ ᠤᠨ ᠪᠦᠯᠬᠦᠮ ᠤᠨ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠭᠰᠠᠨ ᠤ ᠬᠠᠮᠲᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠵᠡᠢ᠃
     ᠬᠤᠶᠢᠰᠢᠳᠠ ᠶᠢᠨ ᠠᠵᠢᠯ ᠤᠨ ᠳᠤᠮᠳᠠ᠂ ᠮᠠᠨᠵᠤᠤᠷ ᠬᠤᠲᠠ ᠶᠢᠨ ᠤᠯᠠᠭᠠᠨᠮᠥ᠋ᠴᠢᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠤᠬᠠᠭᠤᠯᠬᠤ ᠶᠢᠨ ᠲᠣᠭᠤᠷᠢᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠬᠤᠪᠢᠰᠬᠠᠯ ᠤᠨ ᠰᠣᠶᠣᠯ ᠤᠨ ᠭᠧᠨ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭᠠᠨ ᠤ ᠰᠤᠳᠠᠰᠤ ᠶᠢ ᠦᠷᠭᠦᠯᠵᠢᠯᠡᠭᠦᠯᠦᠨ᠂ ᠤᠯᠠᠭᠠᠨᠮᠥ᠋ᠴᠢᠷ ᠤᠨ ︽ᠰᠤᠷᠤᠯᠴᠠᠬᠤ᠂ ᠡᠭᠦᠳᠬᠦ᠂ ᠲᠣᠭᠯᠠᠬᠤ︾ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠨᠠᠩ ᠣᠯᠠᠨ ᠠᠷᠠᠳ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠷᠠᠯᠢᠭ ᠤᠨ ᠪᠦᠲᠦᠭᠡᠯ ᠢ ᠨᠠᠶᠢᠷᠠᠭᠤᠯᠤᠨ ᠡᠭᠦᠳᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ᠂ ᠮᠠᠨᠵᠤᠤᠷ ᠬᠤᠳᠠ ᠶᠢᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠮᠠᠨᠵᠤᠤᠷ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠠᠩᠭᠠᠬᠤ ᠪᠤᠯᠤᠨ᠎ᠠ᠃
 
ᠢᠷᠡᠯᠲᠡ᠄ ᠮᠠᠨᠵᠤᠤᠷ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号