ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ︽ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ︾ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2023/10/8
   ᠲᠦᠷᠦᠭᠦᠬᠡᠨ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠬᠤᠯᠪᠣᠭᠠᠲᠤ ᠬᠤᠷᠠᠯ᠂ ᠳᠤᠮᠳᠠᠳᠤ ᠤᠯᠤᠰ ᠤᠨ ᠠᠵᠤ ᠠᠬᠤᠶᠢᠯᠠᠯᠲᠠᠳ ᠤ ᠨᠡᠶᠢᠭᠡᠮᠯᠢᠭ ᠠᠴᠠ    ︽2023 ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ︾ ︽2023 ᠳᠤᠮᠳᠠᠳᠤ ᠤᠯᠤᠰ ᠤᠨ 500 ᠬᠦᠴᠦᠷᠬᠡᠭ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ︾ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ᠂ ᠨᠡᠷᠡᠰ ᠤᠨ ᠵᠢᠭᠰᠠᠭᠠᠯᠲᠠ ᠳᠤ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠨᠡᠷ᠎ᠡ ᠲᠣᠳᠤᠷᠠᠭᠰᠠᠨ ᠪᠠᠶᠢᠨ᠎ᠠ᠃    ︽2023 ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ︾ ᠤᠨ ᠨᠡᠷᠡᠰ ᠤᠨ ᠵᠢᠭᠰᠠᠭᠠᠯᠲᠠ ᠨᠢ ᠠᠵᠤ ᠠᠬᠤᠶᠢᠯᠠᠯ ᠤᠳ ᠤᠨ 2022 ᠣᠨ ᠤ ᠡᠵᠡᠩᠨᠡᠯᠲᠡ ᠶᠢᠨ ᠣᠷᠣᠯᠭ᠎ᠠ ᠪᠠᠷ ᠪᠠᠷᠢᠮᠵᠢᠶ᠎ᠠ ᠪᠣᠯᠭᠠᠨ᠂ ᠵᠢᠭᠰᠠᠭᠠᠯᠲᠠ ᠳᠤ ᠣᠷᠣᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ︽500 ᠬᠦᠴᠦᠷᠬᠡᠭ︾ ᠤᠨ ᠬᠡᠪᠴᠢᠶ᠎ᠡ ᠦᠷᠭᠦᠯᠵᠢᠯᠡᠨ ᠨᠡᠮᠡᠭᠳᠡᠬᠦ ᠬᠠᠨᠳᠤᠰᠢ ᠪᠠᠨ ᠪᠠᠲᠤᠯᠠᠵᠠᠢ᠃ ᠵᠢᠭᠰᠠᠭᠠᠯᠲᠠ ᠳᠤ ᠣᠷᠣᠭᠰᠠᠨ ᠠᠵᠤ ᠠᠬᠤᠶᠢᠯᠠᠯ ᠤᠳ ᠤᠨ ᠰᠤᠳᠤᠯᠤᠨ ᠨᠡᠭᠡᠭᠡᠬᠦ ᠣᠷᠣᠭᠤᠯᠤᠯᠲᠠ ᠬᠢᠭᠡᠳ ᠰᠤᠳᠤᠯᠤᠨ ᠨᠡᠭᠡᠭᠡᠬᠦ ᠡᠷᠴᠢᠮ᠂ ᠲᠤᠰᠬᠠᠢ ᠠᠰᠢᠭ ᠤᠨ ᠲᠤᠭ᠎ᠠ ᠬᠡᠮᠵᠢᠶ᠎ᠡ ᠬᠢᠭᠡᠳ ᠶᠠᠰᠤ ᠴᠢᠨᠠᠷ᠂ ᠣᠷᠣᠯᠴᠠᠬᠤ ᠪᠠᠷᠢᠮᠵᠢᠶ᠎ᠠ ᠶᠢ ᠲᠣᠭᠲᠠᠭᠠᠬᠤ ᠢᠳᠡᠪᠬᠢᠵᠢᠯ ᠢ ᠴᠥᠮ ᠦᠷᠭᠦᠯᠵᠢᠯᠡᠨ ᠳᠡᠭᠡᠭᠰᠢᠯᠡᠭᠦᠯᠵᠦ᠂ ᠬᠥᠮᠥᠨ ᠳᠤᠮᠳᠠᠴᠢ ᠶᠢᠨ ᠡᠵᠡᠩᠨᠡᠯᠲᠡ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ ᠪᠠᠶᠢᠨ᠎ᠠ᠃    ︽2023 ᠳᠤᠮᠳᠠᠳᠤ ᠤᠯᠤᠰ ᠤᠨ 500 ᠬᠦᠴᠦᠷᠬᠡᠭ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ︾ ᠨᠢ ᠶᠡᠷᠦᠩᠬᠡᠢ ᠬᠡᠪᠴᠢᠶ᠎ᠡ ᠨᠡᠯᠢᠶᠡᠳ ᠲᠦᠷᠭᠡᠨ ᠶᠡᠬᠡᠰᠴᠦ᠂ ᠰᠢᠨ᠎ᠡ ᠶᠢ ᠡᠭᠦᠳᠦᠭᠰᠡᠨ ᠦᠷ᠎ᠡ ᠪᠦᠲᠦᠮᠵᠢ ᠮᠡᠳᠡᠭᠳᠡᠮ᠎ᠡ ᠪᠠᠶᠢᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠠᠯᠬᠤᠴᠠ ᠲᠦᠷᠭᠡᠳᠴᠦ᠂ ᠳᠡᠯᠡᠬᠡᠶᠢᠵᠢᠭᠰᠡᠨ ᠡᠵᠡᠩᠨᠡᠯᠲᠡ ᠢᠳᠡᠪᠬᠢᠲᠡᠢ ᠠᠬᠢᠴᠠ ᠲᠠᠢ ᠪᠣᠯᠤᠭᠰᠠᠨ ᠵᠡᠷᠭᠡ ᠣᠨᠴᠠᠯᠢᠭ ᠲᠠᠢ ᠠᠵᠢ᠃    2022 ᠣᠨ ᠳᠤ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ︽ᠰᠡᠳᠬᠢᠯ ᠨᠢᠭᠡᠳᠬᠡᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠠᠶᠢᠭᠤᠯᠬᠤ︾ ᠬᠤᠪᠢᠰᠬᠠᠯᠲᠤ ᠤᠳᠤᠮᠰᠢᠯ ᠢ ᠵᠠᠯᠭᠠᠮᠵᠢᠯᠠᠨ᠂ ᠬᠦᠴᠢᠷ ᠢ ᠰᠥᠷᠦᠨ ᠤᠷᠤᠭᠰᠢᠯᠠᠵᠤ᠂ ᠦᠢᠯᠡᠳᠪᠦᠷᠢᠯᠡᠯ ᠡᠵᠡᠩᠨᠡᠯᠲᠡ ᠶᠢᠨ ᠶᠡᠷᠦᠩᠬᠡᠢ ᠴᠣᠭᠴᠠ ᠶᠢᠨ ᠲᠣᠭᠲᠠᠭᠤᠨ ᠤᠷᠤᠭᠰᠢᠲᠠᠢ ᠶᠠᠪᠤᠭᠳᠠᠬᠤ ᠶᠢ ᠪᠠᠲᠤᠯᠠᠭᠠᠳ ᠪᠦᠬᠦ ᠵᠢᠯ ᠳᠤ 1158 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠣᠯᠵᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠠᠵᠤ ᠠᠬᠤᠶᠢᠯᠠᠯ ᠤᠳ ᠤᠨ ᠨᠢᠭᠡᠳᠦᠭᠡᠷ ᠲᠤ ᠣᠷᠣᠵᠠᠢ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠰᠢᠯᠢᠳᠡᠭ ᠰᠠᠶᠢᠨ ᠡᠵᠡᠩᠨᠡᠯᠲᠡ ᠶᠢᠨ ᠦᠷ᠎ᠡ ᠪᠦᠲᠦᠮᠵᠢ ᠪᠠᠷ ᠢᠶᠠᠨ ︽2023 ᠳᠤᠮᠳᠠᠳᠤ ᠤᠯᠤᠰ ᠤᠨ 500 ᠬᠦᠴᠦᠷᠬᠡᠭ ᠠᠵᠤ ᠠᠬᠤᠶᠢᠯᠠᠯ︾ ᠤᠨ 225 ᠳ᠋ᠤᠭᠠᠷ ᠲᠤ ᠵᠢᠭᠰᠠᠭᠠᠭᠳᠠᠵᠤ᠂ ︽2023 ᠳᠤᠮᠳᠠᠳᠤ ᠤᠯᠤᠰ ᠤᠨ 500 ᠬᠦᠴᠦᠷᠬᠡᠭ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ︾ ᠤᠨ 109 ᠳ᠋ᠦ᠋ᠭᠡᠷ ᠲᠤ ᠵᠢᠭᠰᠠᠭᠠᠭᠳᠠᠪᠠ᠃    ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠦᠬᠦ ᠬᠦᠴᠦᠨ ᠢᠶᠠᠷ ᠪᠤᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠶᠢ ᠠᠬᠢᠭᠤᠯᠵᠤ᠂ ᠳᠡᠭᠡᠳᠦ ᠦᠵᠦᠭᠦᠷᠲᠦ᠂ ᠣᠶᠤᠨᠴᠢᠯᠠᠭᠰᠠᠨ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠴᠢᠨᠠᠭᠰᠢᠳᠠ ᠤᠯᠠᠮ ᠠᠬᠢᠭᠤᠯᠵᠤ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠵᠦ᠂ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠳᠡᠯᠡᠬᠡᠢ ᠶᠢᠨ 500 ᠬᠦᠴᠦᠷᠬᠡᠭ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠪᠠᠷ ᠢᠶᠠᠨ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠪᠠ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ︾ ᠤᠨ ᠪᠠᠶᠢᠭᠤᠯᠤᠯᠲᠠ ᠶᠢ ᠰᠠᠶᠢᠲᠤᠷ ᠬᠢᠬᠦ ᠳᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠦᠴᠦᠨ ᠴᠢᠳᠠᠯ ᠢ ᠨᠡᠮᠡᠷᠢᠯᠡᠨ᠎ᠡ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号