ᠪᠠᠶᠠᠨᠨᠠᠭᠤᠷ ᠬᠤᠲᠠ ᠪᠠᠷᠤᠭ 69.79 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/10/9
   ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠡᠬᠢᠯᠡᠭᠰᠡᠨ ᠠᠴᠠ ᠨᠠᠭᠠᠰᠢ᠂ ᠪᠠᠶᠠᠨᠨᠠᠭᠤᠷ ᠬᠤᠲᠠ ᠬᠦᠴᠦᠲᠡᠢ ᠠᠷᠭ᠎ᠠ ᠬᠡᠮᠵᠢᠶ᠎ᠡ ᠠᠪᠴᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ 1 – 8 ᠳ᠋ᠤᠭᠠᠷ ᠰᠠᠷ᠎ᠠ ᠳᠤ᠂ ᠪᠠᠶᠠᠨᠨᠠᠭᠤᠷ ᠬᠤᠲᠠ ᠵᠢᠭᠤᠯᠴᠢᠯᠠᠯ ᠤᠨ ᠪᠥᠬᠦ ᠣᠷᠣᠯᠭ᠎ᠠ ᠶᠢ ᠪᠠᠷᠤᠭ 69.79 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 105.33% ᠪᠠᠷ ᠨᠡᠮᠡᠭᠳᠡᠪᠡ᠃    1 – 8 ᠳ᠋ᠤᠭᠠᠷ ᠰᠠᠷ᠎ᠠ ᠳᠤ᠂ ᠪᠠᠶᠠᠨᠨᠠᠭᠤᠷ ᠬᠤᠲᠠ ᠶᠢᠨ ᠭᠥᠯᠢᠶᠡᠨ ᠠᠪᠤᠭᠰᠠᠨ ᠵᠢᠭᠤᠯᠴᠢᠯᠠᠭᠴᠢᠳ ᠤᠨ ᠳᠠᠪᠬᠤᠷᠳᠠᠭᠰᠠᠨ ᠲᠤᠭ᠎ᠠ ᠨᠢ ᠪᠠᠷᠤᠭ 611.42 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 59.55% ᠪᠠᠷ ᠨᠡᠮᠡᠭᠳᠡᠪᠡ᠂ ᠡᠭᠦᠨ ᠳᠤ᠂ ᠬᠤᠨᠤᠭ ᠤᠨ ᠵᠢᠭᠤᠯᠴᠢᠯᠠᠭᠴᠢᠳ ᠤᠨ ᠳᠠᠪᠬᠤᠷᠳᠠᠭᠰᠠᠨ ᠲᠤᠭ᠎ᠠ 245.6 ᠲᠦᠮᠡ᠂ ᠭᠠᠭᠴᠠ ᠡᠳᠦᠷ ᠤᠨ ᠵᠢᠭᠤᠯᠴᠢᠯᠠᠭᠴᠢᠳ ᠤᠨ ᠳᠠᠪᠬᠤᠷᠳᠠᠭᠰᠠᠨ ᠲᠤᠭ᠎ᠠ ᠨᠢ 365.82 ᠲᠦᠮᠡ ᠳᠤ ᠬᠦᠷᠴᠡᠢ︔ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ ᠪᠠᠷᠤᠭ 69.79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 105.33% ᠪᠠᠷ ᠨᠡᠮᠡᠭᠳᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号