ᠴᠢᠨ ᠶᠠᠨ᠄ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠨ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ ᠨᠠᠷᠠᠲᠤ ᠲᠡᠮᠳᠡᠭᠲᠦ ᠶᠢ ᠬᠠᠩᠭᠢᠨᠠᠭᠤᠯᠤᠨ᠎ᠠ ︵ᠨᠢᠭᠡ︶
ᠨᠡᠶᠢᠲᠡᠯᠡᠭᠰᠡᠨ ᠴᠠᠭ᠄
2023/11/22
     ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠬᠠᠨᠳᠤᠭᠤᠯᠵᠤ᠂ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠰᠠᠭᠤᠷᠢᠯᠠᠨ᠂ ᠳᠤᠮᠳᠠᠳᠤ ᠶᠢᠨ ᠪᠣᠯᠪᠠᠰᠤᠨ ᠤ ᠲᠠᠪᠤᠨ ᠲᠣᠪᠣᠶᠢᠮ᠎ᠠ ᠣᠨᠴᠠᠯᠢᠭ ᠢ ᠪᠦᠬᠦ ᠲᠠᠯ᠎ᠠ ᠪᠠᠷ ᠳ᠋ᠦᠩᠨᠡᠵᠦ᠂ ᠮᠠᠷᠺᠰ ᠤᠨ ᠦᠵᠡᠯ ᠤᠨ ᠭᠤᠣᠯ ᠦᠨᠳᠦᠰᠦᠯᠡᠯ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢᠨ ᠴᠢᠬᠤᠯᠠ ᠠᠴᠢ ᠬᠤᠯᠪᠣᠭᠳᠠᠯ᠂ ᠦᠨᠳᠦᠰᠦᠨ ᠠᠷᠭ᠎ᠠ ᠵᠠᠮ ᠳᠤ ᠭᠦᠨᠵᠡᠭᠡᠢ ᠬᠠᠷᠢᠭᠤᠯᠲᠠ ᠥᠭᠴᠦ᠂ ᠪᠢᠳᠡᠨ ᠤ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠲᠥᠪᠯᠡᠷᠡᠭᠦᠯᠦᠨ ᠲᠠᠶᠢᠯᠤᠮᠵᠢ ᠬᠢᠬᠦ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠪᠥᠬᠦ ᠨᠠᠮ ᠤᠨ ᠭᠡᠰᠢᠭᠦᠨ ᠺᠠᠳ᠋ᠷᠴᠤᠳ ᠲᠤ ᠡᠭᠦᠨ ᠤ ᠲᠤᠳᠤᠷ᠎ᠠ ᠠᠭᠤᠯᠤᠭᠳᠠᠵᠤ ᠪᠠᠶᠢᠭ᠎ᠠ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ᠂ ᠣᠨᠣᠯ ᠤᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠬᠤ ᠪᠠᠷ ᠬᠥᠲᠥᠯᠥᠨ ᠵᠢᠯᠣᠭᠤᠳᠪᠠ᠃ ᠡᠭᠦᠨ ᠤ ᠬᠠᠮᠲᠤ᠂ ᠡᠯ᠎ᠡ ᠱᠠᠲᠤᠨ ᠤ ᠤᠷᠠᠨ ᠰᠠᠶᠢᠬᠠᠨ ᠤ ᠬᠦᠷᠢᠶᠡᠯᠡᠩ ᠪᠦᠯᠬᠦᠮ᠂ ᠤᠯᠠᠭᠠᠨᠮᠥ᠋ᠴᠢᠷ ᠤᠨ ︽ᠤᠮᠠᠷᠠᠲᠤ ᠬᠢᠯᠢ ᠶᠢᠨ ᠰᠣᠶᠣᠯ︾ ᠭᠡᠬᠦ ᠭᠤᠣᠯ ᠰᠡᠳᠦᠪ ᠲᠤ ᠰᠠᠭᠤᠷᠢᠯᠠᠨ ᠤᠷᠠᠯᠢᠭ ᠤᠨ ᠵᠣᠬᠢᠶᠠᠨ ᠪᠦᠲᠦᠭᠡᠯᠭᠡ ᠥᠷᠨᠢᠭᠦᠯᠬᠦ ᠶᠢ ᠵᠢᠯᠤᠭᠤᠳᠴᠤ᠂ ᠤᠯᠠᠭᠠᠨᠮᠥ᠋ᠴᠢᠷ ᠤᠨ ᠰᠠᠷ᠎ᠠ᠂ ︽ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠪᠠᠭᠤᠬᠤ︾ ᠵᠡᠷᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠵᠤ᠂ ᠰᠣᠶᠣᠯ ᠢᠶᠠᠷ ᠬᠥᠮᠥᠨ ᠢ ᠰᠣᠶᠣᠯᠵᠢᠭᠤᠯᠵᠤ᠂ ᠤᠷᠠᠯᠢᠭ ᠢᠶᠠᠷ ᠰᠡᠳᠬᠢᠯ ᠢ ᠨᠢ ᠨᠡᠪᠲᠡᠷᠡᠯᠴᠡᠭᠦᠯᠵᠦ᠂ ᠨᠠᠮ ᠤᠨ ᠲᠠᠭᠤᠨ ᠢ ᠳᠠᠮᠵᠢᠭᠤᠯᠪᠠ᠃ ᠳᠠᠷᠠᠭᠠᠴᠢ ᠶᠢᠨ ᠠᠯᠬᠤᠮ ᠳᠤ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠤᠨ ᠢᠲᠡᠭᠡᠯ ᠢᠶᠠᠨ ᠤᠯᠠᠮ ᠴᠢᠨᠠᠭᠰᠢᠳᠠ ᠪᠠᠲᠤᠳᠬᠠᠵᠤ᠂ ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ ᠰᠣᠶᠣᠯ ᠤᠨ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ︽ᠤᠮᠠᠷᠠᠲᠤ ᠬᠢᠯᠢ ᠶᠢᠨ ᠰᠣᠶᠣᠯ︾  ᠤᠨ ᠲᠦᠷᠦᠯ ᠲᠡᠮᠳᠡᠭ ᠤᠨ ᠡᠭᠦᠳᠦᠯᠲᠡ ᠶᠢᠨ ᠲᠣᠭᠤᠷᠢᠨ ᠳᠤ᠂ ᠤᠮᠠᠷᠠᠲᠤ ᠶᠢᠨ ᠡᠬᠡ ᠭᠠᠵᠠᠷ ᠲᠤ ᠦᠨᠳᠦᠰᠦᠯᠡᠭᠰᠡᠨ ᠰᠢᠯᠢᠳᠡᠭ ᠰᠣᠶᠣᠯ ᠢ ᠬᠥᠭᠵᠢᠭᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠦᠨᠳᠦᠰᠦᠲᠡᠨ ᠨᠦᠭᠦᠳ ᠤᠨ ᠬᠠᠮᠲᠤᠪᠠᠷ  ᠪᠠᠶᠢᠭ᠎ᠠ ᠬᠠᠮᠲᠤᠪᠠᠷ ᠡᠳ᠋ᠯᠡᠬᠦ ᠤᠶᠤᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠪᠤᠯᠤᠨ᠎ᠠ᠃      ᠨᠢᠭᠡ ᠳᠤ᠂ ᠰᠣᠶᠣᠯ ᠢᠶᠠᠷ ᠬᠤᠯᠪᠣᠭᠠᠰᠤ ᠪᠣᠯᠭᠠᠵᠤ᠂ ᠬᠥᠮᠥᠰ ᠤᠨ ᠰᠡᠳᠬᠢᠯ ᠪᠠ ᠬᠦᠴᠦᠨ ᠴᠢᠳᠠᠯ ᠢ ᠨᠢᠭᠲᠠᠷᠠᠭᠤᠯᠤᠨ᠎ᠠ᠃ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠨᠠᠷᠢᠨ ᠲᠠᠯ᠎ᠠ ᠠᠴᠠ ᠪᠣᠳᠣᠯᠬᠢᠯᠠᠨ᠂ ᠦᠴᠦᠬᠡᠨ ᠵᠦᠢᠯ ᠠᠴᠠ ᠭᠠᠷᠳᠠᠵᠤ᠂ ᠪᠣᠳᠠᠲᠠᠢ ᠲᠠᠯ᠎ᠠ ᠠᠴᠠ ᠬᠦᠴᠦᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠤᠳᠤᠷᠢᠳᠬᠤ ᠡᠷᠬᠡ᠂ ᠰᠠᠨᠠᠭᠠᠴᠢᠯᠠᠭᠠᠲᠤ ᠡᠷᠬᠡ ᠪᠠ ᠦᠭᠡ ᠬᠡᠯᠡᠬᠦ ᠡᠷᠬᠡ ᠶᠢ ᠪᠠᠲᠤ ᠡᠵᠡᠮᠳᠡᠵᠦ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠬᠦ ᠬᠡᠷᠡᠭᠲᠡᠢ᠃ ᠠᠵᠢᠯ ᠤᠨ ᠭᠤᠣᠯ ᠱᠤᠭᠤᠮ ᠢᠶᠠᠨ ᠪᠠᠲᠤ ᠴᠢᠩᠭ᠎ᠠ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ  ᠡᠨᠡ ᠬᠦ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠠᠭᠤᠯᠤᠭᠳᠠᠬᠤᠨ ᠢ ᠠᠭᠤᠳᠠᠯᠵᠤ᠂ ᠳᠤᠮᠳᠠᠳᠤ ᠶᠢᠨ ᠰᠣᠶᠣᠯ ᠢᠶᠠᠷ ᠦᠨᠳᠦᠰᠦᠲᠡᠨ ᠤ ᠪᠦᠯᠬᠦᠮᠳᠡᠯ ᠢ ᠤᠮᠳᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠳᠠᠭᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠰᠠᠬᠢᠬᠤ ᠪᠠᠷ ᠴᠢᠷᠮᠠᠶᠢᠬᠤ ᠬᠡᠷᠡᠭᠲᠡᠢ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠢᠩᠭᠠᠳᠬᠠᠵᠤ᠂ ︽ᠤᠳᠬ᠎ᠠ ᠤᠷᠠᠯᠢᠭ ᠠᠷᠠᠳ ᠲᠦᠮᠡᠨ ᠳᠤ ᠦᠢᠯᠡᠴᠢᠯᠡᠵᠦ᠂ ᠨᠡᠶᠢᠭᠡᠮ ᠵᠢᠷᠤᠮ ᠳᠤ ᠦᠢᠯᠡᠴᠢᠯᠡᠬᠦ︾ ᠴᠢᠭᠯᠡᠯ᠂ ︽ᠴᠡᠴᠡᠭ ᠪᠦᠬᠦᠨ ᠢ ᠵᠡᠷᠭᠡ ᠪᠠᠷ ᠳᠡᠯᠭᠡᠷᠡᠭᠦᠯᠵᠦ᠂ ᠡᠷᠳᠡᠮᠲᠡᠨ ᠪᠦᠬᠦᠨ ᠢ ᠴᠢᠯᠦᠭᠡᠲᠡᠢ ᠶᠠᠷᠢᠯᠴᠠᠭᠤᠯᠬᠤ︾ ᠴᠢᠭᠯᠡᠯᠲᠡ ᠶᠢ ᠪᠠᠷᠢᠮᠲᠠᠯᠠᠵᠤ᠂ ᠳᠠᠭᠤᠤ ᠪᠥᠵᠢᠭᠲᠦ ᠵᠦᠴᠦᠭᠡ ︽ᠵᠤᠤ ᠵᠢᠶᠦ᠋ᠨ ᠪᠣᠭᠤᠮᠲᠠ ᠠᠴᠠ ᠭᠠᠷᠬᠤ︾᠂ ᠶᠠᠷᠢᠶᠠᠲᠤ ᠵᠦᠴᠦᠭᠡ ︽ᠪᠢᠳᠡᠨ ᠤ ᠰᠠᠶᠢᠨ ᠰᠠᠶᠢᠬᠠᠨ ᠠᠮᠢᠳᠤᠷᠠᠯ︾᠂ ᠳᠠᠭᠤᠷᠢ ︽ᠵᠢᠩᠭᠠᠷ︾ ᠵᠡᠷᠭᠡ ᠲᠠᠶᠢᠰᠠᠨ ᠤ ᠵᠦᠴᠦᠭᠡ ᠶᠢᠨ ᠵᠣᠬᠢᠶᠠᠨ ᠪᠦᠲᠦᠭᠡᠯᠭᠡ ᠶᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠤᠳᠬ᠎ᠠ ᠤᠷᠠᠯᠢᠭ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠦ᠂ ᠨᠢᠭᠡ ᠪᠦᠯᠦᠭ ᠰᠣᠳᠣᠨ ᠪᠦᠲᠦᠭᠡᠯ ᠢ ᠳᠡᠯᠭᠡᠨ ᠦᠵᠡᠭᠦᠯᠬᠦ᠂ ᠰᠣᠯᠢᠯᠴᠠᠭ᠎ᠠ ᠬᠢᠵᠦ ᠬᠠᠷᠢᠯᠴᠠᠨ ᠲᠣᠯᠢᠳᠠᠬᠤ᠂ ᠰᠣᠶᠣᠯ ᠢ ᠬᠠᠮᠲᠤᠪᠠᠷ ᠡᠳ᠋ᠯᠡᠬᠦ ᠪᠠᠶᠠᠷ ᠳᠤᠷᠠᠰᠬᠠᠯ ᠤᠨ ᠲᠦᠷᠦᠯ ᠲᠡᠮᠳᠡᠭ ᠢ ᠡᠭᠦᠳᠴᠦ᠂ ᠰᠢᠨ᠎ᠡ ᠴᠠᠭ ᠦᠶ᠎ᠡ ᠶᠢᠨ ᠳᠠᠭᠤᠤ ᠶᠢ ᠴᠤᠤᠷᠢᠶᠠᠲᠤᠭᠤᠯᠵᠤ᠂ ᠰᠢᠨ᠎ᠡ ᠴᠠᠭ ᠦᠶ᠎ᠡ ᠶᠢᠨ ᠬᠠᠭᠤᠳᠠᠰᠤ ᠶᠢ ᠵᠢᠷᠤᠭᠯᠠᠬᠤ ᠬᠡᠷᠡᠭᠲᠡᠢ᠃ ᠰᠣᠶᠣᠯ ᠤᠨ ᠦᠯᠢᠭᠡᠷ ᠢᠶᠠᠨ ᠰᠠᠶᠢᠬᠠᠨ ᠶᠠᠷᠢᠵᠤ᠂ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠬᠤ ᠢᠨᠵᠧᠨᠧᠷᠢᠩ ᠢ ᠭᠦᠨᠵᠡᠭᠡᠶᠢᠷᠡᠭᠦᠯᠵᠦ᠂ ︽ᠪᠣᠷᠣᠳᠣᠬᠤᠢ ᠣᠷᠣᠨ ᠤ ᠰᠠᠭᠤᠷᠢᠰᠢᠯ ᠬᠢᠭᠡᠳ ᠨᠡᠶᠢᠭᠡᠮ ᠤᠨ ᠰᠤᠳᠤᠯᠤᠯ︾ ︽ᠬᠤᠩᠱᠠᠨ ᠤ ᠨᠡᠶᠢᠭᠡᠮ ᠤᠨ ᠪᠣᠯᠪᠠᠰᠤᠨ ᠤ ᠠᠬᠢᠴᠠ ᠶᠢᠨ ᠰᠤᠳᠤᠯᠤᠯ︾ ᠵᠡᠷᠭᠡ ᠬᠠᠭᠤᠴᠢ ᠰᠤᠳᠤᠯᠤᠯ ᠤᠨ ᠳᠤᠮᠳᠠᠳᠤ ᠤᠯᠤᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠳᠡᠮᠵᠢᠨ ᠠᠬᠢᠭᠤᠯᠵᠤ᠂ ᠤᠯᠠᠭᠠᠨᠬᠠᠳᠠ ᠬᠤᠲᠠ ᠶᠢᠨ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠵᠢᠯᠤᠭᠤᠳᠴᠤ᠂ ᠬᠤᠩᠱᠠᠨ ᠰᠣᠶᠣᠯ ᠤᠨ ᠪᠠᠭᠤᠷᠢ ᠶᠢ ᠳᠡᠯᠡᠬᠡᠢ ᠶᠢᠨ ᠰᠣᠶᠣᠯ ᠤᠨ ᠥᠪ ᠢᠶᠠᠷ ᠮᠡᠳᠡᠭᠦᠯᠬᠦ᠂ ᠭᠤᠣᠯᠳᠠᠯᠭ᠎ᠠ ᠲᠠᠢ ᠪᠠᠭᠤᠷᠢ ᠳᠤ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠪᠠᠶᠢᠭᠤᠯᠬᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠳᠤ ᠬᠢ ᠥᠪᠥᠷ ᠮᠣᠩᠭᠤᠯ ᠤᠨ ᠦᠢᠯᠡᠳᠦᠯ ᠪᠠ ᠬᠤᠪᠢ ᠨᠡᠮᠡᠷᠢ ᠶᠢ ᠰᠠᠶᠢᠲᠤᠷ ᠲᠣᠳᠣᠷᠬᠠᠶᠢᠯᠠᠨ ᠲᠠᠶᠢᠯᠪᠤᠷᠢᠯᠠᠵᠤ᠂ ᠦᠨᠳᠦᠰᠦᠲᠡᠨ ᠤ ᠢᠲᠡᠭᠡᠯ ᠵᠣᠷᠢᠭ ᠪᠠ ᠰᠣᠶᠣᠯ ᠤᠨ ᠲᠥᠪᠯᠡᠩᠭᠦᠶ ᠬᠦᠴᠦᠨ ᠢ ᠬᠦᠭᠵᠢᠭᠡᠬᠦ ᠬᠡᠷᠡᠭᠲᠡᠢ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号