ᠰᠣᠶᠣᠯ ᠤᠨ ᠰᠢᠨ᠎ᠡ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ  ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠳᠠᠭᠤᠷᠢᠰᠬᠠᠶ᠎ᠠ
ᠨᠡᠶᠢᠲᠡᠯᠡᠭᠰᠡᠨ ᠴᠠᠭ᠄
2023/11/23
      ᠪᠦᠬᠦ ᠣᠷᠣᠨ ᠤ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠪᠦᠬᠦ ᠣᠷᠣᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠳᠡᠭᠡᠷ᠎ᠡ᠂ ᠣᠯᠠᠨ ᠢᠶᠠᠷ ᠢᠶᠠᠨ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦ ᠰᠠᠭᠤᠷᠢ ᠪᠣᠯᠭᠠᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠰᠢᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠭᠠᠯ ᠬᠠᠯᠠᠭᠤᠨ ᠦᠢᠯᠡᠳᠦᠯᠭᠡ ᠳᠤᠮᠳᠠ ᠠᠴᠠ ᠰᠢᠮ᠎ᠡ ᠲᠡᠵᠢᠭᠡᠯ ᠰᠢᠩᠭᠡᠬᠡᠨ ᠠᠪᠴᠤ᠂ ᠰᠣᠶᠣᠯ ᠤᠨ ᠥᠪᠡᠷ ᠢ ᠪᠠᠨ ᠬᠦᠴᠦᠷᠬᠡᠭᠵᠢᠭᠦᠯᠬᠦ ᠶᠢ ᠴᠢᠨᠠᠭᠰᠢᠳᠠ ᠪᠤᠢ ᠪᠣᠯᠭᠠᠵᠤ᠂ ᠤᠮᠠᠷᠠᠲᠤ ᠬᠢᠯᠢ  ᠶᠢᠨ ᠰᠣᠶᠣᠯ ᠤᠨ ᠠᠮᠢᠳᠤᠯᠢᠭ ᠦᠯᠢᠭᠡᠷ ᠢ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠡᠬᠡ ᠭᠠᠵᠠᠷ ᠲᠤ ᠠᠮᠢᠯᠠᠭᠤᠯᠤᠨ ᠬᠥᠭᠵᠢᠭᠡᠵᠦ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠡᠷᠢᠯᠬᠢᠯᠡᠵᠦ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠵᠤ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠴᠢᠷᠮᠠᠶᠢᠨ ᠰᠠᠶᠢᠲᠤᠷ ᠬᠢᠬᠦ᠂ ᠰᠢᠨ᠎ᠡ ᠰᠣᠶᠣᠯ ᠤᠨ ᠡᠭᠦᠷᠭᠡ ᠶᠢ ᠡᠭᠦᠷᠭᠡᠯᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠢᠯᠡᠷᠬᠡᠶᠢᠯᠡᠵᠡᠢ᠃     
    ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠪᠦᠬᠦ ᠤᠯᠤᠰ᠂ ᠪᠦᠬᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠣᠶᠣᠯ ᠤᠨ ᠰᠢᠨ᠎ᠡ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠤᠨ ᠲᠠᠶᠢᠯᠪᠤᠷᠢᠯᠠᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠶᠡᠭᠡ ᠪᠠᠷ ᠴᠡᠴᠡᠭᠯᠡᠭᠦᠯᠵᠦ᠂ ᠤᠮᠠᠷᠠᠲᠤ ᠬᠢᠯᠢ  ᠶᠢᠨ ᠰᠣᠶᠣᠯ ᠢ ᠮᠠᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ᠂ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠬᠦ ᠳᠤ ᠠᠭᠤᠰᠤᠯᠴᠠᠭᠤᠯᠵᠤ᠂ ᠥᠷᠭᠡᠨ ᠤᠯᠠᠨ ᠲᠦᠮᠡᠨ ᠳᠤ ᠨᠡᠩ ᠠᠮᠢᠳᠤᠯᠢᠭ ᠢᠶᠠᠷ ᠳᠡᠯᠭᠡᠨ ᠦᠵᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠰᠠᠨᠠᠭ᠎ᠠ ᠪᠠ ᠰᠣᠶᠣᠯ ᠤᠨ ᠬᠡᠷᠡᠭᠴᠡᠭᠡ ᠶᠢ ᠬᠠᠩᠭᠠᠨ᠎ᠠ᠃ 
 
ᠢᠷᠡᠯᠲᠡ᠄ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号