ᠴᠢᠨ ᠶᠠᠨ᠄ ᠳᠤᠮᠳᠠᠳᠤ ᠶᠢᠨ ᠰᠣᠶᠣᠯ ᠤᠨ ᠰᠤᠳᠠᠰᠤ ᠶᠢ ᠦᠷᠭᠦᠯᠵᠢᠯᠡᠭᠦᠯᠦᠨ ᠤᠮᠠᠷᠠᠲᠤ ᠶᠢᠨ ᠰᠣᠶᠣᠯ ᠢ ᠪᠠᠳᠠᠷᠠᠭᠤᠯᠵᠤ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ ᠨᠠᠷᠠᠲᠤ ᠲᠡᠮᠳᠡᠭᠲᠦ ᠶᠢ ᠬᠠᠩᠭᠢᠨᠠᠭᠤᠯᠤᠨ᠎ᠠ ︵ᠬᠤᠶᠠᠷ︶
ᠨᠡᠶᠢᠲᠡᠯᠡᠭᠰᠡᠨ ᠴᠠᠭ᠄
2023/11/23
      ᠬᠤᠶᠠᠷ ᠲᠤ᠂ ᠰᠣᠶᠣᠯ ᠢᠶᠠᠷ ᠲᠤᠯᠬᠤ ᠴᠡᠭ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠣᠶᠣᠯ ᠤᠨ ᠪᠠᠶᠢᠭᠤᠯᠤᠯᠲᠠ ᠶᠢ ᠤᠬᠠᠮᠰᠠᠷ ᠠᠴᠠ ᠪᠠᠨ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠬᠤ ᠶᠡᠭᠡ ᠲᠠᠯ᠎ᠠ ᠶᠡᠭᠡ ᠬᠠᠨᠳᠤᠰᠢ ᠶᠢᠨ ᠳᠤᠮᠳᠠ  ᠪᠤᠳᠤᠯᠬᠢᠯᠠᠨ ᠲᠦᠯᠬᠢᠨ ᠠᠬᠢᠭᠤᠯᠵᠤ᠂  ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠬᠠᠷᠢᠯᠴᠠᠨ ᠵᠣᠬᠢᠴᠠᠯᠳᠤᠬᠤ ᠶᠢ ᠪᠠᠷᠢᠮᠲᠠᠯᠠᠵᠤ᠂ ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ ᠲᠦᠯᠬᠢᠨ ᠠᠬᠢᠭᠤᠯᠬᠤ ᠰᠣᠶᠣᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠣᠳᠣ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠬᠦᠯᠬᠦ  ᠶᠢᠨ ᠲᠤᠭᠤᠷᠢᠨ  ᠳᠤ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠣᠶᠣᠯ ᠤᠨ ᠬᠦᠷᠢᠶᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠤ ᠦᠢᠯᠡᠰ ᠤᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ᠂ ᠤᠯᠠᠭᠠᠨ ᠲᠢᠶᠠᠲᠷ ᠤᠷᠠᠨ ᠰᠠᠶᠢᠬᠠᠨ ᠤ ᠲᠤᠭᠯᠠᠯᠲᠠ ᠶᠢᠨ ᠺᠣᠮᠫᠠᠨᠢ ᠪᠠᠷ ᠵᠢᠯᠣᠭᠤᠳᠤᠯᠭ᠎ᠠ ᠪᠣᠯᠭᠠᠵᠤ᠂ ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠰᠣᠶᠣᠯ ᠤᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ᠂ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠣᠶᠣᠯ  ᠤᠨ ᠠᠵᠤ ᠦᠢᠯᠡᠰ ᠬᠢᠭᠡᠳ ᠪᠤᠰᠤᠳ ᠠᠵᠤ ᠦᠢᠯᠡᠰ  ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠢ᠂ ᠬᠤᠳᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠲᠥᠷᠥᠯ ᠤᠨ ᠰᠣᠶᠣᠯ  ᠤᠨ ᠠᠵᠤ ᠦᠢᠯᠡᠰ ᠤᠨ ᠴᠢᠳᠠᠪᠬᠢ ᠶᠢ ᠳᠠᠬᠦᠯᠳᠡᠷᠵᠢᠬᠦᠯᠬᠦ ᠶᠢ ᠲᠦᠯᠬᠢᠨ ᠠᠬᠢᠭᠤᠯᠵᠤ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠬᠡᠨ ᠤ ᠲᠥᠪᠯᠡᠷᠡᠭᠰᠡᠨ ᠣᠷᠣᠨ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠬᠤᠪᠢ ᠪᠠᠷ ᠢᠶᠠᠨ ᠲᠡᠷᠭᠡ ᠵᠢᠯᠤᠭᠤᠳᠬᠤ ᠪᠠᠭᠤᠴᠠ᠂  ᠴᠠᠨᠠᠯᠠᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠢ ᠪᠤᠢ ᠪᠣᠯᠭᠠᠵᠤ᠂ ᠰᠣᠶᠣᠯ ᠢᠶᠠᠷ ᠵᠢᠭᠤᠯᠴᠢᠯᠠᠯ  ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠢᠭᠤᠯᠴᠢᠯᠠᠯ  ᠢᠶᠠᠷ ᠰᠣᠶᠣᠯ ᠢ ᠤᠯᠠᠮᠵᠢᠯᠠᠨ ᠳᠡᠯᠭᠡᠷᠡᠭᠦᠯᠬᠦ ᠶᠢ ᠠᠬᠢᠭᠤᠯᠤᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠠᠲᠤᠨ ᠭᠤᠣᠯ ᠳᠠᠭᠠᠤ ᠶᠢᠨ ᠰᠣᠶᠣᠯ ᠤᠨ ᠠᠵᠤ ᠦᠢᠯᠡᠰ ᠤᠨ ᠪᠦᠰᠡ  ᠶᠢ ᠪᠦᠲᠦᠭᠡᠨ ᠪᠠᠶᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠣᠷᠳᠣ ᠴᠠᠭᠠᠨ ᠬᠡᠷᠡᠮ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠯᠤᠰ ᠤᠨ ᠰᠣᠶᠣᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ᠂ ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠬᠤ ᠶᠢ ᠳᠡᠮᠵᠢᠵᠦ᠂ ᠣᠷᠣᠨ ᠪᠦᠰᠡ ᠶᠢᠨ  ᠰᠤᠶᠤᠯ  ᠤᠨ ᠠᠵᠤ ᠦᠢᠯᠡᠰ  ᠤᠨ ᠬᠥᠭᠵᠢᠯᠲᠡ ᠶᠢ ᠬᠠᠮᠤᠷᠤᠨ᠎ᠠ᠃ ᠡᠯ᠎ᠡ ᠭᠠᠵᠠᠷ ᠤᠷᠤᠨ ᠤ ᠥᠪᠡᠷᠮᠢᠴᠡ ᠣᠨᠴᠠᠯᠢᠭ ᠲᠠᠢ ᠰᠣᠶᠣᠯ ᠤᠨ ᠭᠧᠨ ᠢ ᠠᠭᠤᠳᠠᠯᠵᠤ᠂ ᠥᠪᠥᠷ ᠮᠣᠩᠭᠤᠯ ᠤᠨ ᠦᠨᠦᠷ ᠠᠮᠲᠠ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠂ ᠥᠪᠥᠷ ᠮᠣᠩᠭᠤᠯ ᠤᠨ ᠬᠤᠪᠴᠠᠰᠤ ᠵᠠᠰᠠᠯ᠂ ᠥᠪᠥᠷ ᠮᠣᠩᠭᠤᠯ ᠤᠨ ᠰᠣᠶᠣᠯ ᠤᠨ ᠪᠥᠲᠦᠭᠡᠭᠳᠡᠬᠦᠨ ᠵᠡᠷᠭᠡ ᠰᠣᠶᠣᠯ ᠵᠢᠭᠤᠯᠴᠢᠯᠠᠯ ᠤᠨ ᠰᠢᠷᠢᠰ ᠲᠠᠸᠠᠷ ᠢ ᠭᠠᠷᠭᠠᠵᠤ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ︽ᠪᠢ ᠲᠠᠯ᠎ᠠ ᠨᠤᠲᠤᠭ ᠠᠴᠠ ᠢᠷᠡᠭᠰᠡᠨ︾  ᠵᠡᠷᠭᠡ ᠰᠣᠶᠣᠯ ᠤᠨ ᠨᠠᠷᠠᠲᠤ ᠲᠡᠮᠳᠡᠭᠲᠦ ᠶᠢ ᠡᠭᠦᠳᠬᠦ ᠶᠢ ᠰᠠᠶᠢᠲᠤᠷ ᠬᠢᠵᠦ᠂ ᠤᠮᠠᠷᠠᠲᠤ ᠬᠢᠯᠢ ᠶᠢᠨ ᠰᠣᠶᠣᠯ ᠢ ᠬᠥᠭᠵᠢᠭᠦᠯᠦᠨ ᠮᠠᠨᠳᠤᠭᠤᠯᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃      ᠭᠤᠷᠪᠠ ᠳᠤ᠂ ᠰᠣᠶᠣᠯ ᠢᠶᠠᠷ ᠪᠠᠲᠤᠯᠠᠭ᠎ᠠ ᠪᠣᠯᠭᠠᠵᠤ᠂ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠦᠨ᠎ᠡ᠃ ︽ᠠᠷᠠᠳ ᠲᠦᠮᠡᠨ ᠢᠶᠠᠷ ᠭᠤᠣᠯ ᠪᠣᠯᠭᠠᠬᠤ︾ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ ᠴᠢᠩᠭᠠᠳᠬᠠᠬᠤ ᠶᠢ ᠬᠠᠷᠢᠯᠴᠠᠨ ᠨᠢᠭᠡᠳᠦᠭᠦᠯᠬᠦ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠠᠷᠠᠳ ᠤᠯᠠᠨ ᠤ ᠤᠶᠤᠨ ᠰᠠᠨᠠᠭ᠎ᠠ  ᠪᠠ ᠰᠣᠶᠣᠯ ᠤᠨ ᠬᠡᠷᠡᠭᠴᠡᠭᠡ ᠶᠢᠨ ᠰᠢᠨ᠎ᠡ ᠣᠨᠴᠠᠯᠢᠭ᠂ ᠰᠢᠨ᠎ᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠨᠡᠩ ᠤᠯᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ᠂ ᠰᠣᠶᠣᠯ ᠤᠨ ᠪᠦᠲᠦᠭᠡᠭᠳᠡᠬᠦᠨ ᠢ ᠡᠭᠦᠳᠦᠨ ᠪᠦᠲᠦᠭᠡᠨ᠎ᠡ᠃ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ︽ᠤᠮᠠᠷᠠᠲᠤ ᠶᠢᠨ ᠰᠣᠶᠣᠯ︾ ᠢ ᠡᠯ᠎ᠡ ᠱᠠᠲᠤᠨ ᠤ ᠬᠦᠷᠢᠶᠡᠯᠡᠩ ᠪᠦᠯᠬᠦᠮ᠂ ᠤᠯᠠᠭᠠᠨᠮᠥ᠋ᠴᠢᠷ ᠤᠨ ᠭᠤᠣᠯ ᠰᠡᠳᠦᠪᠲᠦ ᠵᠣᠬᠢᠶᠠᠨ ᠪᠦᠲᠦᠭᠡᠯᠭᠡ᠂ ᠤᠷᠠᠯᠢᠭ ᠤᠨ ᠬᠠᠪᠰᠤᠷᠤᠨ ᠵᠢᠯᠣᠭᠤᠳᠤᠯᠭ᠎ᠠ᠂ ᠰᠣᠯᠢᠯᠴᠠᠭ᠎ᠠ ᠰᠤᠷᠤᠯᠴᠠᠯᠭ᠎ᠠ ᠳᠤ ᠠᠭᠤᠰᠤᠯᠴᠠᠭᠤᠯᠤᠨ᠂ ᠥᠪᠥᠷ ᠮᠣᠩᠭᠤᠯ ᠤᠨ ᠬᠥᠳᠡᠭᠡ ᠲᠣᠰᠬᠤᠨ ᠤ ︽ ᠬᠦᠳᠡᠭᠡ ᠲᠣᠰᠬᠤᠨ ᠤ ᠦᠳᠡᠰᠢᠯᠡᠭᠡ︾᠂  ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠵᠡᠷᠭᠡ ᠣᠯᠠᠨ ᠲᠦᠮᠡᠨ ᠤ ᠰᠣᠶᠣᠯ ᠤᠨ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠰᠠᠶᠢᠲᠤᠷ ᠡᠷᠭᠢᠯᠡᠵᠦ ᠂ ᠣᠯᠠᠨ ᠲᠦᠮᠡᠨ ᠤ ᠣᠶᠤᠨ ᠤ ᠪᠠ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠬᠠᠩᠭᠠᠨ᠎ᠠ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠰᠣᠳᠣᠨ ᠲᠣᠭᠯᠠᠯᠲᠠ᠂ ᠰᠣᠶᠣᠯ ᠤᠨ ᠪᠥᠲᠦᠭᠡᠭᠳᠡᠬᠦᠨ ᠪᠠ ᠪᠤᠳᠠᠰ ᠤᠨ ᠪᠤᠰᠤ ᠰᠣᠶᠣᠯ ᠤᠨ ᠥᠪ ᠤᠨ ᠡᠭᠦᠳᠦᠯᠲᠡ ᠶᠢ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠠᠷᠠᠳ ᠤᠨ ᠵᠦᠴᠦᠭᠡ ᠶᠢᠨ ᠲᠠᠯᠠᠪᠠᠢ︾ ᠶᠢ ᠢᠳᠡᠪᠬᠢᠲᠡᠢ ᠪᠠᠷ ᠪᠤᠢ ᠪᠣᠯᠭᠠᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂  ᠠᠷᠤ ᠲᠠᠪᠰᠠᠭ  ᠤᠨ ᠠᠵᠤ ᠠᠬᠤᠢ᠂ ᠵᠠᠬ᠎ᠠ ᠳᠡᠯᠭᠡᠭᠦᠷ ᠤᠨ ᠴᠤᠭᠯᠠᠭᠠᠨ ᠤ ᠠᠵᠤ ᠠᠬᠤᠢ ᠵᠡᠷᠭᠡ ᠪᠠᠷ ︽ᠰᠦᠯᠵᠢᠶᠡᠨ ᠤ ᠬᠠᠯᠠᠮᠰᠢᠮᠠᠯ︾  ᠰᠤᠳᠤᠨ ᠪᠣᠳᠠᠰ ᠪᠠ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠪᠤᠢ ᠪᠣᠯᠭᠠᠵᠤ᠂ ᠤᠯᠠᠨ ᠲᠦᠮᠡᠨ ᠳᠤ ᠨᠡᠩ ᠲᠡᠭᠦᠯᠳᠡᠷ᠂ ᠨᠡᠩ ᠪᠠᠶᠠᠯᠢᠭ᠂ ᠨᠡᠩ ᠴᠢᠨᠠᠷ ᠰᠠᠶᠢᠲᠠᠢ ᠤᠶᠤᠨ ᠤ ᠪᠠ ᠰᠣᠶᠣᠯ ᠤᠨ ᠠᠮᠢᠳᠤᠷᠠᠯ ᠢ ᠡᠳ᠋ᠯᠡᠭᠦᠯᠬᠦ ᠪᠠᠷ ᠴᠢᠷᠮᠠᠶᠢᠨ᠎ᠠ᠃ ᠦᠢᠯᠡᠴᠢᠯᠡᠭᠡᠨ ᠤ ᠰᠠᠭᠤᠷᠢ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ  ᠶᠢ ᠴᠢᠩᠭᠠᠳᠬᠠᠵᠤ᠂ ᠤᠯᠠᠨ ᠨᠡᠶᠢᠳᠡ ᠶᠢᠨ ᠨᠣᠮ  ᠤᠨ ᠰᠠᠩ᠂ ᠰᠣᠶᠣᠯ  ᠤᠨ ᠣᠷᠳᠣᠨ ᠤ ᠶᠡᠷᠦᠩᠬᠡᠢ ᠬᠤᠪᠢᠶᠠᠷᠢ ᠣᠷᠳᠣᠨ ᠤ ᠳᠦᠷᠢᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠰᠢᠭᠤ ᠰᠢᠶᠠᠨ  ᠤ ᠤᠯᠠᠨ ᠨᠡᠶᠢᠳᠡ ᠶᠢᠨ ᠨᠣᠮ ᠤᠨ ᠰᠠᠩ᠂ ᠰᠣᠶᠣᠯ ᠤᠨ ᠣᠷᠳᠣᠨ  ᠢ ᠪᠠᠷᠢᠮᠵᠢᠶ᠎ᠠ  ᠳᠤ ᠬᠦᠷᠭᠡᠬᠦ ᠪᠦᠲᠦᠭᠡᠨ ᠪᠠᠶᠢᠭᠤᠯᠤᠯᠲᠠ  ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠦᠵᠡᠰᠬᠦᠯᠡᠩ ᠤᠨ ᠣᠷᠳᠣᠨ᠂ ᠮᠦᠽᠧᠢ᠂ ᠬᠤᠪᠢᠰᠬᠠᠯᠲᠤ ᠵᠢᠭᠤᠯᠴᠢᠯᠠᠯ ᠤᠨ ᠦᠵᠡᠮᠵᠢ  ᠶᠢᠨ ᠣᠷᠣᠨ ᠵᠡᠷᠭᠡ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠭᠦᠢᠴᠡᠳ  ᠠᠰᠢᠭᠯᠠᠵᠤ᠂ ᠲᠠᠷᠢᠶᠠᠯᠠᠬᠤ ᠮᠠᠯᠵᠢᠬᠤ ᠣᠷᠣᠨ ᠤ ᠤᠯᠠᠨ ᠨᠡᠶᠢᠳᠡ ᠶᠢᠨ ᠰᠣᠶᠣᠯ  ᠤᠨ ᠦᠢᠯᠡᠴᠢᠯᠡᠭᠡᠨ ᠤ ᠶᠡᠷᠦᠩᠬᠡᠢ  ᠬᠡᠮᠵᠢᠶᠡᠨ  ᠤ ᠬᠠᠩᠭᠠᠯᠭ᠎ᠠ ᠶᠢ ᠬᠦᠴᠦᠯᠡᠨ ᠨᠡᠮᠡᠭᠳᠡᠭᠦᠯᠵᠦ᠂ ᠬᠤᠳᠠ ᠬᠥᠳᠡᠭᠡ ᠶᠢᠨ ᠤᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠢ ᠲᠡᠩᠴᠡᠭᠦᠷᠢᠰᠢᠭᠦᠯᠬᠦ ᠪᠠ ᠨᠢᠭᠡ ᠴᠣᠭᠴᠠᠵᠢᠭᠤᠯᠤᠨ ᠬᠥᠭᠵᠢᠭᠦᠯᠬᠦ  ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠦᠢᠯᠡᠴᠢᠯᠡᠭᠡᠨ ᠤ ᠵᠠᠭᠪᠤᠷ   ᠢ ᠰᠢᠨᠡᠴᠢᠯᠡᠵᠦ᠂ ᠰᠢᠨ᠎ᠡ ᠶᠢ ᠡᠭᠦᠳᠬᠦ ᠣᠶᠢᠯᠠᠭᠠᠭᠳᠠᠬᠤᠨ ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠠᠬᠢᠭᠤᠯᠵᠤ᠂ ︽ᠳᠣᠣᠷ᠎ᠠ ᠠᠴᠠ ᠳᠡᠭᠡᠭᠰᠢ᠂ ᠬᠡᠷᠡᠭᠴᠡᠭᠡ ᠪᠠᠷ ᠬᠠᠩᠭᠠᠯᠭ᠎ᠠ ᠶᠢ ᠲᠣᠭᠲᠠᠭᠠᠬᠤ︾ ᠲᠣᠪᠶᠤᠭ ᠤᠨ ᠬᠡᠯᠪᠡᠷᠢ ᠶᠢᠨ ᠦᠢᠯᠡᠴᠢᠯᠡᠭᠡ ᠶᠢ ᠢᠳᠡᠪᠬᠢᠲᠡᠢ ᠥᠷᠨᠢᠭᠦᠯᠵᠦ᠂  ᠲᠤᠭᠠᠵᠢᠭᠤᠯᠤᠭᠰᠠᠨ ᠦᠢᠯᠡᠴᠢᠯᠡᠭᠡ᠂ ᠨᠡᠭᠦᠳᠡᠯ ᠦᠢᠯᠡᠴᠢᠯᠡᠭᠡ᠂ ᠣᠨᠴᠠᠯᠢᠭᠲᠤ ᠦᠢᠯᠡᠴᠢᠯᠡᠭᠡ ᠵᠡᠷᠭᠡ ᠰᠢᠨ᠎ᠡ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠰᠣᠶᠣᠯ ᠤᠨ ᠬᠠᠩᠭᠠᠯᠭ᠎ᠠ ᠶᠢᠨ ︽ᠪᠠᠶᠢᠬᠤ ᠡᠰᠡᠬᠦ᠂ ᠬᠦᠷᠦᠯᠴᠡᠬᠦ ᠡᠰᠡᠬᠦ︾ ᠠᠰᠠᠭᠤᠳᠠᠯ ᠢ ᠰᠢᠢᠳᠪᠦᠷᠢᠯᠡᠭᠰᠡᠨ ᠰᠠᠭᠤᠷᠢᠨ ᠳᠡᠭᠡᠷ᠎ᠡ ︽ᠰᠠᠶᠢᠨ ᠡᠰᠡᠬᠦ᠂ ᠨᠠᠷᠢᠯᠢᠭ ᠡᠰᠡᠬᠦ︾ ᠠᠰᠠᠭᠤᠳᠠᠯ ᠢ ᠰᠢᠢᠳᠪᠦᠷᠢᠯᠡᠬᠦ ᠲᠡᠶᠢᠰᠢ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠠᠷᠠᠳ ᠤᠯᠠᠨ ᠤ ᠰᠣᠶᠣᠯ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号