︽ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠵᠢᠷᠤᠮᠵᠢᠯ︾ ᠤᠨ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2023/11/23
     ᠲᠦᠷᠦᠭᠦᠬᠡᠨ᠂ ᠰᠣᠶᠣᠯ ᠪᠠ ᠵᠢᠭᠤᠯᠴᠢᠯᠠᠯ ᠤᠨ ᠶᠠᠮᠤᠨ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠬᠦᠷᠢᠶᠡᠨ  ᠳᠤ ᠬᠢ ᠠᠵᠢᠯ ᠲᠥᠷᠥᠯ ᠤᠨ ᠪᠠᠷᠢᠮᠵᠢᠶ᠎ᠠ ︽ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠵᠢᠷᠤᠮᠵᠢᠯ︾ ︵ᠳᠣᠷᠣᠭᠰᠢ ︽ᠵᠢᠷᠤᠮᠵᠢᠯ︾ ᠭᠡᠵᠦ ᠲᠣᠪᠴᠢᠯᠠᠨ᠎ᠠ︶ ᠢ ᠵᠥᠪᠰᠢᠶᠡᠷᠡᠨ ᠨᠡᠶᠢᠲᠡᠯᠡᠵᠦ ᠂ 2023 ᠣᠨ ᠤ 12 ᠳ᠋ᠤᠭᠠᠷ ᠰᠠᠷ᠎ᠠ ᠶᠢᠨ 9 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠨᠢᠭᠡ᠂  ︽ᠵᠢᠷᠤᠮᠵᠢᠯ︾ ᠢ ᠨᠡᠶᠢᠲᠡᠯᠡᠭᠰᠡᠨ ᠠᠬᠤᠶ ᠪᠠᠶᠢᠳᠠᠯ      ᠰᠦᠯᠵᠢᠶᠡᠨ ᠤ ᠮᠡᠳᠡᠭᠡ ᠵᠠᠩᠭᠢ ᠶᠢᠨ ᠮᠡᠷᠭᠡᠵᠢᠯ ᠢ ᠲᠦᠭᠡᠮᠡᠯᠵᠢᠭᠦᠯᠦᠨ ᠬᠡᠷᠡᠭᠯᠡᠬᠦ ᠶᠢ ᠳᠠᠭᠠᠯᠳᠤᠨ᠂ ᠡᠯᠧᠺᠲᠷᠣᠨ  ᠤ ᠠᠷᠭ᠎ᠠ ᠮᠠᠶ᠋ᠢᠭ ᠢᠶᠠᠷ ᠵᠢᠭᠤᠯᠴᠢᠯᠠᠯ ᠤᠨ ᠭᠡᠷ᠎ᠡ ᠳᠤ ᠭᠠᠷ ᠤᠨ ᠥᠰᠥᠭ ᠵᠢᠷᠤᠬᠤ ᠨᠢ ᠨᠢᠭᠡᠨᠲᠡ ᠵᠢᠭᠤᠯᠴᠢᠯᠠᠯ ᠤᠨ ᠠᠵᠤ ᠠᠬᠤᠶᠢᠯᠠᠯ ᠪᠠ ᠵᠢᠭᠤᠯᠴᠢᠯᠠᠭᠴᠢ ᠶᠢᠨ ᠭᠤᠤᠯ ᠰᠣᠩᠭᠤᠯᠲᠠ ᠪᠣᠯᠪᠠ᠃ ᠵᠢᠭᠤᠯᠴᠢᠯᠠᠯ ᠤᠨ ᠡᠯᠧᠺᠲᠷᠣᠨ ᠭᠡᠷ᠎ᠡ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠬᠤ ᠪᠠ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠴᠢᠬᠤᠯᠠ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠬᠠᠤᠯᠢ ᠶᠣᠰᠣᠴᠢ ᠴᠢᠨᠠᠷ᠂ ᠳᠥᠭᠦᠮ ᠳᠥᠲᠡ ᠴᠢᠨᠠᠷ᠂ ᠥᠨᠳᠥᠷ ᠪᠦᠲᠦᠮᠵᠢᠲᠡᠶ ᠴᠢᠨᠠᠷ ᠤᠨ ᠳᠠᠪᠠᠭᠤᠯᠢᠭ ᠨᠢ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠵᠠᠬ᠎ᠠ ᠳᠡᠯᠭᠡᠭᠦᠷ ᠤᠨ ᠡᠮᠬᠢ ᠵᠢᠷᠤᠮ ᠪᠠ ᠵᠢᠭᠤᠯᠴᠢᠯᠠᠭᠴᠢ ᠶᠢᠨ ᠡᠷᠬᠡ ᠠᠰᠢᠭ ᠲᠠᠢ ᠨᠢᠭᠲᠠ ᠬᠤᠯᠪᠣᠭ᠎ᠠ ᠪᠠᠶᠢᠳᠠᠭ ᠶᠤᠮ᠃ ᠣᠶᠢᠷ᠎ᠠ ᠶᠢᠨ ᠵᠢᠯ ᠤᠳ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠡᠯᠧᠺᠲᠷᠣᠨ ᠭᠡᠷ᠎ᠡ ᠶᠢᠨ ᠬᠡᠷᠡᠭᠯᠡᠯᠲᠡ ᠳᠡᠯᠭᠡᠷᠡᠭᠦᠯᠦᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠲᠤᠬᠠᠶ ᠰᠠᠨᠠᠯ︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠠᠷᠬᠠᠭᠠᠭᠰᠠᠨ ︹2022︺30 ᠳ᠋ᠤᠭᠠᠷ ᠲᠣᠭᠠᠲᠤ︶ ᠳᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ᠂ ᠡᠯᠧᠺᠲᠷᠣᠨ ᠭᠡᠷ᠎ᠡ᠂ ᠡᠯᠧᠺᠲᠷᠣᠨ ᠥᠰᠥᠭ ᠲᠠᠮᠠᠭ᠎ᠠ ᠵᠡᠷᠭᠡ ᠶᠢᠨ ᠬᠡᠷᠡᠭᠯᠡᠯᠲᠡ ᠶᠢ ᠳᠡᠯᠭᠡᠷᠡᠭᠦᠯᠦᠨ ᠥᠷᠭᠡᠳᠬᠡᠨ᠎ᠡ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ᠂ ︽︿ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ﹀ ᠶᠢᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︵ᠲᠥᠷᠥ ᠶᠢᠨ ᠶᠠᠪᠤᠳᠠᠯ ᠤᠨ ᠬᠤᠷᠢᠶ᠎ᠠ ᠲᠠᠷᠬᠠᠭᠠᠭᠰᠠᠨ ︹2021︺32 ᠳ᠋ᠤᠭᠠᠷ ᠲᠣᠭᠠᠲᠤ︶ ᠳᠤ᠂ ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠬᠦ ᠠᠵᠢᠯ ᠢ ᠴᠢᠩᠭᠠᠳᠬᠠᠵᠤ᠂ ᠵᠢᠭᠤᠯᠴᠢᠯᠠᠯ ᠤᠨ ᠲᠤᠭ᠎ᠠ ᠪᠠᠷᠢᠮᠲᠠ ᠶᠢ ᠵᠢᠷᠤᠮᠵᠢᠭᠤᠯᠬᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠳᠥᠯᠭᠢᠨ ᠠᠬᠢᠭᠤᠯᠤᠨ᠎ᠠ ᠭᠡᠵᠦ ᠳᠤᠷᠠᠳᠴᠠᠢ᠃       ᠦᠢᠯᠡᠳᠦᠯᠭᠡᠵᠢᠭᠦᠯᠦᠨ ᠬᠡᠷᠡᠭᠯᠡᠬᠦ ᠳᠤ ᠪᠠᠨ᠂ ᠠᠵᠢᠯ ᠲᠥᠷᠥᠯ ᠤᠨ ᠳᠣᠲᠣᠷᠠᠬᠢ ᠰᠦᠯᠵᠢᠶᠡᠨ ᠳᠡᠭᠡᠷᠡᠬᠢ ᠡᠯᠧᠺᠲᠷᠣᠨ ᠭᠡᠷ᠎ᠡ ᠶᠢᠨ ᠲᠠᠪᠴᠠᠩ ᠤᠨ ᠠᠵᠤ ᠠᠬᠤᠶᠢᠯᠠᠯ ᠤᠳ ᠨᠢᠭᠡᠨᠲᠡ ᠵᠠᠯᠭᠠᠭ᠎ᠠ ᠪᠠᠷ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠳᠤ ᠬᠢ ᠬᠠᠶᠢᠨ ᠰᠥᠪᠡᠭᠴᠢᠯᠡᠯᠲᠡ ᠶᠢ ᠥᠷᠨᠢᠭᠦᠯᠵᠦ ᠂ ᠬᠡᠰᠡᠭ ᠬᠤᠭᠤᠴᠠᠭᠠᠨ ᠳᠤ ᠵᠢᠭᠤᠯᠴᠢᠯᠠᠯ ᠤᠨ ᠠᠵᠢᠯ ᠲᠥᠷᠥᠯ ᠤᠨ ᠵᠢᠷᠤᠮᠵᠢᠭᠰᠠᠨ ᠡᠵᠡᠩᠨᠡᠯᠲᠡ ᠪᠠ ᠦᠢᠯᠡᠴᠢᠯᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠬᠥᠲᠥᠯᠥᠨ ᠵᠢᠯᠣᠭᠤᠳᠬᠤ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ ᠪᠣᠯᠪᠠᠴᠤ ᠡᠯ᠎ᠡ ᠭᠠᠵᠠᠷ ᠣᠷᠣᠨ᠂ ᠡᠯ᠎ᠡ ᠠᠵᠤ ᠠᠬᠤᠶᠢᠯᠠᠯ ᠤᠨ ᠪᠠᠷᠢᠮᠵᠢᠶ᠎ᠠ᠂ ᠵᠢᠷᠤᠮᠵᠢᠯ᠂ ᠠᠭᠤᠯᠭ᠎ᠠ ᠂ ᠴᠢᠳᠠᠮᠵᠢ ᠨᠢ ᠠᠳᠠᠯᠢ ᠥᠬᠡᠶ ᠰᠢᠯᠲᠠᠭᠠᠨ ᠠᠴᠠ ᠪᠣᠯᠵᠣ᠂ ᠲᠤᠭ᠎ᠠ ᠪᠠᠷᠢᠮᠲᠠ ᠶᠢ ᠵᠣᠯᠭᠠᠭᠤᠯᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠴᠤᠭᠯᠠᠭᠤᠯᠤᠨ ᠬᠠᠮᠢᠶᠠᠷᠬᠤ ᠵᠡᠷᠭᠡ ᠡᠯ᠎ᠡ ᠲᠠᠯ᠎ᠠ ᠪᠠᠷ ᠡᠯᠧᠺᠲᠷᠣᠨ ᠭᠡᠷ᠎ᠡ ᠶᠢᠨ ᠳᠠᠪᠠᠭᠤᠯᠢᠭ ᠬᠦᠴᠦᠨ ᠴᠢᠳᠠᠪᠤᠷᠢ ᠶᠢ ᠪᠠᠳᠠᠷᠠᠭᠤᠯᠵᠤ ᠡᠰᠡ ᠴᠢᠳᠠᠬᠤ ᠶᠢᠨ ᠤᠯᠠᠮ ᠢᠶᠠᠷ ᠵᠠᠬ᠎ᠠ ᠳᠡᠯᠭᠡᠭᠦᠷ ᠤᠨ ᠬᠦᠷᠢᠶᠡᠨ ᠳᠤ ᠬᠠᠮᠤᠷᠬᠤ ᠬᠡᠪᠴᠢᠶ᠎ᠡ ᠪᠠ ᠨᠥᠯᠥᠭᠡᠯᠡᠬᠦ ᠬᠦᠴᠦᠨ ᠢᠶᠠᠷ ᠳᠤᠲᠠᠮᠠᠭ ᠪᠣᠯᠵᠠᠢ᠃ ᠠᠵᠢᠯ ᠲᠥᠷᠥᠯ ᠤᠨ ᠬᠥᠭᠵᠢᠯᠲᠡ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠯᠳᠤᠭᠰᠠᠨ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠪᠠᠷᠢᠮᠵᠢᠶ᠎ᠠ ᠶᠢ ᠨᠢᠭᠡᠳᠬᠡᠨ ᠵᠢᠷᠤᠮᠵᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ  ᠤ ᠡᠯᠧᠺᠲᠷᠣᠨ ᠭᠡᠷ᠎ᠡ ᠶᠢ ᠳᠡᠯᠭᠡᠷᠡᠭᠦᠯᠬᠦ ᠲᠤᠬᠠᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ  ᠤᠨ ᠴᠢᠬᠤᠯᠠ ᠭᠠᠷᠳᠠᠴᠠ ᠮᠥᠨ᠂ ᠪᠠᠰᠠ ᠴᠤ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠨᠳᠦᠰᠦᠨ ᠤᠷᠢᠲᠠᠯ ᠮᠥᠨ᠃ ᠡᠭᠦᠨ ᠤ ᠲᠤᠯᠠᠳᠠ᠂ ᠰᠣᠶᠣᠯ ᠪᠠ ᠵᠢᠭᠤᠯᠴᠢᠯᠠᠯ ᠤᠨ ᠶᠠᠮᠤᠨ ︽ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠵᠢᠷᠤᠮᠵᠢᠯ︾ ᠢ ᠰᠤᠳᠤᠯᠬᠤ ᠪᠠ ᠲᠤᠭᠤᠷᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠭᠤᠯᠴᠢᠯᠠᠯ ᠤᠨ ᠠᠵᠢᠯ ᠲᠦᠷᠦᠯ ᠤᠨ ᠡᠯᠧᠺᠲᠷᠣᠨ ᠭᠡᠷ᠎ᠡ ᠶᠢᠨ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠪᠡ᠃      ᠬᠤᠶᠠᠷ᠂ ︽ᠵᠢᠷᠤᠮᠵᠢᠯ︾ ᠤᠨ ᠭᠤᠤᠯ ᠠᠭᠤᠯᠭ᠎ᠠ      ᠵᠢᠷᠤᠮᠵᠢᠯ ᠨᠢ ᠰᠢᠨᠵᠢᠯᠡᠬᠦ ᠤᠬᠠᠭᠠᠨᠴᠢ ᠴᠢᠨᠠᠷ᠂ ᠪᠥᠬᠦ ᠲᠠᠯᠠᠲᠤ ᠴᠢᠨᠠᠷ ᠪᠠ ᠵᠢᠷᠤᠮᠵᠢᠯᠳᠤ ᠴᠢᠨᠠᠷ ᠤᠨ ᠵᠠᠷᠴᠢᠮ ᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠵᠡᠩᠨᠡᠯᠲᠡ ᠶᠢᠨ ᠭᠤᠤᠯ ᠴᠣᠭᠴᠠ᠂ ᠠᠵᠢᠯᠯᠠᠭᠰᠠᠳ᠂ ᠵᠢᠭᠤᠯᠴᠢᠯᠠᠭᠴᠢ ᠵᠡᠷᠭᠡ ᠣᠯᠠᠨ ᠲᠠᠯ᠎ᠠ ᠶᠢᠨ ᠬᠡᠷᠡᠭᠯᠡᠭᠡᠨ ᠤ ᠬᠡᠷᠡᠭᠴᠡᠭᠡ ᠶᠢ ᠭᠦᠢᠴᠡᠳ ᠲᠤᠯᠭᠠᠭᠤᠷᠢᠯᠠᠨ᠂ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠬᠡᠷᠡᠭᠯᠡᠬᠦ ᠬᠡᠪᠴᠢᠶ᠎ᠡ᠂ ᠦᠨᠳᠦᠰᠦᠨ ᠬᠦᠴᠦᠨ ᠵᠦᠢᠯ᠂ ᠠᠵᠢᠯᠯᠠᠭᠤᠯᠬᠤ ᠵᠢᠷᠤᠮᠵᠢᠯ᠂ ᠠᠴᠢᠶᠠᠯᠠᠪᠤᠷᠢ ᠶᠢᠨ ᠱᠠᠭᠠᠷᠳᠠᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠢᠷᠤᠮᠵᠢᠭᠤᠯᠬᠤ ᠪᠠ ᠨᠢᠭᠡᠳᠬᠡᠨ᠎ᠡ᠃ ᠭᠤᠤᠯ ᠠᠭᠤᠯᠭ᠎ᠠ ᠨᠢ ᠳᠣᠤᠷᠠᠬᠢ ᠮᠡᠲᠦ᠄      ᠨᠢᠭᠡ ᠳᠤ᠂ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠬᠡᠷᠡᠭᠯᠡᠬᠦ ᠬᠡᠪᠴᠢᠶ᠎ᠡ ᠵᠢᠴᠢ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠲᠤᠬᠠᠶᠢᠯᠠᠪᠠᠯ᠂ ᠵᠢᠭᠤᠯᠴᠢᠯᠠᠯ ᠤᠨ ᠠᠵᠢᠯᠯᠠᠭᠠᠨ ᠤ ᠳᠤᠮᠳᠠ᠂ ᠬᠠᠤᠯᠢ ᠶᠣᠰᠣᠨ ᠤ ᠬᠢᠷᠢ ᠬᠡᠮ ᠲᠠᠢ ᠵᠢᠭᠤᠯᠴᠢᠯᠠᠯ ᠤᠨ ᠡᠵᠡᠩᠨᠡᠭᠴᠢ ᠬᠠᠤᠯᠢ ᠪᠠᠷ ᠲᠣᠭᠲᠠᠭᠠᠭᠰᠠᠨ ᠡᠵᠡᠩᠨᠡᠯᠲᠡ ᠶᠢᠨ ᠬᠡᠪᠴᠢᠶᠡᠨ ᠳᠤ ᠵᠢᠭᠤᠯᠴᠢᠯᠠᠭᠴᠢ ᠪᠤᠶᠤ ᠲᠡᠭᠦᠨ ᠤ ᠣᠷᠣᠯᠠᠭᠴᠢ ᠲᠠᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠪᠠᠷ ᠠᠴᠢᠶᠠᠯᠠᠪᠤᠷᠢ ᠪᠣᠯᠭᠠᠵᠤ᠂ ᠡᠯᠧᠺᠲᠷᠣᠨ ᠮᠡᠳᠡᠭᠡ ᠬᠤᠯᠪᠣᠭᠠᠨ ᠤ ᠠᠷᠭ᠎ᠠ ᠪᠠᠷᠢᠯ ᠢᠶᠠᠷ ᠳᠠᠮᠵᠢᠭᠤᠯᠤᠨ᠂ ᠢᠷᠭᠡᠨ ᠤ ᠬᠡᠷᠡᠭ ᠤᠨ ᠡᠷᠬᠡ ᠡᠭᠦᠷᠭᠡ ᠶᠢᠨ ᠬᠠᠷᠢᠴᠠᠭ᠎ᠠ ᠶᠢ ᠪᠠᠶᠢᠭᠤᠯᠬᠤ᠂ ᠬᠤᠪᠢᠷᠠᠭᠤᠯᠬᠤ᠂ ᠳᠠᠭᠤᠰᠬᠠᠬᠤ ᠬᠡᠯᠡᠯᠴᠡᠭᠡᠷ ᠢ ᠲᠣᠭᠲᠠᠭᠠᠨ᠎ᠠ᠃ ᠵᠢᠭᠤᠯᠴᠢᠯᠠᠯ ᠤᠨ ᠡᠯᠧᠺᠲᠷᠣᠨ ᠭᠡᠷ᠎ᠡ ᠨᠢ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠣᠭᠲᠠᠭᠠᠭᠰᠠᠨ ᠬᠠᠮᠤᠭ ᠤᠨ ᠰᠢᠨ᠎ᠡ ᠬᠡᠪᠯᠡᠯ ᠤᠨ ᠵᠢᠭᠤᠯᠴᠢᠯᠠᠯ ᠤᠨ ᠭᠡᠷ᠎ᠡ ᠶᠢᠨ ᠦᠯᠢᠭᠡᠷ ᠪᠢᠴᠢᠭ ᠢᠶᠠᠷ ᠰᠠᠭᠤᠷᠢ ᠪᠣᠯᠭᠠᠵᠤ᠂ ᠵᠢᠭᠤᠯᠴᠢᠯᠠᠯ ᠤᠨ ᠦᠢᠯᠡᠳᠦᠯᠭᠡ ᠶᠢᠨ ᠳᠤᠮᠳᠠ ᠵᠢᠭᠤᠯᠴᠢᠯᠠᠯ ᠤᠨ ᠡᠵᠡᠩᠨᠡᠭᠴᠢ ᠰᠠᠨᠠᠭᠠᠴᠢᠯᠠᠭ᠎ᠠ ᠠᠴᠠ ᠪᠠᠨ ᠵᠢᠭᠤᠯᠴᠢᠯᠠᠭᠴᠢ ᠪᠤᠶᠤ ᠲᠡᠭᠦᠨ ᠤ ᠣᠷᠣᠯᠠᠭᠴᠢ ᠳᠤ ᠵᠢᠭᠤᠯᠴᠢᠯᠠᠯ ᠤᠨ ᠡᠯᠧᠺᠲᠷᠣᠨ ᠭᠡᠷ᠎ᠡ ᠲᠣᠭᠲᠠᠬᠤ ᠦᠢᠯᠡᠴᠢᠯᠡᠭᠡ ᠬᠠᠩᠭᠠᠨ᠎ᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号