︽ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠵᠢᠷᠤᠮᠵᠢᠯ︾ ᠤᠨ ᠲᠠᠶᠢᠯᠤᠮᠵᠢ ︵ᠬᠤᠶᠠᠷ︶
ᠨᠡᠶᠢᠲᠡᠯᠡᠭᠰᠡᠨ ᠴᠠᠭ᠄
2023/11/24
     ᠬᠤᠶᠠᠷ ᠲᠤ᠂ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠦᠨᠳᠦᠰᠦᠨ ᠡᠯᠧᠮᠧᠨ᠋ᠲ ᠢ ᠵᠠᠭᠠᠭᠯᠠᠨ ᠲᠣᠭᠲᠠᠭᠠᠨ᠎ᠠ᠃ ᠵᠠᠭᠪᠤᠷᠢᠴᠢᠯᠠᠭᠰᠠᠨ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠦᠨᠳᠦᠰᠦᠨ ᠪᠣᠷᠣ ᠲᠥᠯᠥᠪ ᠢ ᠳᠤᠷᠠᠳᠤᠨ ᠭᠠᠷᠭᠠᠵᠤ᠂ ᠭᠠᠷ ᠤᠨ ᠥᠰᠥᠭ ᠵᠢᠷᠤᠭᠰᠠᠨ ᠪᠡᠶᠡᠴᠢ ᠴᠣᠭᠴᠠ᠂ ᠪᠡᠶ᠎ᠡ ᠬᠡᠮ ᠤᠨ ᠮᠡᠳᠡᠭᠡ ᠵᠠᠩᠭᠢ᠂ ᠵᠢᠭᠤᠯᠴᠢᠯᠠᠯ ᠤᠨ ᠠᠶᠠᠯᠠᠯ᠂ ᠵᠢᠭᠤᠯᠴᠢᠯᠠᠯ ᠤᠨ ᠠᠵᠢᠯᠯᠠᠭ᠎ᠠ᠂ ᠵᠢᠭᠤᠯᠴᠢᠯᠠᠯ ᠤᠨ ᠵᠠᠷᠤᠳᠠᠯ ᠂ ᠡᠷᠬᠡ ᠡᠭᠦᠷᠭᠡ᠂ ᠬᠦᠴᠦᠨ ᠲᠠᠢ ᠪᠣᠯᠬᠤ ᠬᠤᠪᠢᠷᠠᠭᠤᠯᠤᠯᠲᠠ ᠪᠠ ᠴᠤᠴᠠᠯᠤᠯᠲᠠ ᠵᠡᠷᠭᠡ ᠲᠠᠯ᠎ᠠ ᠶᠢ ᠬᠠᠮᠤᠷᠤᠨ᠎ᠠ᠃ ᠠᠰᠲᠠᠭᠠᠨ ᠳᠤᠷᠠᠳᠤᠭᠰᠠᠨ ᠭᠠᠭᠴᠠ ᠵᠦᠢᠯ ᠤᠨ ᠵᠢᠭᠤᠯᠴᠢᠯᠠᠯ ᠤᠨ ᠦᠢᠯᠡᠴᠢᠯᠡᠭᠡ ᠳᠤ ᠰᠠᠭᠤᠷᠢᠯᠠᠨ ᠭᠠᠷ ᠤᠨ ᠥᠰᠥᠭ ᠵᠢᠷᠤᠭᠰᠠᠨ ᠵᠢᠭᠤᠯᠴᠢᠯᠠᠯ ᠤᠨ ᠡᠯᠧᠺᠲᠷᠣᠨ ᠭᠡᠷ᠎ᠡ ᠳᠤ᠂ ᠳᠡᠭᠡᠷ᠎ᠡ ᠳᠤᠷᠠᠳᠤᠭᠰᠠᠨ ᠠᠭᠤᠯᠭ᠎ᠠ ᠪᠠᠷ ᠯᠠᠪᠯᠠᠯᠲᠠ ᠪᠣᠯᠭᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠬᠢᠷᠠᠭᠤᠯᠤᠯᠲᠠ ᠬᠢᠵᠦ ᠪᠣᠯᠣᠨ᠎ᠠ᠃      ᠭᠤᠷᠪᠠ ᠳᠤ᠂ ᠵᠢᠭᠤᠯᠴᠢᠯᠠᠯ ᠤᠨ ᠡᠯᠧᠺᠲᠷᠣᠨ ᠭᠡᠷ᠎ᠡ ᠲᠣᠭᠲᠠᠬᠤ ᠵᠢᠷᠤᠮᠵᠢᠯ ᠵᠢᠴᠢ ᠠᠷᠭ᠎ᠠ ᠵᠠᠮ ᠢ ᠵᠢᠷᠤᠮᠵᠢᠭᠤᠯᠤᠨ᠎ᠠ᠃ ᠵᠢᠭᠤᠯᠴᠢᠯᠠᠯ ᠤᠨ ᠡᠯᠧᠺᠲᠷᠣᠨ ᠭᠡᠷ᠎ᠡ ᠶᠢ ᠵᠢᠭᠤᠯᠴᠢᠯᠠᠯ ᠤᠨ ᠡᠯᠧᠺᠲᠷᠣᠨ ᠭᠡᠷ᠎ᠡ ᠲᠣᠭᠲᠠᠬᠤ ᠰᠢᠰᠲ᠋ᠧᠮ ᠢᠶᠠᠷ ᠳᠠᠮᠵᠢᠭᠤᠯᠤᠨ ᠶᠠᠪᠤᠭᠳᠠᠭᠤᠯᠵᠤ᠂ ᠲᠡᠭᠦᠨ ᠤ ᠲᠦᠷᠦᠭᠦᠸ ᠨᠢᠭᠤᠷ ᠲᠤ ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠣᠶ ᠪᠣᠯᠤᠭᠰᠠᠨ ᠴᠤᠷᠢ ᠶᠢᠨ ᠭᠠᠭᠴᠠ ᠳ᠋ᠤᠭᠠᠷᠯᠠᠯ ᠢ ᠪᠠᠭᠲᠠᠭᠠᠬᠤ ᠶᠢᠨ ᠬᠠᠮᠲᠤ ᠡᠯᠧᠺᠲᠷᠣᠨ ᠭᠡᠷ᠎ᠡ ᠳᠤ ᠭᠠᠷ ᠤᠨ ᠥᠰᠥᠭ ᠵᠢᠷᠤᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠵᠡᠷᠭᠡ ᠠᠵᠢᠯᠯᠠᠭᠠᠨ ᠤ ᠵᠢᠷᠤᠮᠵᠢᠯ ᠢ ᠨᠢᠭᠡᠳᠬᠡᠨ᠎ᠡ᠃ ᠵᠢᠭᠤᠯᠴᠢᠯᠠᠯ ᠤᠨ ᠡᠯᠧᠺᠲᠷᠣᠨ ᠭᠡᠷ᠎ᠡ ᠲᠣᠭᠲᠠᠬᠤ ᠰᠢᠰᠲ᠋ᠧᠮ ᠢ ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠵᠠᠯᠭᠠᠨ ᠣᠷᠣᠭᠤᠯᠬᠤ ᠶᠢᠨ ᠬᠠᠮᠲᠤ ᠭᠡᠷ᠎ᠡ ᠶᠢ ᠴᠠᠭ ᠲᠤᠬᠠᠢ ᠳᠤ ᠨᠢ ᠳᠡᠭᠡᠭᠰᠢ ᠮᠡᠳᠡᠭᠦᠯᠦᠨ ᠳᠠᠩᠰᠠᠯᠠᠭᠤᠯᠬᠤ ᠮᠡᠷᠭᠡᠵᠢᠯ ᠤᠨ ᠲᠤᠯᠭᠠᠭᠤᠷᠢᠯᠠᠯ ᠢ ᠪᠦᠷᠢᠯᠳᠦᠭᠦᠯᠬᠦ ᠬᠡᠷᠡᠭᠲᠡᠢ᠃      ᠳᠥᠷᠪᠡ ᠳᠤ᠂ ᠡᠯᠧᠺᠲᠷᠣᠨ ᠭᠡᠷ᠎ᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠪᠠᠶᠢᠴᠠᠭᠠᠨ ᠲᠣᠳᠣᠯᠠᠬᠤ ᠪᠠ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠶᠢ ᠳᠤᠷᠠᠳᠤᠨ ᠭᠠᠷᠭᠠᠨ᠎ᠠ᠃ ᠵᠢᠭᠤᠯᠴᠢᠯᠠᠯ ᠤᠨ ᠡᠵᠡᠩᠨᠡᠭᠴᠢ᠂ ᠵᠢᠭᠤᠯᠴᠢᠯᠠᠭᠴᠢ ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠨᠢᠭᠡᠨᠲᠡ ᠭᠠᠷ ᠤᠨ ᠥᠰᠥᠭ ᠵᠢᠷᠤᠭᠰᠠᠨ ᠪᠥᠭᠡᠳ ᠳᠠᠩᠰᠠᠯᠠᠭᠤᠯᠤᠭᠰᠠᠨ ᠵᠢᠭᠤᠯᠴᠢᠯᠠᠯ ᠤᠨ ᠡᠯᠧᠺᠲᠷᠣᠨ ᠭᠡᠷ᠎ᠡ ᠶᠢ ᠪᠠᠶᠢᠴᠠᠭᠠᠨ ᠯᠠᠪᠯᠠᠵᠤ ᠰᠢᠯᠭᠠᠨ ᠨᠤᠲᠠᠯᠠᠵᠤ ᠪᠣᠯᠣᠨ᠎ᠠ᠂ ᠵᠢᠭᠤᠯᠴᠢᠯᠠᠯ ᠤᠨ ᠡᠵᠡᠩᠨᠡᠭᠴᠢ ᠵᠢᠭᠤᠯᠴᠢᠯᠠᠭᠴᠢ ᠳᠤ ᠰᠦᠯᠵᠢᠶᠡᠨ ᠥᠷᠲᠡᠭᠡ᠂ App᠂  ᠸᠢᠴᠠᠲ ᠲᠠᠪᠴᠠᠩ ᠵᠡᠷᠭᠡ ᠪᠠᠶᠢᠴᠠᠭᠠᠨ ᠯᠠᠪᠯᠠᠵᠤ ᠰᠢᠯᠭᠠᠨ ᠪᠠᠲᠤᠯᠠᠬᠤ ᠠᠷᠭ᠎ᠠ ᠵᠠᠮ ᠢ ᠬᠠᠩᠭᠠᠬᠤ ᠬᠡᠷᠡᠭᠲᠡᠢ᠃ ᠵᠢᠭᠤᠯᠴᠢᠯᠠᠯ ᠡᠵᠡᠩᠨᠡᠭᠴᠢ᠂ ᠭᠤᠷᠪᠠᠳᠠᠭᠢ ᠡᠲᠡᠭᠡᠳ ᠤᠨ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠦᠢᠯᠡᠴᠢᠯᠡᠭᠡᠨ ᠤ ᠲᠠᠪᠴᠠᠩ ᠤᠨ ᠦᠢᠯᠡᠴᠢᠯᠡᠭᠡᠨ ᠤ ᠬᠤᠳᠠᠯᠳᠤᠭᠠᠴᠢᠨ᠂ ᠵᠢᠭᠤᠯᠴᠢᠯᠠᠯ ᠤᠨ ERP ᠦᠢᠯᠡᠴᠢᠯᠡᠭᠡᠨ ᠤ ᠬᠤᠳᠠᠯᠳᠤᠭᠠᠴᠢᠨ ᠨᠢ ᠤᠯᠤᠰ ᠤᠨ ᠺᠣᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ᠂ ᠮᠡᠳᠡᠭᠡ ᠵᠠᠩᠭᠢ ᠶᠢᠨ ᠰᠦᠯᠵᠢᠶᠡᠨ ᠤ ᠠᠮᠤᠷ ᠲᠦᠪᠰᠢᠨ᠂ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠵᠡᠷᠭᠡ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠵᠢᠭᠤᠯᠴᠢᠯᠠᠯ ᠤᠨ ᠡᠯᠧᠺᠲᠷᠣᠨ ᠭᠡᠷ᠎ᠡ ᠲᠣᠭᠲᠠᠬᠤ ᠰᠢᠰᠲ᠋ᠧᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃      ᠭᠤᠷᠪᠠ᠂ ᠪᠠᠷᠢᠮᠵᠢᠶ᠎ᠠ ᠶᠢ ᠬᠡᠷᠡᠭᠵᠢᠭᠦᠯᠬᠦ ᠠᠴᠢ ᠬᠤᠯᠪᠣᠭᠳᠠᠯ      ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠤᠷᠲᠤ ᠪᠠᠶᠢᠳᠠᠭ ᠪᠠ ᠵᠢᠭᠤᠯᠴᠢᠯᠠᠯ ᠤᠨ ᠠᠵᠢᠯᠯᠠᠭ᠎ᠠ ᠶᠢᠨ ᠪᠤᠳᠤᠯᠢᠶᠠᠨᠲᠤ ᠴᠢᠨᠠᠷ ᠨᠢ ᠵᠢᠭᠤᠯᠴᠢᠯᠠᠯ ᠤᠨ ᠭᠡᠷ᠎ᠡ  ᠶᠢ ᠣᠯᠠᠨ ᠶᠠᠩᠵᠤ ᠶᠢᠨ ᠣᠨᠴᠠᠯᠢᠭ  ᠲᠠᠢ ᠪᠣᠯᠭᠠᠵᠤ᠂ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠭᠦᠯᠬᠦ ᠪᠣᠯ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠠᠭᠤᠯᠭ᠎ᠠ᠂ ᠭᠠᠷ ᠤᠨ ᠥᠰᠥᠭ ᠵᠢᠷᠤᠬᠤ ᠠᠷᠭ᠎ᠠ ᠵᠠᠮ ᠵᠢᠴᠢ ᠬᠡᠷᠡᠭᠯᠡᠭᠡᠨ ᠤ ᠵᠢᠷᠤᠮᠵᠢᠯ ᠤᠨ ᠲᠣᠭᠤᠷᠢᠨ ᠳᠤ ᠬᠢᠭᠰᠡᠨ ᠬᠤᠷᠠᠮᠳᠤᠯ ᠪᠠ ᠨᠢᠭᠡᠳᠦᠯ ᠮᠥᠨ᠂ ᠡᠨᠡ ᠨᠢ ᠵᠢᠭᠤᠯᠴᠢᠯᠠᠯ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠯᠬᠢᠨ ᠠᠬᠢᠭᠤᠯᠬᠤ᠂ ᠵᠢᠭᠤᠯᠴᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠢᠳᠡᠪᠬᠢᠲᠡᠢ ᠦᠢᠯᠡᠳᠦᠯ ᠲᠠᠢ ᠶᠤᠮ᠃      ︵ᠨᠢᠭᠡ︶ ᠵᠢᠭᠤᠯᠴᠢᠯᠠᠯ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠪᠠᠷᠢᠮᠵᠢᠶ᠎ᠠ ᠶᠢ ᠵᠢᠭᠤᠯᠴᠢᠯᠠᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠢᠯᠡᠳᠦᠯᠭᠡ ᠲᠠᠢ ᠤᠶᠠᠯᠳᠤᠭᠤᠯᠤᠨ᠂ ᠵᠢᠭᠤᠯᠴᠢᠯᠠᠯ ᠤᠨ ᠡᠯᠧᠺᠲᠷᠣᠨ ᠭᠡᠷ᠎ᠡ ᠶᠢ ᠪᠦᠲᠦᠴᠡ ᠶᠢᠨ ᠴᠢᠨᠠᠷᠲᠠᠢ ᠪᠠᠷ ᠨᠢᠭᠡᠳᠬᠡᠬᠦ ᠪᠠ ᠰᠢᠯᠢᠳᠡᠭᠵᠢᠭᠦᠯᠦᠨ ᠲᠣᠬᠢᠷᠠᠭᠤᠯᠵᠤ᠂ ᠵᠢᠭᠤᠯᠴᠢᠯᠠᠯ ᠤᠨ ᠡᠵᠡᠩᠨᠡᠯᠲᠡ ᠶᠢᠨ ᠭᠤᠣᠯᠳᠠᠯᠭ᠎ᠠ ᠶᠢ ᠪᠤᠳᠤᠯᠢᠶᠠᠨᠲᠠᠢ ᠡᠯᠧᠺᠲᠷᠣᠨ ᠭᠡᠷ᠎ᠡ ᠶᠢᠨ ᠬᠠᠮᠢᠶᠠᠷᠤᠯᠲᠠ   ᠠᠴᠠ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ  ᠲᠡᠶᠢᠰᠢ ᠰᠢᠯᠵᠢᠭᠦᠯᠵᠦ᠂ ᠵᠢᠭᠤᠯᠴᠢᠯᠠᠯ ᠤᠨ ᠦᠢᠯᠡᠳᠬᠦᠨ ᠤ ᠰᠢᠨ᠎ᠡ ᠶᠢ ᠡᠭᠦᠳᠬᠦ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠠᠨ ᠪᠣᠯᠭᠠᠨ᠎ᠠ᠃ ᠵᠢᠭᠤᠯᠴᠢᠯᠠᠯ ᠤᠨ ᠡᠯᠧᠺᠲᠷᠣᠨ ᠭᠡᠷ᠎ᠡ ᠶᠢ ᠳᠡᠯᠭᠡᠷᠡᠭᠦᠯᠦᠨ ᠬᠡᠷᠡᠭᠯᠡᠵᠦ᠂ ᠵᠢᠭᠤᠯᠴᠢᠯᠠᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠴᠠᠭᠠᠰᠤ ᠬᠡᠷᠡᠭᠯᠡᠬᠦ ᠦᠭᠡᠢ᠂ ᠲᠣᠭᠠᠵᠢᠭᠤᠯᠤᠭᠰᠠᠨ ᠡᠵᠡᠩᠨᠡᠯᠲᠡ ᠶᠢᠨ ᠬᠡᠯᠪᠡᠷᠢ ᠪᠤᠯᠭᠠᠨ ᠬᠤᠪᠢᠷᠠᠭᠤᠯᠬᠤ ᠶᠢ ᠲᠦᠷᠭᠡᠳᠬᠡᠨ᠂ ᠦᠢᠯᠡᠴᠢᠯᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠵᠢᠭᠤᠯᠴᠢᠯᠠᠯ ᠤᠨ ᠠᠵᠢᠯ ᠲᠥᠷᠥᠯ ᠤᠨ ᠪᠦᠬᠦᠯᠢ ᠴᠣᠭᠴᠠ ᠶᠢᠨ ᠴᠢᠨᠠᠷᠲᠠᠢ ᠪᠠᠷ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃      ︵ᠬᠤᠶᠠᠷ︶ ᠵᠢᠭᠤᠯᠴᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠪᠠᠷᠢᠮᠵᠢᠶ᠎ᠠ ᠳᠤ ᠲᠣᠳᠣᠷᠬᠠᠢ ᠳᠤᠷᠠᠳᠤᠭᠰᠠᠨ ᠨᠢ᠂ ᠵᠢᠭᠤᠯᠴᠢᠯᠠᠯ ᠤᠨ ᠡᠵᠡᠩᠨᠡᠭᠴᠢ ᠶᠢᠨ ᠲᠣᠭᠲᠠᠭᠠᠭᠰᠠᠨ ᠵᠢᠭᠤᠯᠴᠢᠯᠠᠯ ᠤᠨ ᠡᠯᠧᠺᠲᠷᠣᠨ ᠭᠡᠷ᠎ᠡ ᠶᠢ ᠴᠠᠭ ᠲᠤᠬᠠᠢ ᠳᠤ ᠨᠢ ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠳᠠᠮᠵᠢᠭᠤᠯᠬᠤ ᠬᠡᠷᠡᠭᠲᠡᠢ᠃ ᠵᠢᠭᠤᠯᠴᠢᠯᠠᠯ ᠤᠨ ᠵᠢᠭᠤᠷᠠᠯᠳᠤᠭᠠᠨ ᠤ ᠵᠠᠭᠠᠯᠳᠤᠯᠭ᠎ᠠ ᠪᠠ ᠭᠡᠨᠡᠳᠲᠡ ᠶᠢᠨ ᠬᠡᠷᠡᠭ ᠡᠭᠦᠰᠪᠡᠯ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠪᠠᠶᠢᠴᠠᠭᠠᠨ ᠬᠠᠷᠭᠤᠭᠤᠯᠵᠤ᠂ ᠡᠷᠬᠡ ᠪᠠᠨ ᠬᠠᠮᠠᠭᠠᠯᠠᠬᠤ ᠭᠤᠮᠣᠳᠠᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ  ᠵᠢᠭᠤᠯᠴᠢᠯᠠᠭᠴᠢ ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠨᠢᠭᠡᠨᠲᠡ ᠭᠠᠷ ᠤᠨ ᠥᠰᠥᠭ ᠵᠢᠷᠤᠭᠰᠠᠨ ᠪᠥᠭᠡᠳ ᠳᠠᠩᠰᠠᠯᠠᠭᠤᠯᠤᠭᠰᠠᠨ ᠵᠢᠭᠤᠯᠴᠢᠯᠠᠯ ᠤᠨ ᠡᠯᠧᠺᠲᠷᠣᠨ ᠭᠡᠷ᠎ᠡ ᠶᠢ ᠪᠠᠶᠢᠴᠠᠭᠠᠨ ᠯᠠᠪᠯᠠᠵᠤ ᠰᠢᠯᠭᠠᠨ ᠨᠤᠲᠠᠯᠠᠵᠤ᠂ ︽ᠬᠠᠷ᠎ᠠ ᠵᠢᠭᠤᠯᠴᠢᠯᠠᠯ ᠤᠨ ᠭᠠᠵᠠᠷ︾ ︽ᠬᠠᠷ᠎ᠠ ᠵᠢᠭᠤᠯᠴᠢᠯᠠᠯ ᠤᠨ ᠬᠥᠲᠥᠴᠢ︾ ᠶᠢ ᠤᠯᠠᠮ ᠨᠢᠭᠡ ᠠᠯᠬᠤᠮ ᠢᠯᠭᠠᠨ ᠲᠣᠳᠣᠯᠠᠵᠤ᠂ ᠵᠢᠭᠤᠯᠴᠢᠯᠠᠯ ᠤᠨ ᠲᠦᠭᠰᠢᠭᠦᠷᠢ ᠶᠢ ᠪᠠᠭᠠᠰᠬᠠᠵᠤ ᠪᠣᠯᠣᠨ᠎ᠠ᠃      ︵ᠭᠤᠷᠪᠠ︶ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠬᠢᠭᠡᠳ ᠠᠮᠤᠷ ᠲᠦᠪᠰᠢᠨ ᠢ ᠬᠠᠮᠠᠭᠠᠯᠠᠨ᠎ᠠ᠃ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠬᠦ ᠨᠢ ᠵᠢᠭᠤᠯᠴᠢᠯᠠᠯ ᠤᠨ ᠡᠯᠧᠺᠲᠷᠣᠨ ᠭᠡᠷ᠎ᠡ ᠶᠢᠨ ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠥᠷᠨᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ᠂ ᠠᠶᠤᠯᠭᠦᠢ ᠦᠢᠯᠡᠳᠪᠦᠷᠢᠯᠡᠯ ᠢ ᠪᠠᠲᠤᠯᠠᠬᠤ ᠵᠡᠷᠭᠡ ᠲᠠᠯ᠎ᠠ ᠶᠢᠨ ᠬᠡᠷᠡᠭᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠦᠷᠭᠦᠯᠵᠢᠯᠡᠨ ᠰᠢᠯᠢᠳᠡᠭᠵᠢᠭᠦᠯᠬᠦ ᠪᠣᠯᠣᠨ᠎ᠠ᠃ ᠵᠢᠭᠤᠯᠴᠢᠯᠠᠯ ᠤᠨ ᠭᠡᠨᠡᠳᠲᠡ ᠶᠢᠨ ᠬᠡᠷᠡᠭ ᠤᠨ ᠡᠮᠦᠨ᠎ᠡ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠢᠰᠲ᠋ᠧᠮ ᠢᠶᠠᠷ ᠳᠠᠮᠵᠢᠭᠤᠯᠤᠨ ᠵᠢᠭᠤᠯᠴᠢᠯᠠᠯ ᠤᠨ ᠡᠯᠧᠺᠲᠷᠣᠨ ᠭᠡᠷ᠎ᠡ ᠶᠢ ᠰᠢᠯᠵᠢᠭᠦᠯᠦᠨ ᠠᠪᠴᠢᠷᠠᠵᠤ ᠦᠵᠡᠵᠦ᠂ ᠠᠶᠠᠯᠠᠯ ᠤᠨ ᠮᠥᠷᠳᠡᠯᠲᠡ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠮᠥᠷᠳᠡᠨ ᠬᠠᠮᠢᠶᠠᠷᠬᠤ ᠶᠢ ᠬᠠᠮᠤᠭ ᠤᠨ ᠲᠡᠷᠢᠭᠦᠨ ᠳᠤ ᠥᠷᠨᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号