| | 11 ᠰᠠᠷ᠎ᠠ ᠶᠢᠨ 4 ᠤ ᠡᠳᠦᠷ᠂ ︽ᠬᠠᠮᠢᠶᠠᠷᠤᠯᠲᠠ ᠶᠢᠨ ᠰᠢᠨ᠎ᠡ ᠶᠢ ᠡᠭᠦᠳᠴᠦ ᠳᠡᠰ ᠳᠡᠪᠰᠢᠭᠦᠯᠵᠦ | ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ | ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ | ᠬᠥᠬᠡᠬᠤᠲᠠ ᠳᠤ ᠡᠬᠢᠯᠡᠪᠡ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ ᠣᠷᠣᠯᠴᠠᠵᠠᠢ᠃ | ᠪᠠᠷᠢᠯᠭ᠎ᠠ ᠶᠢᠨ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠲᠤᠯᠭᠠᠭᠤᠷᠢ ᠠᠵᠤ ᠦᠢᠯᠡᠰ ᠪᠣᠯᠣᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ | ᠬᠥᠭᠵᠢᠯᠲᠡ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠦᠢᠯᠡᠳᠬᠦᠨ ᠤ ᠶᠡᠷᠦᠩᠬᠡᠢ ᠥᠷᠲᠡᠭ ᠨᠡᠶᠢᠲᠡ 1. | 46 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠦ᠂ ᠵᠢᠯ ᠳᠤᠮᠳᠠᠴᠢ ᠶᠢᠨ GDP ᠳᠠᠬᠢ ᠡᠵᠡᠯᠡᠬᠦ ᠬᠤᠪᠢ ᠶᠢᠨ | ᠵᠢᠩ 7% ᠣᠷᠴᠢᠮ ᠪᠠᠶᠢᠬᠤ ᠶᠢ ᠪᠠᠲᠤᠯᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠳᠠᠭᠠᠭᠤᠯᠤᠭᠴᠢ | ᠠᠵᠤ ᠠᠬᠤᠶᠢᠯᠠᠯ ᠢ ᠨᠡᠶᠢᠲᠡᠯᠡᠬᠦ ᠶᠣᠰᠣᠯᠠᠯ ᠶᠠᠪᠤᠭᠤᠯᠵᠤ᠂ ᠰᠢᠩ ᠲᠠᠢ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ | ᠵᠡᠷᠭᠡ 64 ᠳᠠᠭᠠᠭᠤᠯᠤᠭᠴᠢ ᠠᠵᠤ ᠠᠬᠤᠶᠢᠯᠠᠯ ᠳᠤ ᠫᠠᠶᠢᠰᠠ ᠣᠯᠭᠤᠪᠠ᠃ ᠥᠪᠥᠷ ᠮᠣᠩᠭᠤᠯ ᠤᠨ ᠪᠠᠷᠢᠯᠭ᠎ᠠ ᠶᠢᠨ | ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠨᠡᠶᠢᠲᠡᠯᠡᠪᠡ᠃ | |