2023 ᠣᠨ ᠤ ᠤᠯᠠᠭᠠᠨᠴᠠᠪ ᠤᠨ ︽ᠮᠥᠰᠥ ᠴᠠᠰᠤᠨ ᠤ ᠡᠨᠡᠭᠰᠢᠯ︾  ᠪᠡᠶ᠎ᠡ ᠶᠢᠨ ᠲᠠᠮᠢᠷ ᠤᠨ ᠤᠯᠠᠷᠢᠯ ᠵᠢᠩᠬᠢᠨᠢ ᠡᠬᠢᠯᠡᠪᠡ
ᠨᠡᠶᠢᠲᠡᠯᠡᠭᠰᠡᠨ ᠴᠠᠭ᠄
2023/12/1
     12 ᠳ᠋ᠤᠭᠠᠷ ᠰᠠᠷ᠎ᠠ ᠶᠢᠨ 8 ᠤ ᠡᠳᠦᠷ᠂ ᠪᠠᠷᠠᠭᠤᠨᠰᠢ ᠨᠢᠭᠡ ᠠᠯᠬᠤᠵᠤ ᠴᠠᠰᠤᠨ ᠳᠤ ᠴᠠᠨᠠᠯᠠᠬᠤ ᠪᠠᠷ ᠶᠠᠪᠤᠶ᠎ᠠ᠂ 2023 ᠣᠨ ᠤ ᠤᠯᠠᠭᠠᠨᠴᠠᠪ ᠤᠨ ︽ᠮᠥᠰᠥ ᠴᠠᠰᠤᠨ ᠤ ᠡᠨᠡᠭᠰᠢᠯ︾ ᠪᠡᠶ᠎ᠡ ᠶᠢᠨ ᠲᠠᠮᠢᠷ ᠤᠨ ᠴᠤᠭᠯᠠᠭᠠᠨ ᠵᠢᠨᠢᠩ ᠲᠣᠭᠤᠷᠢᠭ ᠤᠨ ᠳ᠋ᠠ ᠾᠧ ᠸᠠᠨ ᠤ ᠴᠠᠰᠤᠨ ᠳᠤ  ᠴᠠᠨᠠᠯᠠᠬᠤ ᠲᠠᠯᠠᠪᠠᠶ ᠳᠤ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠢᠦᠢ ᡁᠢ ᠭᠦᠸᠧ ᠵᠢᠴᠢ ᠤᠯᠠᠭᠠᠨᠴᠠᠪ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠠᠷᠢᠭᠤᠴᠠᠯᠭᠠᠲᠠᠳ ᠠᠵᠢᠯᠯᠠᠭ᠎ᠠ ᠳᠤ ᠣᠷᠣᠯᠴᠠᠵᠠᠢ᠃      ᠲᠣᠰ ᠤᠳᠠᠭᠠᠨ ᠤ ᠠᠵᠢᠯᠯᠠᠭ᠎ᠠ ᠶᠢ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠣᠯᠯᠠᠨ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠵᠢᠯᠴᠠᠨ ᠡᠷᠭᠢᠯᠡᠪᠡ᠃ ᠡᠭᠦᠨ ᠤ ᠵᠣᠷᠢᠯᠭ᠎ᠠ ᠨᠢ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠥᠷᠭᠡᠳᠬᠡᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ︽︿ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨ ᠤ ᠮᠥᠰᠥ ᠴᠠᠰᠤᠨ ᠤ ᠤᠯᠠᠷᠢᠯ﹀ ᠤᠨ ᠬᠤᠭᠤᠴᠠᠭᠠᠨ ᠳᠤ ᠣᠯᠠᠨ ᠲᠦᠮᠡᠨ ᠤ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠳᠥᠭᠦᠮ ᠳᠥᠲᠡ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ︽ᠪᠡᠶ᠎ᠡ ᠶᠢᠨ ᠲᠠᠮᠢᠷ + ᠵᠢᠭᠤᠯᠴᠢᠯᠠᠯ︾ ᠤᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠠᠳᠬᠤᠨ᠂ ᠪᠥᠬᠦ ᠬᠤᠲᠠ ᠶᠢᠨ ︽ᠵᠣᠨ ᠬᠠᠯᠠᠭᠤᠨ ᠡᠪᠦᠯ ᠬᠦᠢᠲᠡᠨ︾ ᠤ ᠬᠢᠵᠠᠭᠠᠷᠯᠠᠯ ᠢ ᠰᠢᠪᠲᠤᠯᠵᠤ᠂ ᠤᠯᠠᠭᠠᠨᠴᠠᠪ ᠬᠤᠲᠠ ᠶᠢᠨ ᠡᠪᠦᠯ ᠤᠨ ᠤᠯᠠᠷᠢᠯ ᠤᠨ ︽ᠬᠦᠢᠲᠡᠨ ᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠨ ᠬᠤᠪᠢᠷᠠᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠨ᠂ ᠪᠥᠬᠦ ᠬᠤᠲᠠ ᠶᠢᠨ ᠳᠥᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ᠂ ᠣᠷᠣᠨ ᠰᠠᠭᠤᠴᠠ ᠪᠠ ᠵᠢᠭᠤᠯᠴᠢᠯᠠᠯ ᠢ ᠬᠠᠮᠲᠤ ᠪᠠᠷ ᠡᠳ᠋ᠯᠡᠬᠦ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠠᠷᠠᠯᠲᠠᠲᠤ ᠬᠤᠲᠠ ᠶᠢ ᠪᠣᠶ ᠪᠣᠯᠭᠠᠨ᠎ᠠ᠃      ᠠᠵᠢᠯᠯᠠᠭ᠎ᠠ ᠶᠢᠨ ᠠᠬᠤᠢ ᠲᠠᠯᠠᠪᠠᠶ ᠳᠤ᠂ ᠥᠪᠥᠷ ᠮᠣᠩᠭᠤᠯ ᠤᠨ ᠴᠠᠰᠤᠨ ᠳᠡᠭᠡᠷᠡᠬᠢ ᠤᠷᠤᠯᠳᠤᠭᠠᠨ ᠤ ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠠᠴᠠ ᠤᠯᠠᠭᠠᠨᠴᠠᠪ ᠬᠤᠲᠠ ᠶᠢᠨ ᠳ᠋ᠠ ᠾᠧ ᠸᠠᠨ ᠤ ᠴᠠᠰᠤᠨ ᠳᠤ ᠴᠠᠨᠠᠯᠠᠬᠤ ᠲᠠᠯᠠᠪᠠᠶ᠂ ᠴᠠᠬᠠᠨ ᠶᠢᠩ ᠤᠨ ᠴᠠᠰᠤᠨ ᠳᠤ ᠴᠠᠨᠠᠯᠠᠬᠤ ᠲᠠᠯᠠᠪᠠᠶ᠂ ᠯᠢᠶᠡᠩᠴᠧᠩ ᠬᠤᠲᠠ ᠶᠢᠨ ᠣᠯᠠᠨ ᠤᠯᠤᠰ ᠤᠨ ᠴᠠᠰᠤᠨ ᠳᠤ ᠴᠠᠨᠠᠯᠠᠬᠤ ᠲᠠᠯᠠᠪᠠᠶ ᠶᠢᠨ ︽ᠳᠡᠳ᠋ ᠳᠠᠷᠤᠭ᠎ᠠ ᠶᠢᠨ  ᠨᠢᠭᠡᠴᠢ︾ ᠶᠢᠨ ᠫᠠᠶᠢᠰᠠ ᠶᠢ ᠣᠯᠭᠤᠪᠠ᠃ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠳ᠋ᠠᠲ᠋ᠦ᠋ᠩ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠴᠢᠭᠤᠯᠤᠯᠲᠤ ᠬᠠᠭᠠᠯᠭ᠎ᠠ ᠬᠤᠲᠠ ᠶᠢᠨ ᠰᠣᠶᠣᠯ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ ᠲᠠᠢ ︽ᠤᠯᠠᠭᠠᠨᠴᠠᠪ ᠳ᠋ᠠᠲ᠋ᠦ᠋ᠩ ᠴᠢᠭᠤᠯᠤᠯᠲᠤ︾ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠵᠤ᠂ ᠤᠯᠠᠭᠠᠨ ᠮᠸᠢ ᠵᠢᠭᠤᠯᠴᠢᠯᠠᠯ ᠤᠨ ᠪᠦᠯᠦᠭᠯᠡᠯ ᠬᠢᠭᠡᠳ ᠯᠥᠸᠧ ᠺᠧ ᠺᠧ       ︵LKK︶ ᠰᠢᠨ᠎ᠡ ᠶᠢ ᠡᠭᠦᠳᠬᠦ ᠵᠢᠷᠤᠭ ᠲᠥᠯᠥᠪᠯᠡᠭᠡ ᠶᠢᠨ ᠪᠦᠯᠦᠭᠯᠡᠯ ︵ᠪᠡᠭᠡᠵᠢᠩ︶ ᠪᠥᠬᠦ ᠬᠤᠲᠠ ᠶᠢᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠤᠯᠠᠭᠠᠨᠴᠠᠪ ᠤᠨ ᠶᠸᠦ ᠴᠢ ᡁᠢ ᠯᠢᠦᠢ ᠺᠯᠦ᠋ᠪ ᠬᠢᠭᠡᠳ ᠪᠡᠭᠡᠵᠢᠩ ᠤᠨ ᠴᠧ ᠶᠸᠦ ᠰᠢᠶᠧ ᠾᠦᠢ ᠨᠡᠶᠢᠭᠡᠮᠯᠢᠭ ᠵᠡᠷᠭᠡ ᠬᠠᠮᠲᠤ ᠪᠠᠷ ᠮᠥᠰᠥ ᠴᠠᠰᠤᠨ ᠤ ᠦᠪᠡᠰᠦᠪᠡᠨ ᠮᠠᠰᠢᠨ ᠵᠢᠯᠤᠭᠤᠳᠬᠤ ᠰᠣᠳᠣᠨ ᠵᠠᠮ ᠱᠤᠭᠤᠮ ᠤᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃      ︽ᠮᠥᠰᠥ ᠴᠠᠰᠤᠨ ᠤ ᠡᠨᠡᠭᠰᠢᠯ︾ ᠪᠡᠶ᠎ᠡ ᠶᠢᠨ ᠲᠠᠮᠢᠷ ᠤᠨ ᠤᠯᠠᠷᠢᠯ 2023 ᠣᠨ ᠤ 12 ᠳ᠋ᠤᠭᠠᠷ ᠰᠠᠷ᠎ᠠ ᠶᠢᠨ 8 ᠤ ᠡᠳᠦᠷ ᠠᠴᠠ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ ᠦᠷᠭᠦᠯᠵᠢᠯᠡᠨ᠎ᠡ᠃ ᠯᠢᠶᠡᠩᠴᠧᠩ ᠬᠤᠲᠠ ᠶᠢᠨ ᠣᠯᠠᠨ ᠤᠯᠤᠰ ᠤᠨ ᠴᠠᠰᠤᠨ ᠳᠤ ᠴᠠᠨᠠᠯᠠᠬᠤ ᠲᠠᠯᠠᠪᠠᠶ᠂ ᠳ᠋ᠠ ᠾᠧ ᠸᠠᠨ ᠤ ᠴᠠᠰᠤᠨ ᠳᠤ ᠴᠠᠨᠠᠯᠠᠬᠤ ᠲᠠᠯᠠᠪᠠᠶ᠂ ᠴᠠ ᠬᠠᠨ ᠶᠢᠩ ᠴᠠᠰᠤᠨ ᠳᠤ ᠴᠠᠨᠠᠯᠠᠬᠤ ᠲᠠᠯᠠᠪᠠᠶ᠂ ᠤᠯᠠᠭᠠᠨᠴᠠᠪ ᠬᠤᠲᠠ ᠶᠢᠨ ᠴᠠᠰᠤᠨ ᠳᠤ ᠴᠠᠨᠠᠯᠠᠬᠤ ᠣᠷᠳᠣᠨ᠂ ᠤᠯᠠᠭᠠᠨᠴᠠᠪ ᠬᠤᠲᠠ ᠶᠢᠨ ᠴᠠᠰᠤᠨ ᠳᠤ ᠴᠠᠨᠠᠯᠠᠬᠤ ᠲᠠᠯᠠᠪᠠᠶ᠂ ᠤᠯᠠᠭᠠᠨᠴᠠᠪ ᠤᠨ ᠰᠥᠨᠢ ᠶᠢᠨ ᠴᠠᠰᠤᠨ ᠳᠤ ᠴᠠᠨᠠᠯᠠᠬᠤ ᠲᠠᠯᠠᠪᠠᠶ ᠵᠡᠷᠭᠡ ᠡᠬᠢ ᠪᠠᠶᠠᠯᠢᠭ ᠲᠤ ᠲᠦᠰᠢᠭᠯᠡᠨ᠂ ᠣᠷᠣᠨ ᠪᠦᠰᠡ ᠶᠢᠨ ᠣᠨᠴᠠᠯᠢᠭ ᠲᠠᠢ᠂ ᠰᠣᠨᠢᠷᠬᠠᠯᠲᠤ ᠴᠢᠨᠠᠷ ᠢᠶᠠᠷ ᠴᠢᠩᠭ᠎ᠠ᠂ ᠣᠷᠣᠯᠴᠠᠬᠤ ᠴᠢᠨᠠᠷ ᠢᠶᠠᠷ ᠴᠢᠩᠭ᠎ᠠ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠭᠢᠯᠡᠬᠦ ᠪᠠᠷ ᠳᠠᠮᠵᠢᠭᠤᠯᠤᠨ᠂ ᠦᠷᠢᠰᠦᠯᠳᠦᠭᠡᠨᠲᠦ ᠴᠢᠨᠠᠷᠲᠠᠢ ᠪᠠ ᠬᠠᠮᠲᠤᠯᠢᠭ ᠴᠢᠨᠠᠷᠲᠠᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠤ᠂ ᠬᠤᠲᠠ ᠶᠢᠨ ᠠᠷᠠᠳ ᠤᠨ ᠠᠮᠢᠳᠤᠷᠠᠯ ᠢ ᠪᠠᠶᠠᠯᠢᠭᠵᠢᠭᠤᠯᠤᠨ᠂ ᠨᠡᠶᠢᠭᠡᠮ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠮᠥᠰᠥ ᠴᠠᠰᠤᠨ ᠤ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠢᠶᠠᠷ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃      2023 ᠣᠨ ᠤ ᠤᠯᠠᠭᠠᠨᠴᠠᠪ ᠤᠨ ︽ᠮᠥᠰᠥ ᠴᠠᠰᠤᠨ ᠤ ᠡᠨᠡᠭᠰᠢᠯ︾ ᠪᠡᠶ᠎ᠡ ᠶᠢᠨ ᠲᠠᠮᠢᠷ ᠤᠨ ᠤᠷᠤᠯᠳᠤᠭᠠᠨ ᠤ ᠤᠯᠠᠷᠢᠯ ᠢ ᠠᠮᠵᠢᠯᠲᠠ ᠲᠠᠢ ᠡᠷᠭᠢᠯᠡᠵᠦ᠂ ᠵᠢᠭᠤᠯᠴᠢᠯᠠᠭᠴᠢᠳ ᠲᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠷᠭᠢᠯᠤᠮ᠎ᠠ ᠰᠡᠳᠬᠢᠯᠭᠡ ᠪᠠ ᠷᠢᠳᠢ ᠰᠢᠳᠢ ᠶᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠤᠯᠠᠭᠠᠨᠴᠠᠪ ᠤᠨ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠦᠵᠡᠮᠵᠢ ᠶᠢ ᠳᠡᠯᠭᠡᠨ ᠦᠵᠡᠭᠦᠯᠵᠦ᠂ ᠵᠢᠭᠤᠯᠴᠢᠯᠠᠭᠴᠢᠳ ᠤᠨ ᠤᠯᠠᠭᠠᠨᠴᠠᠪ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠵᠦ᠂ ᠰᠣᠶᠣᠯ ᠤᠨ  ᠵᠢᠭᠤᠯᠴᠢᠯᠠᠯ ᠤᠨ ᠠᠵᠢᠯᠯᠠᠭ᠎ᠠ ᠶᠢᠨ ᠰᠢᠨ᠎ᠡ ᠡᠬᠢᠯᠡᠯᠲᠡ ᠶᠢᠨ ᠴᠡᠭ ᠢ ᠪᠦᠷᠢᠯᠳᠦᠭᠦᠯᠵᠦ᠂ ᠤᠯᠠᠭᠠᠨᠴᠠᠪ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠯᠳᠠᠷᠰᠢᠯ ᠢ ᠳᠡᠭᠡᠭᠰᠢᠯᠡᠭᠦᠯᠵᠦ᠂ ᠰᠣᠶᠣᠯ ᠤᠨ ᠵᠢᠭᠤᠯᠴᠢᠯᠠᠯ ᠤᠨ ᠰᠢᠨ᠎ᠡ IP ᠶᠢ ᠡᠭᠦᠳᠴᠦ᠂ ᠡᠪᠦᠯ ᠤᠨ ᠤᠯᠠᠷᠢᠯ ᠤᠨ  ᠵᠢᠭᠤᠯᠴᠢᠯᠠᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠶᠢᠴᠢᠯᠠᠵᠠᠢ᠃
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号