ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ︽ᠰᠣᠶᠣᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ ᠲᠡᠮᠳᠡᠭ ᠢ ᠬᠡᠷᠡᠭᠵᠢᠭᠦᠯᠬᠦ ᠲᠤᠬᠠᠢ ᠰᠣᠶᠣᠯ ᠪᠠ ᠵᠢᠭᠤᠯᠴᠢᠯᠠᠯ ᠤᠨ ᠠᠯᠪᠠᠨ | ᠲᠢᠩᠬᠢᠮ ᠤᠨ ᠮᠡᠳᠡᠭᠳᠡᠯ︾ ︵ᠠᠯᠪᠠᠨ ᠵᠠᠬ᠎ᠠ ᠳᠡᠯᠭᠡᠭᠦᠷ ᠲᠠᠷᠬᠠᠭᠠᠭᠰᠠᠨ ﹇2023﹈ 14 ᠳ᠋ᠣᠭᠡᠷ ᠲᠣᠭᠠᠲᠤ᠂ | ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ︽ᠮᠡᠳᠡᠭᠳᠡᠯ︾ ᠤᠨ | ᠠᠬᠤᠢ ᠪᠠᠶᠢᠳᠠᠯ ᠤᠨ ᠦᠨᠳᠦᠰᠦᠯᠡᠯ᠂ ᠭᠤᠣᠯ ᠠᠭᠤᠯᠭ᠎ᠠ᠂ ᠴᠢᠬᠤᠯᠠ ᠠᠴᠢ ᠬᠤᠯᠪᠣᠭᠳᠠᠯ ᠤᠨ ᠲᠤᠬᠠᠢ ᠳᠣᠣᠷᠠᠬᠢ | ᠮᠡᠲᠦ ᠲᠠᠶᠢᠯᠤᠮᠵᠢ ᠬᠢᠶ᠎ᠠ᠄ | ᠨᠢᠭᠡ᠂ ᠠᠬᠤᠢ ᠪᠠᠶᠢᠳᠠᠯ ᠤᠨ ᠦᠨᠳᠦᠰᠦᠯᠡᠯ | ᠣᠶᠢᠷ᠎ᠠ ᠶᠢᠨ ᠵᠢᠯ ᠤᠳ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠡᠯᠧᠺᠲᠷᠣᠨ | ᠭᠡᠷᠡᠴᠢ ᠲᠡᠮᠳᠡᠭ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2016 ᠣᠨ ᠤ ︽︿ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ﹀ ᠶᠢᠨ ᠠᠵᠢᠯ ᠢ ᠲᠦᠷᠭᠡᠳᠬᠡᠨ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ ﹇2016﹈ 55 | ᠳ᠋ᠤᠭᠠᠷ ᠲᠣᠭᠠᠲᠤ︶ ᠳᠤ ᠠᠩᠬ᠎ᠠ ᠤᠳᠠᠭ᠎ᠠ ︽ᠡᠯᠧᠺᠲᠷᠣᠨ ᠭᠡᠷᠡᠴᠢ ᠲᠡᠮᠳᠡᠭ᠂ ᠡᠯᠧᠺᠲᠷᠣᠨ ᠠᠯᠪᠠᠨ ᠪᠢᠴᠢᠭ᠂ | ᠡᠯᠧᠺᠲᠷᠣᠨ ᠭᠠᠷ ᠤᠨ ᠥᠰᠥᠭ ᠲᠠᠮᠠᠭ᠎ᠠ ᠵᠡᠷᠭᠡ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠳᠤ ᠬᠡᠷᠡᠭᠯᠡᠬᠦ ᠶᠢ | ᠢᠳᠡᠪᠬᠢᠲᠡᠢ ᠠᠬᠢᠭᠤᠯᠤᠨ᠎ᠠ︾ ᠭᠡᠵᠦ ᠳᠤᠷᠠᠳᠤᠭᠰᠠᠨ ᠠᠴᠠ ᠡᠬᠢᠯᠡᠨ᠂ ᠡᠯᠧᠺᠲᠷᠣᠨ ᠭᠡᠷᠡᠴᠢ ᠲᠡᠮᠳᠡᠭ ᠤᠨ ᠬᠠᠮᠢᠶ᠎ᠠ | ᠪᠦᠬᠦᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠪᠠᠶᠢᠷᠢᠯᠠᠭᠤᠯᠵᠤ ᠲᠦᠯᠬᠢᠨ ᠠᠬᠢᠭᠤᠯᠪᠠ᠃ 2021 | ᠣᠨ ᠤ 6 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽︿ᠭᠡᠷᠡᠴᠢ ᠪᠠ ᠲᠡᠮᠳᠡᠭ ᠢ ᠰᠠᠯᠭᠠᠬᠤ﹀ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ | ᠮᠡᠳᠡᠭᠳᠡᠯ︾ ︵ᠲᠥᠷᠥ ᠲᠠᠷᠬᠠᠭᠠᠭᠰᠠᠨ ﹇2021﹈ 7 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯᠧᠺᠲᠷᠣᠨ ᠭᠡᠷᠡᠴᠢ | ᠲᠡᠮᠳᠡᠭ ᠤᠨ ᠬᠤᠯᠪᠣᠭᠳᠠᠯ ᠪᠦᠬᠦᠢ ᠪᠠᠷᠢᠮᠵᠢᠶ᠎ᠠ᠂ ᠵᠢᠷᠤᠮᠵᠢᠯ ᠪᠠ ᠶᠠᠩᠵᠤ ᠬᠡᠯᠪᠡᠷᠢ ᠶᠢ ᠲᠣᠭᠲᠠᠭᠠᠨ | ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠭᠡᠷᠡᠴᠢ ᠲᠡᠮᠳᠡᠭ ᠢ ᠡᠯᠧᠺᠲᠷᠤᠨᠴᠢᠯᠠᠬᠤ ᠶᠢ ᠪᠥᠬᠦ | ᠲᠠᠯ᠎ᠠ ᠪᠠᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ 2022 ᠣᠨ ᠤ 1 ᠰᠠᠷ᠎ᠠ ᠳᠤ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠯᠧᠺᠲᠷᠣᠨ ᠭᠡᠷᠡᠴᠢ ᠲᠡᠮᠳᠡᠭ ᠤᠨ ᠬᠡᠷᠡᠭᠯᠡᠭᠡᠨ ᠤ ᠬᠦᠷᠢᠶ᠎ᠡ | ᠬᠡᠪᠴᠢᠶ᠎ᠡ ᠶᠢ ᠥᠷᠭᠡᠳᠬᠡᠬᠦ ᠪᠠ ᠪᠥᠬᠦ ᠤᠯᠤᠰ ᠤᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ | ᠲᠦᠷᠭᠡᠳᠬᠡᠨ ᠠᠬᠢᠭᠤᠯᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ | ︶ ᠢ ᠳᠠᠷᠤᠮᠠᠯᠯᠠᠨ ᠲᠠᠷᠬᠠᠭᠠᠵᠤ᠂ ᠡᠯᠧᠺᠲᠷᠣᠨ ᠭᠡᠷᠡᠴᠢ ᠲᠡᠮᠳᠡᠭ ᠤᠨ ᠬᠡᠷᠡᠭᠯᠡᠭᠡᠨ ᠤ ᠬᠦᠷᠢᠶ᠎ᠡ ᠶᠢ ᠥᠷᠭᠡᠳᠬᠡᠬᠦ ᠪᠠ | ᠪᠦᠬᠦ ᠤᠯᠤᠰ ᠢᠶᠠᠷ ᠢᠶᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠳᠤ ᠰᠢᠰᠲ᠋ᠧᠮ ᠲᠠᠢ ᠪᠦᠬᠦ ᠲᠠᠯ᠎ᠠ ᠶᠢᠨ | ᠲᠥᠯᠦᠪᠵᠢᠭᠦᠯᠭᠡ ᠪᠠᠶᠢᠷᠢᠯᠠᠭᠤᠯᠤᠯᠲᠠ ᠬᠢᠵᠦ᠂ ᠡᠯᠧᠺᠲᠷᠣᠨ ᠭᠡᠷᠡᠴᠢ ᠲᠡᠮᠳᠡᠭ ᠤᠨ ᠬᠡᠷᠡᠭᠯᠡᠯᠲᠡ ᠶᠢ ᠠᠬᠢᠭᠤᠯᠬᠤ | ᠰᠢᠨ᠎ᠡ ᠬᠠᠷᠠᠯᠲᠠ᠂ ᠰᠢᠨ᠎ᠡ ᠡᠭᠦᠷᠭᠡ ᠶᠢ ᠳᠤᠷᠠᠳᠴᠤ᠂ ᠡᠯᠧᠺᠲᠷᠣᠨ ᠭᠡᠷᠡᠴᠢ ᠲᠡᠮᠳᠡᠭ ᠢ ᠪᠥᠬᠦ ᠤᠯᠤᠰ ᠲᠤ | ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠪᠡᠶᠡᠯᠡᠭᠦᠯᠬᠦ ᠠᠷᠭ᠎ᠠ ᠵᠠᠮ ᠢ ᠲᠣᠭᠲᠠᠭᠠᠭᠰᠠᠨ ᠪᠥᠭᠡᠳ ︽ᠪᠥᠬᠦ | ᠤᠯᠤᠰ ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠨᠢᠭᠡᠳᠦᠯᠲᠡᠢ ᠡᠯᠧᠺᠲᠷᠣᠨ ᠭᠡᠷᠡᠴᠢ ᠲᠡᠮᠳᠡᠭ ᠤᠨ | ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠭᠠᠷᠴᠠᠭ ᠤᠨ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠪᠠ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠬᠦ ᠶᠢᠨ ᠬᠠᠮᠲᠤ ᠬᠡᠷᠡᠭᠯᠡᠭᠡᠨ ᠤ ᠲᠤᠷᠰᠢᠯᠲᠠ ᠶᠢᠨ ᠴᠡᠭ ᠢ | ᠥᠷᠨᠢᠭᠦᠯᠵᠦ᠂ ᠡᠯᠧᠺᠲᠷᠣᠨ ᠭᠡᠷᠡᠴᠢ ᠲᠡᠮᠳᠡᠭ ᠢ ᠨᠡᠶᠢᠭᠡᠮᠴᠢᠯᠡᠨ ᠬᠡᠷᠡᠭᠯᠡᠬᠦ ᠶᠢ ᠠᠬᠢᠭᠤᠯᠬᠤ︾ ᠶᠢ ᠭᠤᠣᠯᠳᠠᠯᠭ᠎ᠠ ᠲᠠᠢ | ᠡᠭᠦᠷᠭᠡ ᠶᠢᠨ ᠨᠢᠭᠡ ᠪᠣᠯᠭᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠰᠤᠳᠤᠯᠤᠨ | ᠪᠠᠶᠢᠷᠢᠯᠠᠭᠤᠯᠬᠤ ᠪᠠᠷ ᠳᠡᠮᠵᠢᠨ᠂ 2023 ᠣᠨ ᠤ 1 ᠳ᠋ᠣᠭᠡᠷ ᠰᠠᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ | ᠠᠯᠪᠠᠨ ᠲᠢᠩᠬᠢᠮ ︽ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠥᠬᠦ ᠤᠯᠤᠰ ᠤᠨ ᠬᠡᠪᠴᠢᠶᠡᠨ ᠳᠤ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ ᠲᠡᠮᠳᠡᠭ ᠢ ᠳᠡᠯᠭᠡᠷᠡᠭᠦᠯᠦᠨ ᠬᠡᠷᠡᠭᠯᠡᠪᠡ᠃ | ᠬᠤᠶᠠᠷ᠂ ᠭᠤᠣᠯ ᠠᠭᠤᠯᠭ᠎ᠠ | ︽ᠮᠡᠳᠡᠭᠳᠡᠯ︾ ᠤᠨ ᠭᠤᠣᠯ ᠠᠭᠤᠯᠭ᠎ᠠ ᠳᠤ ᠡᠯᠧᠺᠲᠷᠣᠨ ᠭᠡᠷᠡᠴᠢ ᠲᠡᠮᠳᠡᠭ ᠢ ᠪᠥᠬᠦ ᠲᠠᠯ᠎ᠠ ᠪᠠᠷ ᠬᠡᠷᠡᠭᠵᠢᠭᠦᠯᠬᠦ | ᠂ ᠡᠯᠧᠺᠲᠷᠣᠨ ᠭᠡᠷᠡᠴᠢ ᠲᠡᠮᠳᠡᠭ ᠤᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠬᠤ ᠶᠢ ᠪᠡᠶᠡᠯᠡᠭᠦᠯᠬᠦ᠂ | ᠡᠯᠧᠺᠲᠷᠣᠨ ᠭᠡᠷᠡᠴᠢ ᠲᠡᠮᠳᠡᠭ ᠤᠨ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠬᠦ᠂ ᠡᠯᠧᠺᠲᠷᠣᠨ ᠭᠡᠷᠡᠴᠢ | ᠲᠡᠮᠳᠡᠭ ᠤᠨ ᠬᠡᠷᠡᠭᠯᠡᠭᠡᠨ ᠤ ᠦᠢᠯᠡᠴᠢᠯᠡᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠦᠯᠬᠢᠨ ᠠᠬᠢᠭᠤᠯᠬᠤ ᠵᠡᠷᠭᠡ | ᠲᠠᠪᠤᠨ ᠬᠡᠰᠡᠭ ᠪᠠᠭᠲᠠᠨ᠎ᠠ᠃ ᠡᠯᠧᠺᠲᠷᠣᠨ ᠭᠡᠷᠡᠴᠢ ᠳᠡᠮᠳᠡᠭ ᠢ ᠦᠢᠯᠡᠳᠦᠨ ᠣᠯᠭᠤᠬᠤ᠂ ᠬᠠᠮᠢᠶᠠᠷᠬᠤ᠂ ᠭᠤᠶᠤᠴᠢᠯᠠᠨ | ᠠᠪᠬᠤ᠂ ᠰᠢᠯᠵᠢᠭᠦᠯᠦᠨ ᠬᠡᠷᠡᠭᠯᠡᠬᠦ᠂ ᠬᠡᠷᠡᠭᠯᠡᠬᠦ᠂ ᠪᠠᠲᠤᠯᠠᠬᠤ ᠵᠡᠷᠭᠡ ᠲᠠᠯ᠎ᠠ ᠠᠴᠠ ᠰᠣᠶᠣᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ ᠲᠡᠮᠳᠡᠭ ᠢ ᠳᠡᠯᠭᠡᠷᠡᠭᠦᠯᠦᠨ ᠬᠡᠷᠡᠭᠯᠡᠬᠦ ᠠᠵᠢᠯ ᠳᠤ ᠪᠥᠬᠦ ᠲᠠᠯ᠎ᠠ ᠶᠢᠨ᠂ | ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃ | ︵ᠨᠢᠭᠡ︶ ᠭᠡᠷᠡᠴᠢ ᠲᠡᠮᠳᠡᠭ ᠢ ᠦᠢᠯᠡᠳᠦᠨ ᠣᠯᠭᠤᠬᠤ ᠲᠠᠯ᠎ᠠ ᠪᠠᠷ᠂ ᠨᠢᠭᠡᠳᠦᠯᠲᠦ ᠴᠢᠨᠠᠷ᠂ ᠡᠷᠬᠡ ᠰᠦᠷᠲᠦ | ᠴᠢᠨᠠᠷ ᠢ ᠭᠤᠣᠯᠳᠠᠯᠭ᠎ᠠ ᠲᠠᠢ ᠳᠣᠪᠤᠶᠢᠯᠭᠠᠨ᠎ᠠ᠃ ᠨᠢᠭᠡᠳᠦᠯᠲᠦ ᠴᠢᠨᠠᠷ ᠨᠢ ᠭᠤᠣᠯᠳᠠᠭᠤ ᠭᠡᠷᠡᠴᠢ ᠲᠡᠮᠳᠡᠭ ᠢ ᠪᠦᠬᠦ | ᠤᠯᠤᠰ ᠲᠤ ᠨᠢᠭᠡᠳᠦᠯᠲᠡᠢ ᠬᠡᠷᠡᠭᠵᠢᠭᠦᠯᠦᠨ ᠬᠡᠷᠡᠭᠯᠡᠬᠦ᠂ ᠪᠠᠷᠢᠮᠵᠢᠶ᠎ᠠ ᠶᠢ ᠨᠢᠭᠡᠳᠦᠯᠲᠡᠢ ᠲᠣᠭᠲᠠᠭᠠᠬᠤ᠂ ᠲᠤᠭ᠎ᠠ | ᠪᠠᠷᠢᠮᠲᠠ ᠶᠢ ᠨᠢᠭᠡᠳᠦᠯᠲᠡᠢ ᠴᠤᠭᠯᠠᠭᠤᠯᠬᠤ᠂ ᠭᠡᠷᠡᠴᠢ ᠦᠨᠡᠮᠯᠡᠯ ᠢ ᠨᠢᠭᠡᠳᠦᠯᠲᠡᠢ ᠪᠦᠷᠢᠯᠳᠦᠭᠦᠯᠬᠦ ᠳᠤ ᠢᠯᠡᠷᠡᠨ᠎ᠡ᠃ ︽ | ᠮᠡᠳᠡᠭᠳᠡᠯ︾ ᠳᠤ ᠲᠣᠳᠣᠷᠬᠠᠢ ᠲᠣᠭᠲᠠᠭᠠᠭᠰᠠᠨ ᠨᠢ᠂ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ᠂ ᠪᠥᠬᠦ ᠤᠯᠤᠰ ᠤᠨ ᠬᠡᠪᠴᠢᠶᠡᠨ ᠳᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠤ | ᠠᠬᠤᠶᠢᠯᠠᠯ ᠳᠤ ᠬᠤᠯᠪᠣᠭᠳᠠᠬᠤ ᠡᠯᠧᠺᠲᠷᠣᠨ ᠭᠡᠷᠡᠴᠢ ᠲᠡᠮᠳᠡᠭ ᠢ ᠨᠢᠭᠡᠳᠦᠯᠲᠡᠢ ᠬᠡᠷᠡᠭᠵᠢᠭᠦᠯᠦᠨ᠎ᠡ᠃ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ ᠳᠡᠮᠳᠡᠭ ᠢ ᠦᠢᠯᠡᠳᠬᠦ ᠳᠤ ᠪᠠᠷᠢᠮᠵᠢᠶ᠎ᠠ ᠶᠢ ᠤᠷᠢᠳ ᠢᠶᠠᠷ | ᠬᠡᠷᠡᠭᠵᠢᠭᠦᠯᠬᠦ ᠶᠢ ᠪᠠᠷᠢᠮᠲᠠᠯᠠᠵᠤ᠂ ᠪᠠᠷᠢᠮᠵᠢᠶ᠎ᠠ ᠶᠢ ᠰᠣᠶᠣᠯ ᠪᠠ ᠵᠢᠭᠤᠯᠴᠢᠯᠠᠯ ᠤᠨ ᠶᠠᠮᠤᠨ ᠪᠣᠯᠣᠨ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠠᠯᠪᠠᠨ ᠭᠡᠷ ᠬᠠᠮᠲᠤ ᠪᠠᠷ | ᠲᠣᠭᠲᠠᠭᠠᠨ ᠨᠡᠶᠢᠲᠡᠯᠡᠪᠡ᠂ ᠣᠳᠣᠬᠠᠨ ᠳᠤ ᠨᠢᠭᠡᠨᠲᠡ ᠰᠦᠯᠵᠢᠶᠡᠨ ᠤ ᠰᠣᠶᠣᠯ ᠤᠨ ᠡᠵᠡᠩᠨᠡᠯᠲᠡ ᠶᠢᠨ | ᠵᠥᠪᠰᠢᠶᠡᠷᠡᠯ ᠤᠨ ᠭᠡᠷᠡᠴᠢ ᠲᠡᠮᠳᠡᠭ ᠵᠡᠷᠭᠡ 6 ᠲᠥᠷᠥᠯ ᠤᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠡᠯᠧᠺᠲᠷᠣᠨ ᠭᠡᠷᠡᠴᠢ ᠲᠡᠮᠳᠡᠭ ᠤᠨ ᠪᠠᠷᠢᠮᠵᠢᠶ᠎ᠠ ᠶᠢ ᠨᠡᠶᠢᠲᠡᠯᠡᠨ ᠬᠡᠷᠡᠭᠵᠢᠭᠦᠯᠪᠡ᠃ ᠰᠣᠶᠣᠯ ᠪᠠ ᠵᠢᠭᠤᠯᠴᠢᠯᠠᠯ ᠤᠨ | ᠶᠠᠮᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠵᠤᠷᠭᠠᠨ ᠤ ᠬᠢᠨ ᠡᠯᠧᠺᠲᠷᠣᠨ ᠭᠡᠷᠡᠴᠢ ᠲᠡᠮᠳᠡᠭ ᠤᠨ | ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠭᠡᠷᠡᠴᠢ ᠲᠡᠮᠳᠡᠭ ᠤᠨ ᠲᠤᠭ᠎ᠠ ᠪᠠᠷᠢᠮᠲᠠ ᠶᠢ ᠨᠢᠭᠡᠳᠦᠯᠲᠡᠢ | ᠴᠤᠭᠯᠠᠭᠤᠯᠵᠤ᠂ ᠦᠨᠡᠮᠯᠡᠯ ᠢ ᠨᠢᠭᠡᠳᠦᠯᠲᠡᠢ ᠵᠣᠬᠢᠶᠠᠬᠤ ᠶᠢ ᠪᠡᠶᠡᠯᠡᠭᠦᠯᠵᠦ᠂ ᠡᠯᠧᠺᠲᠷᠣᠨ ᠭᠡᠷᠡᠴᠢ ᠲᠡᠮᠳᠡᠭ ᠤᠨ | ᠨᠢᠭᠡᠳᠦᠯᠲᠡᠢ ᠳ᠋ᠠᠶᠢᠲ᠋ᠠ ᠬᠥᠮᠥᠷᠭᠡ ᠶᠢ ᠪᠠᠶᠢᠭᠤᠯᠤᠭᠰᠠᠨ ᠪᠠᠶᠢᠨ᠎ᠠ᠃ ᠡᠷᠬᠡ ᠰᠦᠷᠲᠦ ᠴᠢᠨᠠᠷ ᠨᠢ ᠡᠯᠧᠺᠲᠷᠣᠨ | ᠦᠨᠡᠮᠯᠡᠯ ᠤᠨ ᠬᠠᠤᠯᠢ ᠴᠠᠭᠠᠵᠠ ᠶᠢᠨ ᠪᠠᠶᠢᠷᠢ ᠰᠠᠭᠤᠷᠢ ᠪᠠ ᠬᠠᠤᠯᠢ ᠴᠠᠭᠠᠵᠠ ᠶᠢᠨ ᠬᠦᠴᠦᠨ ᠢ ᠢᠯᠡᠷᠡᠭᠦᠯᠵᠦ ᠪᠠᠶᠢᠳᠠᠭ | ᠃ ︽ᠮᠡᠳᠡᠭᠳᠡᠯ︾ ᠳᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ ᠲᠡᠮᠳᠡᠭ ᠲᠤ | ᠰᠣᠶᠣᠯ ᠪᠠ ᠵᠢᠭᠤᠯᠴᠢᠯᠠᠯ ᠤᠨ ᠶᠠᠮᠤᠨ ᠤ ᠡᠯᠧᠺᠲᠷᠣᠨ ᠭᠠᠷ ᠤᠨ ᠥᠰᠥᠭ ᠤᠨ ᠭᠡᠷᠡᠴᠢᠯᠡᠯ ᠤᠨ ᠦᠨᠡᠮᠯᠡᠯ ᠢ | ᠬᠡᠷᠡᠭᠯᠡᠨ᠎ᠡ᠂ ᠲᠤᠬᠠᠶᠢᠯᠠᠪᠠᠯ ᠡᠯᠧᠺᠲᠷᠣᠨ ᠲᠠᠮᠠᠭ᠎ᠠ ᠶᠢ ᠬᠡᠷᠡᠭᠯᠡᠨ᠎ᠡ︔ ︽ᠮᠡᠳᠡᠭᠳᠡᠯ︾ ᠳᠤ᠂ ᠡᠯᠧᠺᠲᠷᠣᠨ ᠭᠡᠷᠡᠴᠢ | ᠲᠡᠮᠳᠡᠭ ᠢ ᠴᠠᠭᠠᠰᠤᠨ ᠭᠡᠷᠡᠴᠢ ᠲᠡᠮᠳᠡᠭ ᠲᠠᠢ ᠵᠡᠷᠭᠡ ᠪᠠᠷ ᠦᠢᠯᠡᠳᠦᠨ ᠲᠠᠷᠬᠠᠭᠠᠵᠤ᠂ ᠵᠡᠷᠭᠡ ᠪᠠᠷ ᠭᠡᠷᠡᠭᠯᠡᠵᠦ᠂ | ᠠᠳᠠᠯᠢᠬᠠᠨ ᠬᠠᠤᠯᠢ ᠶᠢᠨ ᠬᠦᠴᠦᠨ ᠲᠠᠢ ᠶᠤᠮ ᠭᠡᠵᠦ ᠲᠤᠭᠲᠠᠭᠠᠪᠠ᠃ | ︵ᠬᠤᠶᠠᠷ︶ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠲᠠᠯ᠎ᠠ ᠪᠠᠷ᠂ ᠰᠢᠰᠲ᠋ᠧᠮ ᠤᠨ ᠲᠤᠯᠭᠠᠭᠤᠷᠢᠯᠠᠯ ᠪᠠ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠷᠠᠭᠤᠯᠤᠨ᠎ᠠ᠃ ᠰᠢᠰᠲ᠋ᠧᠮ ᠤᠨ | ᠲᠤᠯᠭᠠᠭᠤᠷᠢᠯᠠᠯ ᠤᠨ ᠲᠠᠯ᠎ᠠ ᠪᠠᠷ᠂ ︽ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ ᠰᠣᠶᠣᠯ ᠪᠠ ᠵᠢᠭᠤᠯᠴᠢᠯᠠᠯ ᠤᠨ | ᠶᠠᠮᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠵᠤᠷᠭᠠᠨ ᠳᠤ ᠰᠣᠶᠣᠯ ᠪᠠ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠡᠯᠧᠺᠲᠷᠣᠨ ᠭᠡᠷᠡᠴᠢ ᠲᠡᠮᠳᠡᠭ ᠤᠨ ᠬᠠᠮᠢᠶᠠᠷᠤᠯᠲᠠ ᠶᠢᠨ ᠰᠢᠰᠲ᠋ᠧᠮ ᠪᠠ ᠡᠯᠧᠺᠲᠷᠣᠨ ᠭᠡᠷᠡᠴᠢ | ᠲᠡᠮᠳᠡᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠪᠠ᠃ ᠡᠯᠧᠺᠲᠷᠣᠨ ᠭᠡᠷᠡᠴᠢ ᠲᠡᠮᠳᠡᠭ ᠤᠨ ᠬᠠᠮᠢᠶᠠᠷᠤᠯᠲᠠ ᠶᠢᠨ | ᠰᠢᠰᠲ᠋ᠧᠮ ᠪᠣᠯᠣᠨ ᠳ᠋ᠠᠶᠢᠲ᠋ᠠ ᠬᠥᠮᠥᠷᠭᠡ ᠪᠣᠯ ᠡᠯᠧᠺᠲᠷᠣᠨ ᠭᠡᠷᠡᠴᠢ ᠲᠡᠮᠳᠡᠭ ᠢ ᠳᠡᠯᠭᠡᠷᠡᠭᠦᠯᠦᠨ ᠬᠡᠷᠡᠭᠯᠡᠬᠦ ᠶᠢᠨ ᠭᠤᠣᠯ | ᠬᠦᠢᠰᠦ ᠪᠣᠯᠣᠨ᠎ᠠ᠃ ᠪᠦᠬᠦ ᠤᠯᠤᠰ ᠤᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ | ᠪᠠ ᠦᠢᠯᠡᠴᠢᠯᠡᠭᠡᠨ ᠤ ᠲᠠᠪᠴᠠᠩ᠂ ᠪᠦᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ | ᠦᠢᠯᠡᠴᠢᠯᠡᠭᠡᠨ ᠤ ᠲᠠᠪᠴᠠᠩ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠨᠡᠪᠲᠡᠷᠡᠯᠴᠡᠭᠡ APP ᠲᠠᠢ | ᠬᠤᠯᠪᠣᠯᠳᠤᠨ ᠨᠡᠪᠲᠡᠷᠡᠯᠴᠡᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ | ᠲᠡᠮᠳᠡᠭ ᠤᠨ ᠬᠡᠷᠡᠭᠯᠡᠭᠡᠨ ᠤ ᠲᠣᠣᠷ ᠢ ᠪᠦᠷᠢᠯᠳᠦᠭᠦᠯᠵᠦ᠂ ᠡᠯᠧᠺᠲᠷᠣᠨ ᠭᠡᠷᠡᠴᠢ ᠲᠡᠮᠳᠡᠭ ᠤᠨ ᠮᠡᠳᠡᠭᠡ ᠵᠠᠩᠭᠢ ᠶᠢ | ᠴᠤᠭᠯᠠᠭᠤᠯᠬᠤ᠂ ᠨᠢᠢᠳᠭᠡᠬᠦ᠂ ᠭᠠᠷ ᠤᠨ ᠦᠰᠦᠭ ᠵᠢᠷᠤᠬᠤ᠂ ᠬᠠᠳᠠᠭᠠᠯᠠᠬᠤ᠂ ᠬᠡᠷᠡᠭᠯᠡᠬᠦ ᠪᠠ ᠬᠠᠮᠢᠶᠠᠷᠬᠤ ᠵᠡᠷᠭᠡ | ᠴᠢᠳᠠᠮᠵᠢ ᠶᠢ ᠲᠥᠪᠯᠡᠷᠡᠭᠦᠯᠦᠨ ᠬᠡᠷᠡᠭᠯᠡᠬᠦ ᠶᠢ ᠪᠡᠶᠡᠯᠡᠭᠦᠯᠪᠡ᠃ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠯ᠎ᠠ ᠪᠠᠷ᠂ | ︽ᠮᠡᠳᠡᠭᠳᠡᠯ︾ ᠳᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠲᠣᠭᠲᠠᠴᠠ ᠪᠠ ᠭᠡᠷᠡᠴᠢ ᠲᠡᠮᠳᠡᠭ ᠤᠨ | ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯᠧᠺᠲᠷᠣᠨ ᠭᠡᠷᠡᠴᠢ ᠲᠡᠮᠳᠡᠭ ᠤᠨ | ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ | ᠃ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠰᠣᠶᠣᠯ ᠪᠠ ᠵᠢᠭᠤᠯᠴᠢᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠭᠡᠷᠡᠴᠢ ᠲᠡᠮᠳᠡᠭ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠥᠷᠨᠢᠭᠦᠯᠬᠦ ᠳᠤ | ᠬᠡᠷᠡᠭᠯᠡᠵᠦ᠂ ᠡᠯᠧᠺᠲᠷᠣᠨ ᠭᠡᠷᠡᠴᠢ ᠲᠡᠮᠳᠡᠭ ᠤᠨ ᠲᠤᠭ᠎ᠠ ᠪᠠᠷᠢᠮᠲᠠ ᠶᠢ ᠵᠢᠭᠰᠠᠭᠠᠨ ᠪᠠᠶᠢᠴᠠᠭᠠᠬᠤ᠂ ᠪᠤᠷᠤᠭᠤ ᠶᠢ | ᠵᠠᠯᠠᠷᠠᠭᠤᠯᠬᠤ᠂ ᠬᠠᠷᠢᠭᠤ ᠲᠤᠰᠬᠠᠬᠤ᠂ ᠨᠤᠲᠠᠯᠠᠬᠤ ᠵᠡᠷᠭᠡ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠭᠡᠷᠡᠴᠢ ᠲᠡᠮᠳᠡᠭ ᠤᠨ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠨᠢ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠠᠵᠢᠯᠯᠠᠵᠤ ᠪᠠᠶᠢᠭ᠎ᠠ ᠬᠥᠮᠥᠰ ᠤᠨ ᠭᠡᠷᠡᠴᠢ | ᠲᠡᠮᠳᠡᠭ ᠤᠨ ᠲᠤᠬᠠᠢ ᠣᠨᠳᠣᠣ ᠰᠠᠨᠠᠯ ᠤᠨ ᠲᠤᠭ᠎ᠠ ᠪᠠᠷᠢᠮᠲᠠ ᠳᠤ ᠴᠢᠭᠯᠡᠭᠦᠯᠦᠭᠰᠡᠨ ᠠᠯᠳᠠᠭ᠎ᠠ ᠪᠤᠷᠤᠭᠤ ᠶᠢ | ᠵᠠᠯᠠᠷᠠᠭᠤᠯᠬᠤ ᠶᠠᠪᠤᠴᠠ ᠶᠢ ᠵᠢᠷᠤᠮᠵᠢᠭᠤᠯᠪᠠ᠂ ᠡᠭᠦᠨ ᠳᠤ ᠭᠤᠶᠤᠴᠢᠯᠠᠬᠤ᠂ ᠬᠦᠯᠢᠶᠡᠨ ᠠᠪᠴᠤ ᠰᠢᠢᠳᠪᠦᠷᠢᠯᠡᠬᠦ᠂ | ᠳᠠᠬᠢᠨ ᠬᠢᠨᠠᠬᠤ᠂ ᠨᠤᠲᠠᠯᠠᠬᠤ᠂ ᠵᠠᠰᠠᠪᠤᠷᠢ ᠣᠷᠣᠭᠤᠯᠬᠤ ᠵᠡᠷᠭᠡ ᠪᠠᠭᠲᠠᠨ᠎ᠠ᠃ | ︵ᠭᠤᠷᠪᠠ︶ ᠭᠡᠷᠡᠴᠢ ᠲᠡᠮᠳᠡᠭ ᠭᠤᠶᠤᠴᠢᠯᠠᠨ ᠠᠪᠬᠤ᠂ ᠰᠢᠯᠵᠢᠭᠦᠯᠦᠨ ᠬᠡᠷᠡᠭᠯᠡᠬᠦ ᠲᠠᠯ᠎ᠠ ᠪᠠᠷ᠂ ᠠᠮᠤᠷ | ᠲᠦᠪᠰᠢᠨ ᠴᠢᠨᠠᠷ᠂ ᠵᠢᠷᠤᠮᠵᠢᠯᠳᠤ ᠴᠢᠨᠠᠷ ᠢ ᠣᠨᠴᠠᠭᠠᠶᠢᠯᠠᠨ ᠴᠢᠬᠤᠯᠠᠴᠢᠯᠠᠨ᠎ᠠ᠃ ᠠᠮᠤᠷ ᠲᠦᠪᠰᠢᠨ ᠤ ᠴᠢᠨᠠᠷ ᠪᠣᠯ | ᠡᠯᠧᠺᠲᠷᠣᠨ ᠭᠡᠷᠡᠴᠢ ᠲᠡᠮᠳᠡᠭ ᠢ ᠳᠡᠯᠭᠡᠷᠡᠭᠦᠯᠦᠨ ᠬᠡᠷᠡᠭᠯᠡᠬᠦ ᠶᠢᠨ ᠦᠨᠳᠦᠰᠦᠨ ᠬᠤᠷᠢᠭ᠎ᠠ ᠱᠤᠭᠤᠮ ᠮᠥᠨ᠂ ᠭᠡᠷᠡᠴᠢ | ᠲᠡᠮᠳᠡᠭ ᠤᠨ ᠲᠤᠭ᠎ᠠ ᠪᠠᠷᠢᠮᠲᠠ ᠶᠢ ᠭᠠᠳᠠᠭᠰᠢ ᠵᠠᠳᠠᠷᠠᠭᠤᠯᠬᠤ ᠦᠭᠡᠢ᠂ ᠪᠠᠶᠢᠴᠠᠭᠠᠨ ᠯᠠᠪᠯᠠᠬᠤ ᠬᠡᠪᠴᠢᠶ᠎ᠡ ᠶᠢ | ᠬᠠᠮᠤᠭ ᠤᠨ ᠪᠠᠭ᠎ᠠ ᠪᠣᠯᠭᠠᠬᠤ ᠶᠢ ᠪᠠᠲᠤᠯᠠᠬᠤ ᠬᠡᠷᠡᠭᠲᠡᠢ᠃ ︽ᠮᠡᠳᠡᠭᠳᠡᠯ︾ ᠳᠤ ᠲᠣᠳᠣᠷᠬᠠᠢ ᠱᠠᠭᠠᠷᠳᠠᠭᠰᠠᠨ ᠨᠢ᠂ | ᠭᠡᠷᠡᠴᠢ ᠲᠡᠮᠳᠡᠭ ᠠᠪᠬᠤ ᠪᠠᠷ ᠭᠤᠶᠤᠴᠢᠯᠠᠬᠤ ᠲᠠᠯ᠎ᠠ ᠪᠠᠷ᠂ ᠭᠡᠷᠡᠴᠢ ᠲᠡᠮᠳᠡᠭ ᠠᠪᠴᠤ ᠪᠠᠶᠢᠭ᠎ᠠ ᠪᠡᠶᠡᠴᠢ ᠴᠣᠭᠴᠠ ᠨᠢ | ᠡᠷᠬᠡᠪᠰᠢ ᠨᠢᠭᠤᠷ ᠢᠶᠠᠨ ᠰᠢᠷᠪᠢᠬᠦ ᠪᠠᠷ ᠳᠡᠮᠵᠢᠨ ᠦᠨᠡᠨ ᠬᠥᠮᠥᠨ ᠤ ᠭᠡᠷᠡᠴᠢᠯᠡᠯ ᠬᠢᠵᠦ᠂ ᠠᠵᠢᠯᠯᠠᠵᠤ ᠪᠠᠶᠢᠭ᠎ᠠ | ᠬᠥᠮᠥᠰ ᠢ ᠡᠷᠬᠡᠪᠰᠢ ᠲᠣᠰ ᠬᠥᠮᠥᠨ ᠢᠶᠠᠷ ᠨᠢ ᠭᠡᠷᠡᠴᠢᠯᠡᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ | ᠡᠷᠬᠡᠪᠰᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠲᠤᠰ ᠬᠥᠮᠥᠨ ᠢᠶᠠᠷ ᠭᠡᠷᠡᠴᠢᠯᠡᠭᠦᠯᠬᠦ ᠬᠡᠷᠡᠭᠲᠡᠢ︔ ᠪᠠᠶᠢᠴᠠᠭᠠᠨ | ᠯᠠᠪᠯᠠᠬᠤ ᠪᠠ ᠪᠠᠶᠢᠴᠠᠭᠠᠨ ᠦᠵᠡᠬᠦ ᠲᠠᠯ᠎ᠠ ᠪᠠᠷ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠵᠥᠪᠬᠡᠨ ᠲᠣᠰ ᠣᠷᠣᠨ ᠪᠦᠰᠡ ᠶᠢᠨ ᠳᠣᠲᠣᠷᠠᠬᠢ ᠵᠠᠬ᠎ᠠ ᠳᠡᠯᠭᠡᠭᠦᠷ ᠤᠨ ᠪᠡᠶᠡᠴᠢ ᠴᠣᠭᠴᠠ᠂ | ᠠᠵᠢᠯᠯᠠᠵᠤ ᠪᠠᠶᠢᠭ᠎ᠠ ᠬᠥᠮᠥᠰ ᠤᠨ ᠡᠯᠧᠺᠲᠷᠣᠨ ᠭᠡᠷᠡᠴᠢ ᠲᠡᠮᠳᠡᠭ ᠤᠨ ᠪᠠᠶᠢᠳᠠᠯ ᠢ ᠪᠠᠶᠢᠴᠠᠭᠠᠨ ᠯᠠᠪᠯᠠᠬᠤ ᠶᠢ | ᠵᠥᠪᠰᠢᠶᠡᠷᠡᠨ᠎ᠡ᠃ ᠵᠢᠷᠤᠮᠵᠢᠯ ᠤᠨ ᠴᠢᠨᠠᠷᠲᠠᠢ ᠨᠢ ᠭᠤᠣᠯᠳᠠᠭᠤ ᠡᠯᠧᠺᠲᠷᠣᠨ ᠭᠡᠷᠡᠴᠢ ᠲᠡᠮᠳᠡᠭ ᠢ ᠬᠠᠮᠲᠤ ᠪᠠᠷ ᠡᠳ᠋ᠯᠡᠵᠦ | ᠰᠢᠯᠵᠢᠭᠦᠯᠦᠨ ᠬᠡᠷᠡᠭᠯᠡᠬᠦ ᠲᠤᠬᠠᠢ ᠲᠣᠳᠣᠷᠬᠠᠢ ᠲᠣᠭᠲᠠᠭᠠᠯ ᠭᠠᠷᠭᠠᠵᠠᠢ᠃ ︽ᠮᠡᠳᠡᠭᠳᠡᠯ︾ ᠳᠤ ᠱᠠᠭᠠᠷᠳᠠᠭᠰᠠᠨ ᠨᠢ᠂ | ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠲᠤᠪᠠᠷ ᠭᠥᠷᠳᠡᠵᠦ ᠰᠢᠯᠵᠢᠭᠦᠯᠦᠨ ᠬᠡᠷᠡᠭᠯᠡᠬᠦ | ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ ᠲᠡᠮᠳᠡᠭ ᠢ ᠡᠷᠬᠡᠪᠰᠢ ᠪᠥᠬᠦ ᠤᠯᠤᠰ ᠤᠨ | ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠡᠮᠵᠢᠨ ᠪᠡᠶᠡᠯᠡᠭᠦᠯᠬᠦ ᠬᠡᠷᠡᠭᠲᠡᠢ᠂ | ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ ᠲᠡᠮᠳᠡᠭ ᠤᠨ ᠰᠢᠰᠲ᠋ᠧᠮ ᠲᠠᠢ ᠰᠢᠭᠤᠳ | ᠵᠣᠯᠭᠠᠭᠤᠯᠵᠤ ᠪᠣᠯᠬᠤ ᠦᠭᠡᠢ᠂ ᠡᠭᠦᠨ ᠤ ᠬᠠᠮᠲᠤ ︽ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠡᠯᠧᠺᠲᠷᠣᠨ ᠭᠡᠷᠡᠴᠢ ᠲᠡᠮᠳᠡᠭ ᠢ ᠰᠢᠯᠵᠢᠭᠦᠯᠦᠨ ᠬᠡᠷᠡᠭᠯᠡᠬᠦ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠵᠤ᠂ | ᠰᠢᠯᠵᠢᠭᠦᠯᠦᠨ ᠬᠡᠷᠡᠭᠯᠡᠬᠦ ᠠᠷᠭ᠎ᠠ ᠮᠠᠶ᠋ᠢᠭ ᠪᠠ ᠬᠡᠷᠡᠭᠯᠡᠭᠡᠨ ᠤ ᠲᠠᠯᠠᠪᠤᠷ ᠢ ᠲᠣᠳᠣᠷᠬᠠᠶᠢᠯᠠᠨ᠂ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠵᠤᠷᠭᠠᠨ ᠳᠤ ᠲᠤᠰᠢᠶᠠᠵᠤ ᠳᠠᠩᠰᠠᠯᠠᠭᠤᠯᠬᠤ ᠬᠡᠷᠡᠭᠲᠡᠢ᠃ | ︵ᠳᠥᠷᠪᠡ︶ ᠭᠡᠷᠡᠴᠢ ᠦᠨᠡᠮᠯᠡᠯ ᠢ ᠬᠡᠷᠡᠭᠯᠡᠬᠦ ᠲᠠᠯ᠎ᠠ ᠪᠠᠷ᠂ ᠲᠥᠬᠦᠮ ᠦᠵᠡᠭᠦᠯᠬᠦ ᠴᠢᠨᠠᠷ ᠪᠠ ᠰᠢᠨ᠎ᠡ ᠶᠢ | ᠡᠭᠦᠳᠬᠦ ᠴᠢᠨᠠᠷ ᠢ ᠭᠤᠣᠯᠳᠠᠯᠭ᠎ᠠ ᠲᠠᠢ ᠴᠢᠩᠭᠠᠷᠠᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠬᠦᠮ | ᠦᠵᠡᠭᠦᠯᠬᠦ ᠴᠢᠨᠠᠷ ᠢ ᠴᠢᠩᠭᠠᠷᠠᠭᠤᠯᠬᠤ ᠪᠣᠯ ᠡᠯᠧᠺᠲᠷᠣᠨ ᠭᠡᠷᠡᠴᠢ ᠲᠡᠮᠳᠡᠭ ᠢ ᠳᠡᠯᠭᠡᠷᠡᠭᠦᠯᠦᠨ ᠬᠡᠷᠡᠭᠯᠡᠬᠦ ᠶᠢᠨ ᠴᠢᠬᠤᠯᠠ | ᠵᠣᠷᠢᠯᠭ᠎ᠠ ᠪᠣᠯᠣᠨ᠎ᠠ᠃ ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠡᠯᠧᠺᠲᠷᠣᠨ ᠦᠨᠡᠮᠯᠡᠯ ᠤᠨ | ᠦᠢᠯᠡᠳᠦᠯ ᠢ ᠭᠦᠢᠴᠡᠳ ᠠᠭᠤᠳᠠᠯᠤᠨ ᠪᠠᠳᠠᠷᠠᠭᠤᠯᠵᠤ᠂ ︽ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ | ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ︾ ᠪᠠᠷ ᠬᠠᠷᠠᠯᠲᠠ ᠪᠣᠯᠭᠠᠵᠤ᠂ ᠡᠯᠧᠺᠲᠷᠣᠨ ᠦᠨᠡᠮᠯᠡᠯ ᠤᠨ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠ ᠨᠡᠶᠢᠯᠡᠭᠦᠯᠦᠨ ᠬᠡᠷᠡᠭᠯᠡᠬᠦ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠡᠯ᠎ᠡ ᠱᠠᠲᠤᠨ ᠤ ᠰᠣᠶᠣᠯ ᠪᠠ | ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠠᠪᠴᠠᠩ ᠤᠨ ᠳᠣᠲᠣᠷᠠᠬᠢ ᠡᠯᠧᠺᠲᠷᠣᠨ ᠦᠨᠡᠮᠯᠡᠯ ᠢ | ᠬᠠᠮᠲᠤᠪᠠᠷ ᠭᠥᠷᠳᠡᠵᠦ ᠰᠢᠯᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ︽ᠮᠡᠳᠡᠭᠡ ᠵᠠᠩᠭᠢ ᠶᠢ ᠥᠯᠥ ᠲᠠᠭᠯᠠᠬᠤ︾ ︽ | ᠮᠠᠲ᠋ᠧᠷᠢᠶᠠᠯ ᠢ ᠥᠯᠥ ᠲᠤᠰᠢᠶᠠᠬᠤ︾ ︽ᠬᠠᠮᠤᠭ ᠤᠨ ᠠᠷᠪᠢᠨ ᠳᠤ ᠪᠠᠨ ᠨᠢᠭᠡ ᠤᠳᠠᠭ᠎ᠠ ᠮᠡᠳᠡᠭᠦᠯᠬᠦ︾ ᠶᠢ | ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠡᠭᠦᠨ ᠠᠴᠠ ᠭᠠᠳᠠᠨ᠎ᠠ᠂ ᠰᠣᠶᠣᠯ ᠪᠠ ᠵᠢᠭᠤᠯᠴᠢᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠪᠠᠰᠠ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠡᠯᠧᠺᠲᠷᠣᠨ ᠭᠡᠷᠡᠴᠢ ᠲᠡᠮᠳᠡᠭ ᠢ ᠬᠠᠮᠲᠤ ᠪᠠᠷ ᠡᠳ᠋ᠯᠡᠬᠦ ᠰᠢᠰᠲ᠋ᠧᠮ ᠢ ᠭᠦᠢᠴᠡᠳ | ᠠᠰᠢᠭᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠪᠤᠰᠤᠳ ᠰᠠᠯᠠᠭ᠎ᠠ | ᠮᠥᠴᠢᠷ ᠤᠨ ᠡᠯᠧᠺᠲᠷᠣᠨ ᠭᠡᠷᠡᠴᠢ ᠦᠨᠡᠮᠯᠡᠯ ᠢ ᠢᠳᠡᠪᠬᠢᠲᠡᠢ ᠪᠠᠷ ᠰᠢᠯᠵᠢᠭᠦᠯᠦᠨ ᠬᠡᠷᠡᠭᠯᠡᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠳᠤ ᠨᠠᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃ | ᠰᠢᠨ᠎ᠡ ᠶᠢ ᠡᠭᠦᠳᠬᠦ ᠪᠣᠯ ᠡᠯᠧᠺᠲᠷᠣᠨ ᠭᠡᠷᠡᠴᠢ ᠲᠡᠮᠳᠡᠭ ᠤᠨ ᠬᠡᠷᠡᠭᠯᠡᠯᠲᠡ ᠶᠢ ᠥᠷᠭᠡᠳᠬᠡᠬᠦ ᠶᠢ ᠠᠬᠢᠭᠤᠯᠬᠤ ᠶᠢᠨ | ᠵᠠᠶᠢᠯᠠᠰᠢ ᠦᠭᠡᠢ ᠶᠠᠪᠤᠬᠤ ᠵᠠᠮ ᠮᠥᠨ᠃ ︽ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠨ ᠬᠢᠨ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠰᠣᠶᠣᠯ ᠤᠨ ᠣᠶᠢᠯᠠᠭᠠᠯᠲᠠ᠂ ᠵᠢᠭᠤᠯᠴᠢᠯᠠᠯ ᠵᠤᠭᠠᠴᠠᠯ ᠵᠡᠷᠭᠡ | ᠲᠠᠯᠠᠪᠤᠷ ᠤᠨ ᠲᠣᠭᠤᠷᠢᠨ ᠳᠤ ᠡᠯᠧᠺᠲᠷᠣᠨ ᠦᠨᠡᠮᠯᠡᠯ ᠤᠨ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠠᠭᠤᠰᠤᠯᠴᠠᠭᠤᠯᠤᠨ ᠰᠢᠨ᠎ᠡ ᠶᠢ ᠡᠭᠦᠳᠦᠨ ᠬᠡᠷᠡᠭᠯᠡᠬᠦ ᠶᠢ ᠰᠦᠪᠡᠭᠴᠢᠯᠡᠬᠦ ᠬᠡᠷᠡᠭᠲᠡᠢ᠃ ᠡᠯᠧᠺᠲᠷᠣᠨ ᠭᠡᠷᠡᠴᠢ ᠲᠡᠮᠳᠡᠭ ᠢ | ᠰᠦᠯᠵᠢᠶᠡᠨ ᠳᠡᠭᠡᠷ᠎ᠡ ᠨᠡᠶᠢᠲᠡᠯᠡᠵᠦ᠂ ᠬᠡᠷᠡᠭᠯᠡᠭᠡᠨ ᠤ ᠲᠠᠯᠠᠪᠤᠷ ᠢ ᠰᠦᠯᠵᠢᠶᠡᠨ ᠳᠣᠣᠷ᠎ᠠ ᠲᠤᠬᠢᠷᠠᠭᠤᠯᠵᠤ᠂ ᠡᠯᠧᠺᠲᠷᠣᠨ | ᠭᠡᠷᠡᠴᠢ ᠲᠡᠮᠳᠡᠭ ᠢ ᠳᠡᠯᠭᠡᠷᠡᠭᠦᠯᠦᠨ ᠬᠡᠷᠡᠭᠯᠡᠬᠦ ᠳᠤ ᠡᠷᠬᠡᠪᠰᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢᠨ | ᠬᠠᠷᠢᠯᠴᠠᠬᠤ ᠠᠷᠭ᠎ᠠ ᠵᠠᠮ ᠢ ᠨᠠᠪᠲᠠᠷᠡᠭᠦᠯᠵᠦ᠂ ᠡᠯᠧᠺᠲᠷᠣᠨ ᠭᠡᠷᠡᠴᠢ ᠲᠡᠮᠳᠡᠭ ᠢ ᠪᠠᠶᠢᠴᠠᠭᠠᠨ ᠦᠵᠡᠬᠦ᠂ ᠦᠨᠡᠮᠯᠡᠯ ᠢ | ᠢᠯᠡ ᠪᠣᠯᠭᠠᠬᠤ᠂ ᠰᠢᠯᠭᠠᠨ ᠭᠡᠷᠡᠴᠢᠯᠡᠬᠦ᠂ ᠪᠠᠭᠤᠯᠭᠠᠨ ᠠᠪᠴᠤ ᠦᠯᠡᠳᠡᠭᠡᠨ ᠬᠠᠳᠠᠭᠠᠯᠠᠬᠤ ᠵᠡᠷᠭᠡ ᠬᠡᠷᠡᠭᠯᠡᠭᠡᠨ ᠤ | ᠳᠦᠷᠢᠮ ᠢ ᠪᠦᠷᠢᠨᠰᠢᠭᠦᠯᠦᠨ ᠵᠢᠷᠤᠮᠵᠢᠭᠤᠯᠵᠤ᠂ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠪᠡᠶᠡᠴᠢ ᠴᠣᠭᠴᠠ᠂ ᠬᠤᠪᠢ ᠬᠥᠮᠥᠨ ᠳᠥᠷᠪᠡ ᠶᠢ ᠨᠢᠭᠡ | ᠴᠣᠭᠴᠠᠵᠢᠭᠤᠯᠤᠭᠰᠠᠨ ᠡᠯᠧᠺᠲᠷᠣᠨ ᠦᠨᠡᠮᠯᠡᠯ ᠤᠨ ᠬᠡᠷᠡᠭᠯᠡᠭᠡᠨ ᠤ ᠰᠢᠰᠲ᠋ᠧᠮ ᠢ ᠪᠠᠶᠢᠭᠤᠯᠵᠤ᠂ ᠰᠣᠶᠣᠯ ᠪᠠ | ᠵᠢᠭᠤᠯᠴᠢᠯᠠᠯ ᠤᠨ ᠠᠵᠢᠯ ᠲᠦᠷᠦᠯ ᠤᠨ ᠠᠷᠠᠳ ᠲᠤ ᠲᠦᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠨᠡᠩ | ᠤᠯᠠᠨ ᠬᠡᠷᠡᠭᠯᠡᠭᠡ ᠶᠢ ᠲᠤᠯᠭᠠᠭᠤᠷᠢᠯᠠᠬᠤ ᠬᠡᠷᠡᠭᠲᠡᠢ᠃ ᠲᠤᠷᠰᠢᠯᠲᠠ ᠶᠢᠨ ᠠᠵᠢᠯ ᠥᠷᠨᠢᠭᠦᠯᠬᠦ ᠪᠣᠯ ᠰᠢᠨ᠎ᠡ ᠶᠢ ᠡᠭᠦᠳᠦᠨ | ᠬᠡᠷᠡᠭᠯᠡᠬᠦ ᠶᠢᠨ ᠴᠢᠬᠤᠯᠠ ᠠᠷᠭ᠎ᠠ ᠪᠠᠷᠢᠯ ᠮᠥᠨ᠂ ︽ᠮᠡᠳᠡᠭᠳᠡᠯ︾ ᠳᠤ᠂ ᠰᠣᠶᠣᠯ ᠪᠠ ᠵᠢᠭᠤᠯᠴᠢᠯᠠᠯ ᠤᠨ ᠶᠠᠮᠤᠨ | ᠡᠯᠧᠺᠲᠷᠣᠨ ᠭᠡᠷᠡᠴᠢ ᠲᠡᠮᠳᠡᠭ ᠤᠨ ᠬᠡᠷᠡᠭᠯᠡᠭᠡᠨ ᠤ ᠰᠠᠭᠤᠷᠢ ᠪᠠᠷ ᠨᠡᠯᠢᠶᠡᠳ ᠰᠠᠶᠢᠨ᠂ ᠬᠡᠷᠡᠭᠴᠡᠭᠡ ᠱᠠᠭᠠᠷᠳᠠᠯᠭ᠎ᠠ ᠪᠠᠷ | ᠨᠡᠯᠢᠶᠡᠳ ᠲᠤᠯᠭᠠᠮ᠂ ᠨᠡᠶᠢᠭᠡᠮᠴᠢᠯᠡᠭᠰᠡᠨ ᠬᠡᠷᠡᠭᠯᠡᠭᠡᠨ ᠤ ᠲᠠᠯ᠎ᠠ ᠪᠠᠷ ᠰᠢᠨ᠎ᠡ ᠶᠢ ᠡᠭᠦᠳᠦᠭᠰᠡᠨ ᠭᠠᠵᠠᠷ ᠣᠷᠣᠨ ᠢ | ᠰᠣᠩᠭᠤᠨ ᠲᠤᠷᠰᠢᠯᠲᠠ ᠬᠢᠵᠦ᠂ ᠡᠯᠧᠺᠲᠷᠣᠨ ᠭᠡᠷᠡᠴᠢ ᠲᠡᠮᠳᠡᠭ ᠤᠨ ᠨᠡᠶᠢᠭᠡᠮᠴᠢᠯᠡᠭᠰᠡᠨ ᠠᠬᠤᠢ ᠪᠠᠶᠢᠳᠠᠯ ᠢ | ᠥᠷᠭᠡᠨ ᠢᠶᠠᠷ ᠬᠡᠷᠡᠭᠯᠡᠬᠦ ᠶᠢ ᠠᠬᠢᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠡᠯ᠎ᠡ ᠭᠠᠵᠠᠷ ᠤᠨ ᠬᠢᠨ ᠰᠣᠶᠣᠯ ᠪᠠ | ᠵᠢᠭᠤᠯᠴᠢᠯᠠᠯ ᠤᠨ ᠶᠠᠮᠤᠨ ᠤ ᠲᠤᠷᠰᠢᠯᠲᠠ ᠶᠢᠨ ᠴᠡᠭ ᠤᠨ ᠬᠡᠯᠪᠡᠷᠢ ᠪᠠᠷ ᠯᠠᠪᠯᠠᠯᠲᠠ ᠪᠣᠯᠭᠠᠵᠤ᠂ ᠲᠣᠰ ᠣᠷᠣᠨ | ᠪᠦᠰᠡ ᠶᠢᠨ ᠳᠣᠲᠣᠷᠠᠬᠢ ᠲᠤᠷᠰᠢᠯᠲᠠ ᠶᠢᠨ ᠴᠡᠭ ᠤᠨ ᠠᠵᠢᠯ ᠢ ᠵᠣᠬᠢᠶᠠᠨ ᠪᠠᠶᠢᠭᠤᠯᠵᠤ᠂ ᠡᠯᠧᠺᠲᠷᠣᠨ ᠭᠡᠷᠡᠴᠢ | ᠲᠡᠮᠳᠡᠭ ᠤᠨ ᠬᠡᠷᠡᠭᠯᠡᠯᠲᠡ ᠶᠢᠨ ᠠᠬᠤᠢ ᠪᠠᠶᠢᠳᠠᠯ ᠢ ᠥᠷᠭᠡᠳᠬᠡᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠳᠡᠯᠭᠡᠷᠡᠭᠦᠯᠦᠨ | ᠬᠡᠷᠡᠭᠯᠡᠬᠦ ᠶᠢ ᠪᠣᠶ ᠪᠣᠯᠭᠠᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ | ᠲᠡᠮᠳᠡᠭ ᠤᠨ ᠬᠡᠷᠡᠭᠯᠡᠯᠲᠡ ᠶᠢᠨ ᠰᠠᠶᠢᠨ ᠰᠠᠶᠢᠬᠠᠨ ᠠᠮᠢ ᠠᠬᠤᠢ ᠶᠢ ᠪᠣᠶ ᠪᠣᠯᠭᠠᠵᠤ ᠪᠣᠯᠣᠨ᠎ᠠ᠃ | ︵ᠲᠠᠪᠤ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠭᠤᠣᠯᠳᠠᠯᠭ᠎ᠠ ᠲᠠᠢ ᠴᠢᠩᠭᠠᠳᠬᠠᠬᠤ ᠪᠠ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ | ᠴᠢᠩᠭᠠᠷᠠᠭᠤᠯᠤᠨ᠎ᠠ᠃ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠲᠠᠯ᠎ᠠ ᠪᠠᠷ᠂ ︽ᠮᠡᠳᠡᠭᠳᠡᠯ︾ ᠳᠤ | ᠱᠠᠭᠠᠷᠳᠠᠭᠰᠠᠨ ᠨᠢ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ | ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ | ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠯᠭᠡᠷᠡᠭᠦᠯᠦᠨ ᠬᠡᠷᠡᠭᠯᠡᠬᠦ ᠠᠵᠢᠯ ᠢ ᠢᠳᠡᠪᠬᠢᠲᠡᠢ ᠪᠠᠶᠢᠷᠢᠯᠠᠭᠤᠯᠤᠨ | ᠥᠷᠨᠢᠭᠦᠯᠬᠦ ᠬᠡᠷᠡᠭᠲᠡᠢ᠃ ᠡᠭᠦᠨ ᠤ ᠬᠠᠮᠲᠤ᠂ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠢ ᠪᠠᠲᠤᠯᠠᠬᠤ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠤᠬᠠᠭᠤᠯᠤᠨ ᠳᠡᠯᠭᠡᠷᠡᠭᠦᠯᠬᠦ ᠡᠷᠴᠢᠮ ᠢ | ᠴᠢᠩᠭᠠᠷᠠᠭᠤᠯᠬᠤ ᠲᠠᠯ᠎ᠠ ᠪᠠᠷ᠂ ︽ᠮᠡᠳᠡᠭᠳᠡᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠣᠯᠠᠨ ᠵᠦᠢᠯ ᠤᠨ | ᠬᠡᠯᠪᠡᠷᠢ ᠪᠠᠷ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠡᠯᠧᠺᠲᠷᠣᠨ ᠦᠨᠡᠮᠯᠡᠯ ᠤᠨ ᠲᠠᠨᠢᠨ | ᠮᠡᠳᠡᠷᠡᠬᠦᠢ ᠪᠠ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ | ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠬᠦ | ᠬᠡᠷᠡᠭᠲᠡᠢ᠃ | ᠭᠤᠷᠪᠠ᠂ ᠴᠢᠬᠤᠯᠠ ᠠᠴᠢ ᠬᠤᠯᠪᠣᠭᠳᠠᠯ | ᠡᠯᠧᠺᠲᠷᠣᠨ ᠭᠡᠷᠡᠴᠢ ᠲᠡᠮᠳᠡᠭ ᠭᠡᠳᠡᠭ ᠨᠢ ᠺᠣᠮᠫᠢᠦ᠋ᠲ᠋ᠧᠷ ᠵᠡᠷᠭᠡ ᠡᠯᠧᠺᠲᠷᠣᠨ ᠲᠥᠬᠦᠭᠡᠷᠦᠮᠵᠢ ᠪᠠᠷ | ᠦᠢᠯᠡᠳᠦᠭᠰᠡᠨ᠂ ᠳᠠᠮᠵᠢᠭᠤᠯᠬᠤ ᠪᠠ ᠬᠠᠳᠠᠭᠠᠯᠠᠬᠤ ᠭᠡᠷᠡᠴᠢ ᠲᠡᠮᠳᠡᠭ᠂ ᠦᠨᠡᠮᠯᠡᠯ ᠵᠡᠷᠭᠡ ᠡᠯᠧᠺᠲᠷᠣᠨ ᠪᠢᠴᠢᠭ | ᠮᠠᠲ᠋ᠧᠷᠢᠶᠠᠯ ᠢ ᠵᠢᠭᠠᠵᠤ ᠪᠠᠶᠢᠨ᠎ᠠ᠂ ᠴᠠᠭᠠᠰᠤᠨ ᠭᠡᠷᠡᠴᠢ ᠲᠡᠮᠳᠡᠭ ᠲᠠᠢ ᠬᠠᠷᠢᠴᠠᠭᠤᠯᠪᠠᠯ᠂ ᠡᠯᠧᠺᠲᠷᠣᠨ ᠭᠡᠷᠡᠴᠢ | ᠲᠡᠮᠳᠡᠭ ᠤᠨ ᠥᠪᠡᠷ ᠤᠨ ᠦᠷᠳᠡᠭ ᠨᠢ ᠳᠣᠣᠷ᠎ᠠ᠂ ᠳᠠᠮᠵᠢᠭᠤᠯᠬᠤ ᠳᠤ ᠲᠦᠷᠭᠡᠨ᠂ ᠰᠢᠯᠭᠠᠨ ᠪᠠᠲᠤᠯᠠᠬᠤ ᠳᠤ ᠬᠢᠯᠪᠠᠷ᠂ | ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠵᠦ ᠴᠢᠳᠠᠬᠤ ᠪᠦᠭᠡᠳ᠂ ᠭᠡᠭᠡᠭᠳᠡᠬᠦ ᠦᠭᠡᠢ᠂ ᠬᠡᠷᠡᠭᠯᠡᠬᠦ ᠳᠤ ᠲᠦᠬᠦᠮ ᠵᠡᠷᠭᠡ | ᠳᠠᠪᠠᠭᠤᠯᠢᠭ ᠲᠠᠯ᠎ᠠ ᠲᠠᠢ ᠪᠠᠶᠢᠳᠠᠭ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠦᠷᠢᠶᠡᠨ ᠳᠤ | ᠡᠯᠧᠺᠲᠷᠣᠨ ᠭᠡᠷᠡᠴᠢ ᠲᠡᠮᠳᠡᠭ ᠢ ᠳᠡᠯᠭᠡᠷᠡᠭᠦᠯᠦᠨ ᠬᠡᠷᠡᠭᠯᠡᠬᠦ ᠪᠤᠯ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠲᠣᠭᠠᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠰᠣᠶᠣᠯ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠠᠷᠠᠳ ᠲᠤ ᠲᠥᠬᠦᠮ ᠦᠵᠡᠭᠦᠯᠵᠦ ᠠᠷᠠᠳ ᠲᠤ | ᠠᠰᠢᠭ ᠬᠦᠷᠲᠡᠭᠡᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠳᠠᠲᠠᠢ ᠠᠷᠭ᠎ᠠ | ᠬᠡᠮᠵᠢᠶ᠎ᠡ ᠪᠠᠶᠢᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠦᠷᠢᠶᠡᠨ ᠳᠤ ᠬᠢ ᠲᠣᠭᠠᠵᠢᠭᠤᠯᠬᠤ | ᠵᠠᠰᠠᠭ ᠤᠨ ᠣᠷᠳᠣᠨ ᠤ ᠪᠠᠶᠢᠭᠤᠯᠤᠯᠲᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠂ ︽ᠢᠨᠲ᠋ᠧᠷ ᠰᠦᠯᠵᠢᠶ᠎ᠡ + ᠬᠢᠨᠠᠯᠲᠠ | ᠬᠠᠮᠢᠶᠠᠷᠤᠯᠲᠠ︾ ᠵᠡᠷᠭᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠮᠡᠳᠡᠭᠳᠡᠯ︾ ᠢ | ᠳᠠᠷᠤᠮᠠᠯᠯᠠᠨ ᠲᠠᠷᠬᠠᠭᠠᠭᠰᠠᠨ ᠨᠢ ᠡᠯᠧᠺᠲᠷᠣᠨ ᠭᠡᠷᠡᠴᠢ ᠲᠡᠮᠳᠡᠭ ᠢ ᠰᠣᠶᠣᠯ ᠪᠠ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃ ︽ᠮᠡᠳᠡᠭᠳᠡᠯ | ︾ ᠳᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯᠧᠺᠲᠷᠣᠨ ᠭᠡᠷᠡᠴᠢ ᠲᠡᠮᠳᠡᠭ ᠢ ᠳᠡᠯᠭᠡᠷᠡᠭᠦᠯᠦᠨ | ᠬᠡᠷᠡᠭᠯᠡᠬᠦ ᠦᠨᠳᠦᠰᠦᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠭᠠᠵᠠᠷ ᠤᠨ ᠬᠢᠨ ᠤ | ᠡᠯᠧᠺᠲᠷᠣᠨ ᠭᠡᠷᠡᠴᠢ ᠲᠡᠮᠳᠡᠭ ᠢ ᠬᠠᠮᠲᠤ ᠪᠠᠷ ᠡᠳ᠋ᠯᠡᠬᠦ ᠬᠡᠷᠡᠭᠯᠡᠭᠡᠨ ᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠵᠦ᠂ ᠱᠠᠭᠠᠷᠳᠠᠯᠭ᠎ᠠ ᠳᠤᠷᠠᠳᠤᠨ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠪᠠ ᠠᠵᠢᠯᠯᠠᠵᠤ ᠪᠠᠶᠢᠭ᠎ᠠ ᠬᠥᠮᠥᠰ ᠤᠨ ᠡᠯᠧᠺᠲᠷᠣᠨ ᠦᠨᠡᠮᠯᠡᠯ ᠢ ᠭᠤᠶᠤᠴᠢᠯᠠᠨ ᠠᠪᠬᠤ ᠪᠠ ᠬᠡᠷᠡᠭᠯᠡᠬᠦ ᠳᠤ | ᠵᠦᠭᠯᠡᠭᠦᠷ ᠬᠠᠩᠭᠠᠭᠰᠠᠨ ᠪᠠᠶᠢᠨ᠎ᠠ᠂ ᠡᠨᠡ ᠪᠣᠯ ᠬᠤᠶᠢᠰᠢᠳᠠ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠡᠯᠧᠺᠲᠷᠣᠨ ᠭᠡᠷᠡᠴᠢ ᠲᠡᠮᠳᠡᠭ ᠤᠨ ᠠᠵᠢᠯ ᠢ ᠲᠦᠯᠬᠢᠨ ᠠᠬᠢᠭᠤᠯᠬᠤ ᠶᠢᠨ ᠵᠢᠯᠤᠭᠤᠳᠬᠤ ᠴᠢᠨᠠᠷᠲᠠᠢ᠂ | ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠃ |