︽ᠰᠦᠯᠵᠢᠶᠡᠨ ᠳᠡᠭᠡᠷᠡᠬᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/12/1
     ᠰᠦᠯᠵᠢᠶᠡᠨ ᠳᠡᠭᠡᠷᠡᠬᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠲᠠᠪᠴᠠᠩ ᠤᠨ ᠡᠵᠡᠩᠨᠡᠭᠴᠢᠳ ᠤᠨ ᠵᠢᠭᠤᠯᠴᠢᠯᠠᠯ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠢᠳᠡᠪᠬᠢ ᠦᠢᠯᠡᠳᠦᠯ ᠢ ᠵᠠᠮ ᠬᠠᠷᠢᠯᠴᠠᠭ᠎ᠠ᠂ ᠬᠤᠨᠤᠭ ᠪᠠᠭᠤᠳᠠᠯ᠂ ᠬᠤᠭᠤᠯᠠ ᠤᠮᠳᠠ᠂ ᠵᠤᠭᠠᠴᠠᠯ᠂ ᠵᠤᠭ᠎ᠠ ᠴᠡᠩᠭᠡᠯ ᠵᠡᠷᠭᠡ ᠬᠠᠮᠢᠶ᠎ᠠ ᠪᠦᠬᠦᠢ ᠵᠢᠭᠤᠯᠴᠢᠯᠠᠯ ᠤᠨ ᠡᠵᠡᠩᠨᠡᠭᠴᠢᠳ ᠤᠨ ᠬᠠᠮᠵᠢᠯᠴᠠᠨ ᠬᠥᠭᠵᠢᠬᠦ  ᠶᠢ ᠳᠠᠶᠢᠴᠢᠯᠠᠵᠤ᠂ ᠲᠣᠭᠠᠵᠢᠭᠤᠯᠤᠭᠰᠠᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠰᠦᠯᠵᠢᠶᠡᠨ ᠳᠤ ᠬᠢ ᠵᠢᠭᠤᠯᠴᠢᠯᠠᠯ ᠤᠨ ᠲᠠᠪᠴᠠᠩ ᠤᠨ ᠡᠵᠡᠩᠨᠡᠭᠴᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠳᠡᠮᠵᠢᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ ︽ᠰᠦᠯᠵᠢᠶᠡᠨ ᠳᠤ ᠬᠢ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠃      ᠨᠢᠭᠡ᠂ ︽ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠤᠢ︖      ᠬᠠᠷᠢᠭᠤᠯᠲᠠ᠄ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠵᠠᠬ᠎ᠠ ᠳᠡᠯᠭᠡᠭᠦᠷ ᠲᠦᠷᠭᠡᠨ ᠢᠶᠠᠷ ᠬᠥᠭᠵᠢᠵᠦ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠡᠵᠡᠩᠨᠡᠭᠴᠢ ᠶᠢᠨ ᠲᠤᠭ᠎ᠠ ᠲᠠᠰᠤᠷᠠᠯᠲᠠ ᠦᠭᠡᠢ ᠨᠡᠮᠡᠭᠳᠡᠵᠦ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠦᠢᠯᠡᠴᠢᠯᠡᠭᠡᠨ ᠤ ᠵᠠᠭᠪᠤᠷ ᠲᠠᠰᠤᠷᠠᠯᠲᠠ ᠦᠭᠡᠢ ᠢᠯᠡᠷᠡᠨ ᠭᠠᠷᠴᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ ᠰᠢᠨ ᠭᠤᠸᠠᠨ ᠸᠢᠷᠦ᠋ᠰ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠡᠵᠡᠩᠨᠡᠭᠴᠢ ᠵᠢᠭᠤᠯᠴᠢᠯᠠᠭᠴᠢᠳ ᠤᠨ ᠵᠠᠬᠢᠶᠠᠯᠠᠭ᠎ᠠ ᠶᠢᠨ ᠬᠠᠭᠤᠳᠠᠰᠤ ᠶᠢ ᠪᠤᠴᠠᠭᠠᠵᠤ ᠥᠭᠡᠷᠡᠴᠢᠯᠡᠬᠦ᠂ ᠵᠢᠭᠤᠯᠴᠢᠯᠠᠯ ᠤᠨ ᠵᠣᠷᠢᠭᠰᠠᠨ ᠭᠠᠵᠠᠷ ᠢ ᠤᠷᠢᠳᠴᠢᠯᠠᠨ ᠮᠡᠳᠡᠭᠡᠯᠡᠬᠦ᠂ ᠦᠵᠡᠮᠵᠢ ᠶᠢᠨ ᠣᠷᠣᠨ ᠤ ᠤᠷᠤᠰᠴᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠠᠮᠤᠷ ᠲᠦᠪᠰᠢᠨ ᠤ ᠤᠬᠠᠭᠤᠯᠭ᠎ᠠ ᠶᠢ ᠬᠥᠲᠥᠯᠥᠨ ᠵᠢᠯᠤᠭᠤᠳᠬᠤ ᠵᠡᠷᠭᠡ ᠲᠠᠯ᠎ᠠ ᠪᠠᠷ ᠮᠠᠰᠢ ᠣᠯᠠᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠥᠷᠨᠢᠭᠦᠯᠦᠭᠰᠡᠨ ᠪᠠᠶᠢᠨ᠎ᠠ᠃ ᠰᠦᠯᠵᠢᠶᠡᠨ ᠳᠡᠭᠡᠷᠡᠬᠢ ᠵᠢᠭᠤᠯᠴᠢᠯᠠᠯ ᠡᠵᠡᠩᠨᠡᠭᠴᠢ ᠪᠠᠰᠠ ︽ᠰᠠᠨᠠᠭ᠎ᠠ ᠠᠮᠤᠷ ᠵᠢᠭᠤᠯᠴᠢᠯᠠᠯ︾ ︽ᠠᠮᠤᠷ ᠲᠦᠪᠰᠢᠨ ᠵᠢᠭᠤᠯᠴᠢᠯᠠᠯ︾ ᠵᠡᠷᠭᠡ ᠵᠢᠭᠤᠯᠴᠢᠯᠠᠯ ᠤᠨ ᠦᠢᠯᠡᠳᠬᠦᠨ ᠢ ᠰᠦᠪᠡᠭᠴᠢᠯᠡᠨ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠤᠨ ᠰᠡᠷᠭᠦᠯᠲᠡ ᠪᠠ ᠴᠡᠴᠡᠭᠯᠡᠯ ᠬᠥᠭᠵᠢᠯ ᠢ ᠠᠬᠢᠭᠤᠯᠬᠤ ᠳᠤ ᠠᠰᠢᠭᠲᠠᠢ ᠲᠤᠷᠰᠢᠯᠲᠠ ᠬᠢᠭᠰᠡᠨ ᠪᠠᠶᠢᠨ᠎ᠠ᠃ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠵᠠᠬ᠎ᠠ ᠳᠡᠯᠭᠡᠭᠦᠷ ᠲᠦᠷᠭᠡᠨ ᠢᠶᠠᠷ ᠰᠡᠷᠭᠦᠵᠦ᠂ ᠵᠣᠴᠢᠳ ᠤᠨ ᠪᠠᠭᠤᠳᠠᠯ ᠤᠨ ᠠᠷᠠᠳ ᠤᠨ ᠣᠷᠣᠨ ᠰᠠᠭᠤᠴᠠ ᠶᠢ ︽ᠳᠠᠪᠠᠭᠤᠯᠤᠨ ᠬᠤᠳᠠᠯᠳᠤᠭᠰᠠᠨ︾᠂      ︽ᠵᠦᠢ ᠵᠣᠬᠢᠰ ᠦᠭᠡᠢ ᠬᠢᠮᠳᠠ ᠦᠨ᠎ᠡ ᠶᠢᠨ ᠵᠢᠭᠤᠯᠴᠢᠯᠠᠯ︾᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠬᠢᠯᠢ ᠠᠴᠠ ᠭᠠᠷᠬᠤ ᠵᠢᠭᠤᠯᠴᠢᠯᠠᠯ᠂   ︽ᠬᠡᠭᠡᠷ᠎ᠡ ᠶᠢᠨ ᠦᠵᠡᠮᠵᠢ ᠶᠢᠨ ᠣᠷᠣᠨ︾ ᠤ ᠠᠮᠤᠷ ᠲᠦᠪᠰᠢᠨ ᠤ ᠲᠦᠭᠰᠢᠭᠦᠷᠢ ᠶᠢᠨ ᠰᠠᠨᠠᠭᠤᠯᠤᠮᠵᠢ ᠨᠢ ᠪᠠᠷᠢᠮᠵᠢᠶ᠎ᠠ ᠳᠤ ᠬᠦᠷᠬᠦ ᠦᠭᠡᠢ ᠵᠡᠷᠭᠡ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠦᠶᠯᠡ ᠠᠵᠢᠯᠯᠠᠭ᠎ᠠ ᠳᠠᠬᠢᠨᠲᠠ ᠢᠯᠡᠷᠡᠪᠡ᠃ ᠡᠶᠢᠮᠦᠷᠬᠦ ᠠᠬᠤᠢ ᠪᠠᠶᠢᠳᠠᠯ ᠤᠨ ᠳᠣᠣᠷ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂ ᠥᠷᠭᠡᠨ ᠢᠶᠠᠷ ᠰᠠᠨᠠᠯ ᠬᠤᠷᠢᠶᠠᠬᠤ ᠪᠠᠷ ᠳᠠᠮᠵᠢᠭᠤᠯᠤᠨ᠂ ︽ᠰᠠᠨᠠᠯ︾ ᠢ ᠲᠤᠭᠤᠷᠪᠢᠭᠰᠠᠨ ᠪᠥᠭᠡᠳ ᠳᠠᠷᠤᠮᠠᠯᠯᠠᠨ ᠲᠠᠷᠬᠠᠭᠠᠪᠠ᠃      ᠬᠤᠶᠠᠷ᠂ ︽ᠰᠠᠨᠠᠯ︾ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠤᠢ︖      ᠬᠠᠷᠢᠭᠤᠯᠲᠠ᠄ ︽ᠰᠠᠨᠠᠯ︾ ᠤᠨ ᠭᠤᠣᠯ ᠠᠭᠤᠯᠭ᠎ᠠ ᠳᠤ᠄ ᠨᠢᠭᠡ ᠳᠤ ᠦᠨᠳᠦᠰᠦᠨ ᠵᠠᠷᠴᠢᠮ ᠢ ᠲᠣᠳᠣᠷᠬᠠᠶᠢᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ᠂ ᠬᠥᠮᠥᠨ ᠢᠶᠠᠷ ᠦᠨᠳᠦᠰᠦ ᠪᠣᠯᠭᠠᠬᠤ᠂ ᠵᠣᠬᠢᠴᠠᠩᠭᠤᠢ ᠪᠠᠷ ᠬᠥᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ᠃ ᠬᠤᠶᠠᠷ ᠲᠤ᠂ ᠠᠵᠢᠯ ᠤᠨ ᠭᠤᠣᠯᠳᠠᠯᠭ᠎ᠠ ᠶᠢ ᠳᠤᠪᠤᠶᠢᠯᠭᠠᠵᠤ᠂ ᠠᠭᠤᠯᠭ᠎ᠠ ᠶᠢᠨ ᠠᠮᠤᠷ ᠲᠦᠪᠰᠢᠨ ᠤ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠬᠢᠵᠢᠭᠦᠯᠵᠦ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠠᠵᠢᠯ ᠲᠦᠷᠦᠯ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃ ᠭᠤᠷᠪᠠ ᠳᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂  ᠲᠣᠭᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠳᠥᠷᠪᠡ ᠳᠤ᠂ ᠲᠡᠳᠬᠦᠵᠦ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠦᠴᠢᠷᠳᠡᠯ ᠢ ᠰᠢᠢᠳᠪᠦᠷᠢᠯᠡᠬᠦ ᠶᠢ ᠲᠡᠳᠬᠦᠬᠦ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠵᠢᠭᠤᠯᠴᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠠᠪᠴᠠᠩ ᠤᠨ ᠡᠵᠡᠩᠨᠡᠯᠲᠡ ᠶᠢᠨ ᠵᠢᠭᠤᠯᠴᠢᠯᠠᠯ ᠤᠨ ᠤᠷᠢᠳᠴᠢᠯᠠᠨ ᠬᠤᠳᠠᠯᠳᠤᠬᠤ ᠲᠤᠬᠠᠶᠢᠯᠠᠭᠰᠠᠨ ᠠᠵᠢᠯ ᠢ ᠰᠦᠪᠡᠭᠴᠢᠯᠡᠵᠦ᠂ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠭᠤᠷᠪᠠ᠂ ︽ᠰᠠᠨᠠᠯ︾ ᠳᠤ ᠶᠠᠭᠤᠨ ᠤ ᠤᠴᠢᠷ ᠠᠴᠠ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠪᠠ ᠵᠢᠷᠤᠮᠵᠢᠭᠰᠠᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠲᠣᠪᠤᠶᠢᠯᠭᠠᠨ ᠪᠤᠢ ᠪᠣᠯᠭᠠᠬᠤ ᠪᠤᠢ︖      ᠬᠠᠷᠢᠭᠤᠯᠲᠠ᠄ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠡᠵᠡᠩᠨᠡᠯᠲᠡ ᠶᠢᠨ ᠦᠢᠯᠡᠴᠢᠯᠡᠭᠡ ᠪᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠮᠥᠨ᠂ ᠥᠷᠭᠡᠨ ᠣᠯᠠᠨ ᠠᠷᠠᠳ ᠲᠦᠮᠡᠨ ᠤ ᠵᠢᠭᠤᠯᠴᠢᠯᠠᠯ ᠤᠨ ᠬᠡᠷᠡᠭᠴᠡᠭᠡ ᠶᠢ ᠬᠠᠩᠭᠠᠬᠤ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠴᠢᠬᠤᠯᠠ ᠬᠦᠴᠦᠨ ᠮᠥᠨ᠃ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠲᠠᠪᠴᠠᠩ ᠤᠨ ᠡᠵᠡᠩᠨᠡᠭᠴᠢ ᠨᠢ ᠬᠥᠷᠥᠩᠭᠡ ᠲᠥᠪᠯᠡᠷᠡᠭᠰᠡᠨ᠂ ᠲᠡᠷᠢᠭᠦᠨ ᠤ ᠮᠡᠷᠭᠡᠵᠢᠯ ᠲᠠᠢ ᠂ ᠨᠡᠶᠢᠭᠡᠮ ᠤᠨ ᠳᠠᠶᠢᠴᠢᠯᠠᠯᠲᠠ ᠶᠢᠨ ᠴᠢᠳᠠᠪᠤᠷᠢ ᠪᠠᠷ ᠴᠢᠩᠭ᠎ᠠ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢᠶᠠᠷ ᠶᠡᠭᠡ ᠵᠡᠷᠭᠡ ᠣᠨᠴᠠᠯᠢᠭ ᠲᠠᠢ ᠪᠠᠶᠢᠵᠤ᠂ ᠭᠠᠭᠴᠠ ᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠯᠡᠵᠦ᠂ ᠵᠢᠷᠤᠮᠵᠢᠭᠤᠯᠬᠤ ᠶᠢᠨ ᠳᠤᠮᠳᠠ ᠬᠥᠭᠵᠢᠭᠦᠯᠬᠦ᠂ ᠬᠥᠭᠵᠢᠭᠦᠯᠬᠦ ᠶᠢᠨ ᠳᠤᠮᠳᠠ ᠵᠢᠷᠤᠮᠵᠢᠭᠤᠯᠬᠤ ᠶᠢ ᠪᠠᠷᠢᠮᠲᠠᠯᠠᠵᠤ᠂ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠵᠢᠷᠤᠮᠵᠢᠭᠰᠠᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠵᠤ᠂ ᠬᠥᠭᠵᠢᠯᠲᠡ ᠶᠢᠨ ᠶᠠᠪᠤᠴᠠ ᠳᠤ ᠬᠢ ᠠᠶᠤᠯ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤ ᠨᠢ ᠠᠷᠢᠯᠭᠠᠪᠠᠯ ᠰᠠᠶ᠋ᠢ ᠡᠯ᠎ᠡ ᠲᠦᠷᠦᠯ ᠤᠨ ᠵᠢᠭᠤᠯᠴᠢᠯᠠᠯ ᠡᠵᠡᠩᠨᠡᠭᠴᠢᠳ ᠤᠨ ᠬᠥᠭᠵᠢᠯᠲᠡ ᠶᠢᠨ ᠠᠰᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃      ᠳᠥᠷᠪᠡ᠂ ︽ᠰᠠᠨᠠᠯ︾ ᠳᠤ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠲᠠᠪᠴᠠᠩ ᠤᠨ ᠡᠵᠡᠩᠨᠡᠭᠴᠢᠳ ᠲᠤ ᠶᠠᠮᠠᠷ ᠶᠠᠮᠠᠷ ᠭᠤᠣᠯᠳᠠᠯᠭ᠎ᠠ ᠲᠠᠢ ᠱᠠᠭᠠᠷᠳᠠᠯᠭ᠎ᠠ ᠪᠠᠶᠢᠬᠤ ᠪᠣᠶ︖      ᠬᠠᠷᠢᠭᠤᠯᠲᠠ᠄ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠲᠠᠪᠴᠠᠩ ᠤᠨ ᠡᠵᠡᠩᠨᠡᠭᠴᠢ ᠲᠠᠪᠴᠠᠩ ᠤᠨ ᠳᠣᠲᠣᠷᠠᠬᠢ ᠡᠵᠡᠩᠨᠡᠭᠴᠢ ᠶᠢᠨ ᠬᠢᠷᠢ ᠬᠡᠮ ᠢ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠲᠠᠪᠴᠠᠩ ᠤᠨ ᠮᠡᠳᠡᠭᠡ ᠵᠠᠩᠭᠢ ᠶᠢᠨ ᠠᠭᠤᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ︔ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠠ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠵᠢᠶᠠᠰᠠᠨ ᠳᠤ ᠭᠠᠷᠤᠭᠰᠠᠨ ᠵᠢᠭᠤᠯᠴᠢᠯᠠᠯ ᠤᠨ ᠦᠢᠯᠡᠳᠬᠦᠨ ᠪᠤᠶᠤ ᠦᠢᠯᠡᠴᠢᠯᠡᠭᠡᠨ ᠤ ᠲᠦᠭᠰᠢᠭᠦᠷᠢ ᠶᠢ ᠬᠢᠨᠠᠨ ᠬᠡᠮᠵᠢᠬᠦ ᠪᠠ  ᠠᠶᠤᠯ ᠦᠭᠡᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠭᠡᠨᠡᠳᠲᠡ ᠶᠢᠨ ᠬᠡᠷᠡᠭ ᠪᠤᠶᠤ ᠵᠢᠭᠤᠯᠴᠢᠯᠠᠯ ᠤᠨ ᠠᠶᠤᠯ ᠦᠭᠡᠢ ᠶᠢᠨ ᠡ᠊ᠨᠳᠡᠯ ᠭᠠᠷᠪᠠᠯ ᠲᠡᠷᠡ ᠳᠠᠷᠤᠢ ᠳᠤ ᠨᠢ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠪᠤᠷᠠᠨ ᠲᠤᠰᠠᠯᠠᠬᠤ᠂ ᠪᠠᠶᠢᠴᠠᠭᠠᠯᠲᠠ ᠬᠢᠬᠦ ᠪᠠ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠵᠢᠭᠤᠯᠴᠢᠯᠠᠭᠴᠢ ᠶᠢᠨ ᠬᠤᠪᠢ ᠬᠥᠮᠥᠨ ᠤ ᠰᠡᠷᠭᠡᠭ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠵᠦᠢ ᠵᠣᠬᠢᠰᠲᠠᠢ ᠡᠵᠡᠩᠨᠡᠯᠲᠡ ᠶᠢᠨ ᠬᠡᠷᠡᠭᠴᠡᠭᠡ ᠠᠴᠠ ᠳᠠᠪᠠᠵᠤ ᠵᠢᠭᠤᠯᠴᠢᠯᠠᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢ ᠴᠤᠭᠯᠠᠭᠤᠯᠬᠤ ᠶᠢ ᠰᠡᠷᠭᠡᠶᠢᠯᠡᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠲᠣᠮᠣ ᠳ᠋ᠠᠶᠢᠲ᠋ᠠ ᠶᠢ ᠪᠣᠯᠪᠠᠰᠤᠷᠠᠩᠭᠤᠢ ᠪᠣᠯᠭᠠᠬᠤ᠂ ᠬᠤᠳᠠᠯ ᠬᠠᠭᠤᠷᠮᠠᠭ ᠢᠶᠠᠷ ᠤᠬᠠᠭᠤᠯᠬᠤ᠂ ᠬᠤᠳᠠᠯ ᠬᠠᠭᠤᠷᠮᠠᠭ ᠢᠶᠠᠷ ᠵᠠᠬᠢᠶᠠᠯᠠᠬᠤ ᠵᠡᠷᠭᠡ ᠵᠢᠭᠤᠯᠴᠢᠯᠠᠭᠴᠢ ᠶᠢᠨ ᠡᠷᠬᠡ ᠠᠰᠢᠭ ᠲᠤ ᠬᠠᠯᠳᠠᠬᠤ ᠦᠶᠯᠡ ᠠᠵᠢᠯᠯᠠᠭ᠎ᠠ ᠠᠴᠠ ᠵᠠᠶᠢᠯᠠᠰᠬᠢᠬᠦ ᠬᠡᠷᠡᠭᠲᠡᠢ︔ ᠵᠥᠪᠰᠢᠶᠡᠷᠡᠯ ᠣᠯᠣᠭᠰᠠᠨ ᠦᠭᠡᠢ ᠪᠠᠷ ᠵᠢᠭᠤᠯᠴᠢᠯᠠᠯ ᠤᠨ ᠭᠠᠵᠠᠷ ᠤᠨ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠬᠦ᠂ ︽ᠵᠦᠢ ᠵᠣᠬᠢᠰ ᠦᠭᠡᠢ ᠬᠢᠮᠳᠠ ᠦᠨ᠎ᠡ ᠶᠢᠨ ᠵᠢᠭᠤᠯᠴᠢᠯᠠᠯ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡᠳᠬᠦᠨ ᠢ ᠬᠢᠨᠠᠨ ᠬᠡᠮᠵᠢᠬᠦ᠂ ᠢᠯᠡᠷᠡᠭᠦᠯᠬᠦ᠂   ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠬᠦ ᠶᠢ ᠴᠢᠩᠭᠠᠳᠬᠠᠵᠤ᠂ ᠠᠵᠢᠯ ᠲᠦᠷᠦᠯ ᠤᠨ ᠬᠡᠪ ᠤᠨ ᠡᠮᠬᠢ ᠵᠢᠷᠤᠮ ᠢ ᠬᠠᠮᠠᠭᠠᠯᠠᠵᠤ᠂ ᠵᠢᠭᠤᠯᠴᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠬᠡᠷᠡᠭᠲᠡᠢ᠃  
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号