ᠦᠪᠡᠷᠳᠡᠭᠡᠨ ᠵᠠᠰᠠᠬᠤ ᠣᠷᠣᠨ ᠤ ᠲᠡᠤᠬᠡ ᠶᠢᠨ ᠳᠣᠷᠠᠰᠬᠠᠯᠲᠦ ᠵᠦᠢᠯᠡᠰ ᠤᠨ ᠲᠣᠪᠴᠢᠶ᠎ᠠ
ᠨᠡᠶᠢᠲᠡᠯᠡᠭᠰᠡᠨ ᠴᠠᠭ᠄
2023/12/15
     ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠡᠤᠬᠡ ᠶᠢᠨ ᠳᠣᠷᠠᠰᠬᠠᠯᠲᠦ  ᠵᠦᠢᠯᠡᠰ ᠤᠨ ᠲᠣᠪᠴᠢᠶ᠎ᠠ ᠪᠣᠯ ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠬᠠᠮᠢᠶᠠᠷᠣᠯᠲᠠ ᠶᠢᠨ ᠪᠠᠶᠢᠭᠤᠯᠣᠮᠵᠢ ᠶᠣᠮ᠂ ᠲᠡᠳ᠋ ᠲᠢᠩᠬᠢᠮ ᠤᠨ ᠲᠡᠰ᠃ ᠡᠭᠦᠷᠭᠡ ᠲᠣᠰᠢᠶᠠᠯ ᠨᠢ ᠭᠤᠤᠯᠳᠠᠭᠤ᠄      ︵ᠨᠢᠭᠡ  ︶  ᠨᠠᠮ   ᠤᠨ  ᠱᠣᠭᠤᠮ ᠴᠢᠭᠯᠡᠯᠳᠡ᠂ ᠲᠦᠷᠤ ᠶᠢᠨ ᠪᠣᠳᠣᠯᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠤ᠂ ᠣᠯᠣᠰ ᠪᠠ ᠦᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠣᠷᠠᠰᠬᠠᠯᠲᠦ ᠵᠦᠢᠯᠡᠰ ᠪᠠ ᠮᠦᠽᠸᠧᠢ ᠶᠢᠨ ᠬᠠᠮᠢᠶᠠᠲᠠᠢ ᠬᠠᠤᠯᠢ ᠲᠦᠷᠢᠮ   ᠤᠨ ᠵᠣᠬᠢᠶᠠᠨ ᠪᠠᠶᠢᠭᠤᠯᠣᠯᠲᠠ᠂ ᠬᠡᠷᠡᠭᠵᠢᠭᠦᠯᠦᠯᠲᠡ ᠪᠣᠯᠣᠨ ᠬᠢᠨᠠᠨ ᠨᠠᠶᠢᠳᠠᠪᠦᠷᠢᠵᠢᠭᠤᠯᠣᠯᠲᠠ ᠶᠢ ᠴᠢᠩᠭ᠎ᠠ ᠠᠳᠬᠤᠵᠣ᠂ ᠲᠡᠤᠬᠡ ᠶᠢᠨ ᠳᠣᠷᠠᠰᠬᠠᠯᠲᠦ ᠵᠦᠢᠯᠡᠰ ᠤᠨ ᠡᠬᠢ ᠪᠠᠶᠠᠯᠢᠭ ᠤᠨ ᠪᠠᠶᠢᠴᠠᠭᠠᠯᠲᠠ᠂ ᠪᠦᠬᠦ ᠣᠷᠣᠨ ᠤ ᠲᠡᠤᠬᠡ ᠶᠢᠨ ᠳᠣᠷᠠᠰᠬᠠᠯᠲᠦ ᠵᠦᠢᠯᠡᠰ ᠪᠣᠯᠣᠨ ᠮᠦᠽᠸᠧᠢ ᠶᠢᠨ ᠠᠵᠢᠯ ᠦᠢᠯᠡᠰ  ᠤᠨ ᠬᠦᠭᠵᠢᠯ ᠤᠨ ᠲᠦᠰᠦᠪ ᠢ ᠲᠣᠭᠤᠷᠪᠢᠨ ᠪᠢᠴᠢᠬᠦ ᠠᠵᠢᠯ ᠢ ᠵᠣᠬᠢᠶᠠᠨ ᠪᠠᠶᠢᠭᠤᠯᠣᠨ ᠠᠵᠢᠯᠯᠠᠭᠤᠯᠣᠨ᠎ᠠ᠃     ︵ᠬᠤᠶᠠᠷ︶ ᠪᠦᠬᠦ ᠣᠷᠣᠨ ᠤ ᠲᠡᠤᠬᠡ ᠶᠢᠨ ᠳᠣᠷᠠᠰᠬᠠᠯᠲᠦ ᠵᠦᠢᠯᠡᠰ ᠤᠨ ᠬᠠᠮᠠᠭᠠᠯᠠᠯᠲᠠ ᠶᠢᠨ ᠠᠵᠢᠯ ᠳᠤ  ᠬᠠᠮᠵᠢᠯᠴᠠᠨ  ᠵᠢᠭᠠᠨ ᠵᠢᠯᠣᠭᠤᠳᠴᠤ᠂ ᠲᠡᠤᠬᠡ ᠶᠢᠨ ᠳᠣᠷᠠᠰᠬᠠᠯᠲᠦ ᠵᠦᠢᠯᠡᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠶᠢ ᠭᠦᠢᠴᠡᠳᠭᠡᠵᠣ᠂ ᠲᠡᠣᠬᠡ ᠶᠢᠨ ᠳᠣᠷᠠᠰᠬᠠᠯᠲᠦ ᠵᠦᠢᠯᠡᠰ ᠤᠨ ᠲᠠᠯ᠎ᠠ ᠪᠠᠷ ᠬᠢ ᠬᠠᠤᠯᠢ ᠶᠢ ᠵᠦᠷᠢᠴᠡᠭᠰᠡᠨ ᠬᠦᠨᠳᠦ ᠴᠢᠬᠤᠯᠠ ᠶᠠᠯᠠᠳᠦ ᠬᠡᠷᠡᠭ ᠢ ᠬᠢᠨᠠᠨ ᠪᠠᠶᠢᠴᠠᠭᠠᠬᠤ ᠠᠵᠢᠯ ᠢ ᠬᠠᠤᠯᠢ ᠶᠢᠨ ᠳᠠᠭᠠᠤ ᠳᠤ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠲᠠᠢ ᠬᠠᠪᠰᠣᠷᠣᠯᠴᠠᠨ ᠲᠡᠤᠬᠡ ᠶᠢᠨ ᠳᠣᠷᠠᠰᠬᠠᠯᠲᠦ ᠵᠦᠢᠯᠡᠰ ᠤᠨ ᠲᠠᠯ᠎ᠠ ᠪᠠᠷ ᠭᠠᠷᠤᠭᠰᠡᠨ ᠬᠦᠨᠳᠦ ᠴᠢᠬᠤᠯᠠ ᠶᠠᠯᠠᠲᠦ ᠭᠡᠷᠡᠭ ᠢ ᠪᠠᠶᠢᠴᠠᠭᠠᠨ ᠢᠯᠡᠷᠡᠭᠦᠯᠦᠨ᠎ᠡ᠃    ︵ᠭᠤᠷᠪᠠ︶  ᠳᠡᠯᠡᠬᠡᠢ ᠶᠢᠨ ᠰᠣᠶᠣᠯ ᠤᠨ ᠦᠪ ᠢ ᠬᠠᠮᠠᠭᠠᠯᠠᠬᠤ ᠪᠠ ᠬᠠᠮᠢᠶᠠᠷᠬᠤ   ᠶᠢ ᠬᠢᠨᠠᠬᠤ ᠠᠵᠢᠯ ᠢ ᠬᠠᠷᠢᠭᠤᠴᠠᠵᠣ᠂ ᠳᠡᠯᠡᠬᠡᠢ ᠶᠢᠨ ᠰᠣᠶᠣᠯ ᠤᠨ ᠦᠪ ᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠣᠨ ᠠᠵᠢᠯᠯᠠᠭᠤᠯᠣᠨ᠎ᠠ᠂ ᠭᠡᠷ ᠪᠠᠷᠢᠯᠭ᠎ᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠣᠯᠲᠠ ᠶᠢᠨ ᠰᠠᠯᠠᠭ᠎ᠠ ᠮᠦᠴᠢᠷ ᠤᠨ ᠬᠢᠨ ᠲᠠᠢ ᠬᠠᠪᠰᠣᠷᠣᠯᠴᠠᠨ ᠲᠡᠤᠬᠡ ᠶᠢᠨ ᠰᠣᠶᠣᠯ ᠤᠨ ᠨᠡᠷᠡᠳᠦ ᠬᠤᠲᠠ ︵ᠪᠠᠯᠭᠠᠰᠤ᠂ ᠲᠣᠰᠬᠤᠨ︶᠂  ᠲᠡᠤᠬᠡ ᠶᠢᠨ ᠣᠯᠠᠮᠵᠢᠯᠡᠯᠳᠦ ᠪᠠᠭᠤᠷᠢ ᠲᠣᠰᠬᠤᠨ᠂ ᠲᠡᠤᠬᠡ ᠶᠢᠨ ᠰᠣᠶᠣᠯᠳᠦ  ᠵᠡᠭᠡᠯᠢ ᠲᠣᠭᠤᠷᠢᠭ ᠤᠨ ᠬᠠᠮᠠᠭᠠᠯᠠᠯᠲᠠ ᠪᠠ ᠬᠢᠨᠠᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃    ︵ᠲᠦᠷᠪᠡ︶ ᠪᠦᠬᠦ ᠣᠷᠣᠨ ᠤ ᠬᠠᠭᠤᠴᠢ ᠰᠣᠳᠣᠯᠣᠯ ᠤᠨ ᠠᠵᠢᠯ ᠢ ᠬᠠᠷᠢᠭᠤᠴᠠᠨ ᠬᠠᠮᠢᠶᠠᠷᠬᠤ ᠪᠣᠯᠣᠨ ᠵᠢᠭᠠᠨ ᠵᠢᠯᠣᠭᠤᠳᠴᠤ᠂ ᠬᠦᠨᠳᠦ ᠴᠢᠬᠤᠯᠠ ᠲᠡᠤᠬᠡ ᠶᠢᠨ ᠳᠣᠷᠠᠰᠬᠠᠯᠲᠦ ᠵᠦᠢᠯᠡᠰ ᠢ ᠬᠠᠮᠠᠭᠠᠯᠠᠬᠤ ᠪᠠ ᠬᠠᠭᠤᠴᠢ ᠰᠣᠳᠣᠯᠣᠯ  ᠤᠨ ᠲᠦᠷᠦᠯ ᠵᠦᠢᠯᠡᠰ ᠤᠨ ᠬᠡᠷᠡᠭᠵᠢᠭᠦᠯᠦᠯᠲᠡ ᠶᠢ ᠬᠠᠪᠰᠣᠷᠣᠨ ᠵᠣᠬᠢᠶᠡᠨ ᠪᠠᠶᠢᠭᠤᠯᠣᠨ᠎ᠠ᠂ ᠪᠦᠬᠦ ᠤᠯᠤᠰ ᠤᠨ ᠭᠤᠣᠯ ᠪᠣᠯᠬᠤ ᠲᠡᠤᠬᠡ ᠶᠢᠨ ᠳᠣᠷᠠᠰᠬᠠᠯᠲᠦ ᠵᠦᠢᠯᠡᠰ ᠢ ᠬᠠᠮᠠᠭᠠᠯᠠᠬᠤ ᠪᠠᠶᠢᠭᠤᠯᠭ᠎ᠠ ᠶᠢ ᠳᠡᠭᠡᠭᠰᠢ ᠳᠡᠪᠰᠢᠭᠦᠯᠬᠦ ᠪᠠ ᠦᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠲᠡᠤᠬᠡ ᠶᠢᠨ ᠳᠣᠷᠠᠰᠬᠠᠯᠲᠦ ᠵᠦᠢᠯᠡᠰ ᠤᠨ ᠪᠠᠶᠢᠭᠤᠯᠭ᠎ᠠ ᠶᠢᠨ ᠬᠠᠮᠢᠶᠠᠲᠠᠢ ᠠᠵᠢᠯ ᠢ ᠬᠢᠨᠠᠨ ᠵᠦᠪᠰᠢᠶᠡᠷᠡᠬᠦ ᠶᠢ ᠳᠠᠭᠠᠭᠠᠴᠢᠯᠠᠨ ᠬᠢᠨ᠎ᠡ᠃    ︵ᠳᠠᠪᠤ︶ ᠪᠦᠬᠦ ᠣᠷᠣᠨ ᠤ ᠲᠡᠤᠬᠡ ᠶᠢᠨ ᠳᠣᠷᠠᠰᠬᠠᠯᠲᠦ ᠵᠦᠢᠯᠡᠰ ᠪᠠ ᠮᠦᠽᠸᠧᠢ ᠶᠢᠨ ᠤᠯᠠᠨ ᠨᠡᠶᠢᠲᠡ ᠶᠢᠨ ᠦᠢᠯᠡᠴᠢᠯᠡᠯᠭᠡᠨ ᠤ ᠰᠢᠰᠲ᠋ᠧᠮ ᠤᠨ ᠪᠦᠳᠦᠭᠡᠨ ᠪᠠᠶᠢᠭᠤᠯᠣᠯᠲᠡ ᠶᠢ ᠳᠦᠯᠬᠢᠨ ᠠᠬᠢᠭᠤᠯᠬᠤ ᠶᠢ ᠬᠠᠷᠢᠭᠤᠴᠠᠵᠣ᠂ ᠪᠦᠬᠦ ᠤᠷᠣᠨ ᠤ ᠲᠡᠤᠬᠡ ᠶᠢᠨ ᠳᠣᠷᠠᠰᠬᠠᠯᠲᠦ ᠵᠦᠢᠯᠡᠰ ᠪᠠ ᠮᠦᠽᠸᠧᠢ ᠶᠢᠨ ᠠᠵᠢᠯ  ᠦᠢᠯᠡᠰ ᠢ ᠵᠢᠭᠠᠨ ᠵᠢᠯᠣᠭᠤᠳᠣᠨ᠂ ᠮᠦᠽᠸᠧᠢ ᠨᠦᠭᠦᠳ ᠤᠨ ᠬᠤᠭᠤᠷᠣᠨᠳᠣ ᠶᠢᠨ ᠬᠠᠷᠢᠯᠴᠠᠭ᠎ᠠ ᠬᠠᠪᠰᠣᠷᠣᠯᠴᠠᠭ᠎ᠠ ᠶᠢ  ᠵᠦᠪᠳᠡᠯᠴᠡᠨ ᠵᠣᠬᠢᠴᠠᠭᠤᠯᠣᠨ᠎ᠠ᠃     ︵ᠵᠢᠷᠭᠤᠭ᠎ᠠ︶ ᠲᠡᠤᠬᠡ ᠶᠢᠨ ᠳᠣᠷᠠᠰᠬᠠᠯᠲᠦ ᠵᠦᠢᠯᠡᠰ ᠪᠠ ᠮᠦᠽᠸᠧᠢ ᠶᠢᠨ ᠬᠠᠮᠢᠶᠠᠲᠠᠢ ᠬᠢᠨᠠᠨ ᠬᠠᠷᠭᠤᠭᠤᠯᠵᠣ ᠮᠡᠳᠡᠭᠦᠯᠬᠦ᠂ ᠬᠢᠨᠠᠨ ᠵᠦᠪᠰᠢᠶᠡᠷᠡᠭᠦᠯᠬᠦ ᠣᠴᠢᠷ ᠶᠠᠪᠣᠳᠠᠯ ᠵᠢᠴᠢ ᠬᠠᠮᠢᠶ᠎ᠠ ᠪᠦᠬᠦᠢ ᠴᠢᠨᠠᠷ ᠴᠢᠨᠰᠠᠭ᠎ᠠ ᠬᠢᠷᠢ ᠬᠡᠮ ᠢ ᠪᠠᠳᠣᠯᠠᠨ ᠲᠣᠭᠲᠠᠭᠠᠬᠤ ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃    ︵ᠳᠣᠯᠤᠭ᠎ᠠ︶ ᠲᠡᠤᠬᠡ ᠶᠢᠨ ᠳᠣᠷᠠᠰᠬᠠᠯᠲᠦ ᠵᠦᠢᠯᠡᠰ ᠢ ᠬᠠᠮᠠᠭᠠᠯᠠᠬᠤ ᠣᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠣᠨ ᠵᠢᠯᠣᠭᠤᠳᠴᠣ᠂ ᠲᠡᠤᠬᠡ ᠶᠢᠨ ᠳᠣᠷᠠᠰᠬᠠᠯᠲᠦ ᠵᠦᠢᠯᠡᠰ ᠪᠠ ᠮᠦᠽᠸᠧᠢ ᠶᠢᠨ ᠬᠠᠮᠢᠶ᠎ᠠ ᠪᠦᠬᠦᠢ ᠮᠡᠷᠭᠡᠵᠢᠯᠲᠡᠳ ᠤᠨ ᠡᠩᠨᠡᠭᠡᠨ ᠤ ᠪᠦᠳᠦᠭᠡᠨ ᠪᠠᠶᠢᠭᠤᠯᠣᠯᠲᠡ ᠶᠢᠨ ᠲᠦᠯᠦᠪᠯᠡᠯᠭᠡ ᠶᠢ ᠲᠣᠭᠲᠠᠭᠠᠨ᠎ᠠ᠃    ︵ᠨᠠᠢᠮᠠ︶ ᠲᠡᠤᠬᠡ ᠶᠢᠨ ᠳᠣᠷᠠᠰᠬᠠᠯᠲᠦ ᠵᠦᠢᠯᠡᠰ ᠪᠠ ᠮᠦᠽᠸᠧᠢ ᠶᠢᠨ ᠰᠢᠨᠵᠢᠯᠡᠬᠦ ᠮᠡᠷᠭᠡᠵᠢᠯ᠂ ᠰᠣᠷᠠᠭ  ᠵᠠᠩᠭᠢᠴᠢᠯᠠᠬᠤ  ᠲᠦᠰᠦᠪ ᠢ ᠨᠠᠶᠢᠷᠠᠭᠤᠯᠣᠨ ᠵᠣᠬᠢᠶᠠᠬᠤ ᠶᠢᠨ ᠳᠠᠭᠠᠤ ᠱᠠᠯᠠᠪᠳᠠᠨ ᠨᠠᠶᠢᠳᠠᠪᠦᠷᠢᠵᠢᠭᠤᠯᠣᠨᠨ᠎ᠠ᠂ ᠬᠦᠨᠳᠦ ᠴᠢᠬᠤᠯᠠ ᠲᠡᠤᠬᠡ ᠶᠢᠨ ᠳᠣᠷᠠᠰᠬᠠᠯᠲᠦ ᠵᠦᠢᠯᠡᠰ ᠤᠨ ᠰᠢᠨᠵᠢᠯᠡᠬᠦ ᠣᠬᠠᠭᠠᠨᠴᠢ ᠪᠠᠷ ᠰᠢᠨ᠎ᠡ ᠶᠢ ᠪᠦᠳᠦᠭᠡᠬᠦ ᠢᠨᠵᠧᠨᠧᠷᠢᠩ ᠢ ᠵᠣᠬᠢᠶᠠᠨ ᠪᠠᠶᠢᠭᠤᠯᠣᠨ ᠠᠵᠢᠯᠯᠠᠭᠤᠯᠵᠣ᠂ ᠲᠡᠤᠬᠡ ᠶᠢᠨ ᠳᠣᠷᠠᠰᠬᠠᠯᠲᠦ ᠵᠦᠢᠯᠡᠰ ᠤᠨ ᠬᠠᠮᠠᠭᠠᠯᠠᠯᠲᠠ  ᠶᠢᠨ ᠰᠢᠨᠵᠢᠯᠡᠬᠦ ᠮᠡᠷᠭᠡᠵᠢᠯ ᠤᠨ ᠦᠷ᠎ᠡ ᠠᠰᠢᠭ ᠤᠨ ᠡᠷᠭᠢᠯᠲᠡ ᠪᠠ ᠲᠦᠭᠡᠮᠡᠯᠵᠢᠭᠦᠯᠦᠯᠲᠡ ᠶᠢ ᠠᠬᠢᠭᠤᠯᠣᠨ᠎ᠠ᠃    ︵ᠶᠢᠰᠣ︶ ᠲᠡᠤᠬᠡ ᠶᠢᠨ ᠳᠣᠷᠠᠰᠬᠠᠯᠲᠦ ᠵᠦᠢᠯᠡᠰ ᠪᠠ ᠮᠦᠽᠸᠧᠢ ᠶᠢᠨ ᠭᠠᠳᠠᠭᠠᠳᠦ  ᠵᠢᠴᠢ ᠰᠢᠶᠠᠩᠭᠠᠩ᠂ ᠣᠤᠮᠧᠨ᠂ ᠲᠠᠶᠢᠸᠠᠨ ᠲᠠᠢ ᠬᠠᠷᠢᠯᠴᠠᠬᠤ ᠪᠠ  ᠬᠠᠮᠳᠣᠷᠠᠨ ᠠᠵᠢᠯᠯᠠᠬᠤ ᠶᠢ ᠬᠠᠮᠢᠶᠠᠷᠣᠨ ᠵᠢᠭᠠᠨ ᠵᠢᠯᠣᠭᠤᠳᠴᠤ᠂ ᠲᠡᠤᠬᠡ ᠶᠢᠨ ᠳᠣᠷᠠᠰᠬᠠᠯᠲᠦ ᠵᠦᠢᠯᠡᠰ ᠤᠨ ᠭᠠᠳᠠᠭᠠᠳᠦ ᠳᠤ ᠭᠠᠷᠭᠠᠬᠤ᠂ ᠭᠠᠳᠠᠭᠠᠳᠤ ᠠᠴᠠ ᠣᠷᠣᠭᠤᠯᠬᠤ ᠳᠤ ᠬᠠᠮᠢᠶᠠᠲᠠᠢ ᠵᠦᠪᠰᠢᠶᠡᠷᠡᠯ ᠭᠡᠷᠡᠴᠢ ᠲᠡᠮᠳᠡᠭ ᠪᠣᠯᠣᠨ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ᠃     ︵ᠠᠷᠪᠠ︶ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠵᠢᠴᠢ ᠰᠣᠶᠣᠯ  ᠪᠠ ᠵᠢᠭᠤᠴᠢᠯᠠᠯ ᠤᠨ ᠲᠢᠩᠬᠢᠮ ᠠᠴᠠ ᠳᠣᠰᠢᠶᠠᠭᠰᠠᠨ ᠪᠣᠰᠣᠳ ᠠᠵᠢᠯ ᠲᠦᠷᠦᠯ ᠢ ᠳᠠᠭᠠᠭᠠᠴᠢᠯᠠᠨ ᠪᠡᠶᠡᠯᠡᠭᠦᠯᠦᠨ᠎ᠡ᠃      ᠪᠠᠶᠢᠭᠤᠯᠭ᠎ᠠ ᠶᠢᠨ ᠬᠠᠷᠢᠭᠤᠴᠠᠯᠭᠠᠲᠠᠨ  ᠄ ᠼᠤᠤ ᠵᠢᠶᠠᠨ ᠡᠸ᠋ᠨ      ᠬᠠᠷᠢᠯᠴᠠᠬᠤ ᠤᠲᠠᠰᠤ  ᠄0471-6355751      ᠠᠯᠪᠠᠯᠠᠬᠤ ᠬᠠᠶ᠋ᠢᠭ  ᠄ ᠬᠦᠬᠡᠬᠤᠲᠠ ᠶᠢᠨ ᠰᠠᠶᠢᠬᠠᠨ ᠲᠤᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 32 ᠳ᠋ᠤᠭᠠᠷ ᠨᠤᠮᠧᠷ ᠦᠪᠦᠷ ᠮᠤᠩᠭᠤᠯ ᠤᠨ ᠰᠤᠶᠤᠯ ᠤᠨ ᠲᠣᠮᠣ ᠠᠰᠠᠷ  ᠃      ᠠᠯᠪᠠᠯᠠᠬᠤ ᠴᠠᠭ  ᠄ ᠠᠵᠢᠯ ᠤᠨ ᠡᠲᠦᠷ  ᠄9᠄00-12᠄00  ᠂ 13:30-17:30  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号