ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠰᠢᠰᠲ᠋ᠧᠮ ᠤᠨ ᠨᠢᠭᠡ ᠬᠠᠮᠢᠶᠠᠷᠤᠯᠲᠠ ᠶᠢᠨ ᠲᠠᠪᠴᠠᠩ ᠪᠥᠬᠦ ᠤᠯᠤᠰ ᠤᠨ 2023 ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠯᠢᠳᠡᠭ ᠬᠡᠷᠡᠭ ᠤᠨ ᠵᠢᠱᠢᠶ᠎ᠡ ᠶᠢᠨ ᠨᠡᠷᠡᠰ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2023/12/16
    ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠵᠤᠷᠭᠠᠨ ᠪᠥᠬᠦ ᠤᠯᠤᠰ ᠤᠨ 2023 ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠯᠢᠳᠡᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠥᠪᠥᠷ ᠮᠣᠩᠭᠤᠯ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠰᠣᠩᠭᠤᠭᠳᠠᠪᠠ᠃
     ᠲᠣᠰ ᠬᠠᠮᠢᠶᠠᠷᠤᠯᠲᠠ ᠶᠢᠨ ᠲᠠᠪᠴᠠᠩ ᠨᠢ ᠲᠣᠮᠣ ᠳ᠋ᠠᠶᠢᠲ᠋ᠠ ᠶᠢᠨ ᠵᠠᠳᠠᠯᠤᠯᠲᠠ ᠪᠠ ᠬᠠᠮᠢᠶᠠᠷᠤᠯᠲᠠ ᠳᠤ ᠰᠠᠭᠤᠷᠢᠯᠠᠵᠤ᠂ ᠳ᠋ᠦᠩᠱᠧᠩ ᠲᠣᠭᠤᠷᠢᠭ ᠤᠨ ᠪᠥᠬᠦ ᠴᠠᠷᠠᠭ᠎ᠠ ᠪᠠᠷ ᠬᠡᠪᠴᠢᠶ᠎ᠡ ᠪᠣᠯᠭᠠᠨ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠᠷ ᠭᠤᠣᠯ ᠴᠣᠭᠴᠠ ᠪᠣᠯᠭᠠᠵᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠪᠦᠷᠢᠳᠬᠡᠯ ᠤᠨ ᠵᠠᠳᠠᠯᠤᠯᠲᠠ ᠪᠠ ᠬᠠᠮᠢᠶ᠎ᠠ ᠪᠦᠬᠦᠢ ᠡᠯᠧᠮᠧᠨ᠋ᠲ ᠤᠨ ᠬᠢᠨᠠᠨ ᠬᠡᠮᠵᠢᠯᠲᠡ ᠪᠠᠷ ᠳᠡᠮᠵᠢᠨ ᠳ᠋ᠦᠩᠱᠧᠩ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯᠲᠡ ᠶᠢᠨ ᠪᠣᠳᠠᠲᠠᠢ ᠪᠠᠶᠢᠳᠠᠯ ᠢ ᠣᠨᠣᠪᠴᠢᠲᠠᠶ ᠲᠤᠰᠬᠠᠵᠤ᠂ ᠲᠣᠰ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠦᠵᠡᠭᠳᠡᠮᠡᠯ ᠬᠠᠮᠢᠶᠠᠷᠤᠯᠲᠠ ᠶᠢ ᠠᠬᠢᠭᠤᠯᠤᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃        
    ᠳ᠋ᠦᠩᠱᠧᠩ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠮᠣ ᠳ᠋ᠠᠶᠢᠲ᠋ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡ ᠪᠠᠷ ᠳᠡᠮᠵᠢᠨ᠂ ᠳ᠋ᠦᠩᠱᠧᠩ ᠲᠣᠭᠤᠷᠢᠭ ᠤᠨ ᠤᠶᠤᠨᠵᠢᠭᠤᠯᠤᠭᠰᠠᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂ ᠳ᠋ᠦᠩᠱᠧᠩ ᠲᠣᠭᠤᠷᠢᠭ ᠤᠨ ᠲᠤᠭᠠᠵᠢᠭᠤᠯᠤᠭᠰᠠᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠤᠷᠠᠮᠳᠤᠭᠤᠯᠬᠤ ᠲᠥᠪ᠂ ᠰᠣᠶᠣᠯ ᠵᠢᠭᠤᠯᠴᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠴᠤᠩᠬᠤᠪᠴᠢ ᠪᠠ ᠤᠯᠠᠨ ᠲᠦᠮᠡᠨ ᠤ ᠰᠣᠶᠣᠯ ᠵᠢᠭᠤᠯᠴᠢᠯᠠᠯ ᠤᠨ ᠠᠮᠢᠳᠤᠷᠠᠯ ᠤᠨ ᠦᠵᠡᠭᠦᠯᠭᠡ ᠶᠢᠨ ᠲᠠᠪᠴᠠᠩ ᠪᠣᠯᠵᠤ᠂ ᠳ᠋ᠦᠩᠱᠧᠩ ᠲᠣᠭᠤᠷᠢᠭ ᠤᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ᠂ ᠤᠶᠤᠨᠵᠢᠭᠤᠯᠤᠭᠰᠠᠨ ᠵᠢᠭᠤᠯᠴᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠲᠦᠪᠰᠢᠨ ᠢ ᠳᠡᠭᠡᠭᠰᠢᠯᠡᠭᠦᠯᠬᠦ᠂ ᠰᠣᠶᠣᠯ ᠵᠢᠭᠤᠯᠴᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯ ᠤᠨ ᠴᠢᠨᠠᠷ ᠢ ᠴᠢᠩᠭᠠᠳᠬᠠᠬᠤ ᠳᠤ ᠲᠣᠯᠢ ᠪᠣᠯᠭᠠᠬᠤ ᠰᠢᠨ᠎ᠡ ᠠᠷᠭ᠎ᠠ ᠵᠠᠮ ᠬᠠᠩᠭᠠᠨ᠎ᠠ᠃
 
ᠢᠷᠡᠯᠲᠡ᠄ ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号