ᠤᠯᠠᠭᠠᠨᠴᠠᠪ ᠬᠤᠲᠠ ᠵᠧᠵᠢᠶᠠᠩ ᠮᠤᠵᠢ ᠶᠢᠨ ᠢ ᠦ᠋ ᠬᠤᠲᠠ ᠶᠢᠨ ᠠᠷᠠᠳ ᠤᠨ  ᠪᠠᠭᠤᠴᠠ  ᠳᠤ ᠬᠦᠷᠴᠦ  ᠰᠤᠷᠤᠯᠴᠠᠯᠭ᠎ᠠ ᠪᠠ ᠰᠢᠨᠵᠢᠯᠡᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/12/16
    ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠣᠯᠠᠨ ᠶᠠᠩᠵᠤ ᠶᠢᠨ᠂ ᠰᠣᠳᠣᠨ ᠵᠢᠭᠤᠯᠴᠢᠯᠠᠯ ᠤᠨ ᠠᠷᠠᠳ ᠤᠨ ᠪᠠᠭᠤᠴᠠ ᠶᠢᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠪᠠᠷᠢᠮᠲᠠᠯᠠᠬᠤ ᠶᠢᠨ ᠲᠥᠯᠥᠭᠡ᠂ 11 ᠳ᠋ᠦ᠋ᠭᠡᠷ ᠰᠠᠷ᠎ᠠ ᠶᠢᠨ 30 ᠤ ᠡᠳᠦᠷ ᠠᠴᠠ 12 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ᠂ ᠬᠤᠲᠠ ᠶᠢᠨ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢᠨ ᠲᠥᠪ ᠠᠴᠠ ᠪᠥᠬᠦ ᠬᠤᠲᠠ ᠶᠢᠨ ᠨᠠᠷᠠᠲᠤ ᠲᠡᠮᠳᠡᠭᠲᠦ ᠠᠷᠠᠳ ᠤᠨ  ᠪᠠᠭᠤᠴᠠ ᠶᠢᠨ ᠠᠵᠤ ᠠᠬᠤᠶᠢᠯᠠᠯ ᠤᠨ 20 ᠭᠠᠷᠤᠢ ᠬᠥᠮᠥᠨ ᠢ ᠵᠣᠬᠢᠶᠠᠨ ᠪᠠᠶᠢᠭᠤᠯᠵᠤ ᠵᠧᠵᠢᠶᠠᠩ ᠮᠤᠵᠢ ᠶᠢᠨ ᠢ ᠦ᠋ ᠬᠤᠲᠠ ᠳᠤ ᠬᠦᠷᠴᠦ ᠰᠤᠷᠤᠯᠴᠠᠭᠤᠯᠤᠨ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠭᠤᠣᠯᠳᠠᠭᠤ ᠤᠯᠠᠭᠠᠨᠴᠠᠪ ᠬᠤᠳᠠ ᠶᠢᠨ ᠠᠷᠠᠳ ᠤᠨ ᠪᠠᠭᠤᠴᠠ  ᠶᠢᠨ ᠡᠲᠦᠷ ᠲᠤᠲᠤᠮ ᠤᠨ ᠬᠡᠷᠡᠭᠰᠡᠯ᠂ ᠵᠠᠰᠠᠯ ᠴᠢᠮᠡᠭᠯᠡᠯ᠂ ᠪᠠᠭᠤᠳᠠᠯ ᠤᠨ ᠪᠦᠰ ᠪᠠᠷᠠᠭ᠎ᠠ᠂ ᠠᠷᠢᠭᠤᠨ ᠴᠡᠪᠡᠷ ᠤᠨ ᠬᠡᠷᠡᠭᠰᠡᠯ ᠵᠡᠷᠭᠡ ᠲᠠᠸᠠᠷ ᠢ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠤᠯᠠᠨ ᠤ ᠠᠩᠬᠠᠷᠤᠯ ᠢ ᠲᠠᠲᠠᠭᠰᠠᠨ ᠡᠯ᠎ᠡ ᠲᠦᠷᠦᠯ ᠤᠨ ᠲᠠᠸᠠᠷ ᠨᠢ ᠠᠷᠠᠳ ᠤᠨ  ᠪᠠᠭᠤᠴᠠ ᠶᠢᠨ ᠠᠵᠤ ᠠᠬᠤᠶᠢᠯᠠᠯ ᠤᠨ ᠬᠥᠮᠥᠰ ᠤᠨ ᠠᠩᠬᠠᠷᠤᠯ ᠢ ᠲᠠᠲᠠᠵᠤ᠂ ᠤᠯᠠᠨ ᠢᠶᠠᠷ ᠢᠶᠠᠨ ᠬᠠᠯᠠᠭᠤᠨ ᠰᠡᠳᠬᠢᠯᠭᠡ ᠣᠷᠭᠢᠯᠵᠤ᠂ ᠳᠡᠯᠭᠡᠭᠦᠷ ᠤᠨ ᠡᠵᠡᠨ ᠲᠠᠢ ᠢᠳᠡᠪᠬᠢᠲᠡᠢ ᠪᠠᠷ ᠰᠣᠯᠢᠯᠴᠠᠨ ᠵᠣᠯᠭᠠᠭᠤᠯᠵᠤ᠂ ᠲᠠᠸᠠᠷ ᠤᠨ ᠲᠦᠷᠦᠯ ᠵᠦᠢᠯ᠂ ᠣᠨᠴᠠᠯᠢᠭ᠂ ᠤᠷᠠᠯᠠᠯ᠂ ᠦᠨ᠎ᠡ ᠬᠠᠩᠰᠢ ᠵᠢᠴᠢ ᠡᠳ᠋ ᠪᠣᠳᠠᠰ ᠤᠨ ᠲᠡᠭᠡᠭᠡᠪᠦᠷᠢ ᠵᠡᠷᠭᠡ ᠠᠭᠤᠯᠭ᠎ᠠ ᠶᠢ ᠣᠶᠢᠯᠠᠭᠠᠭᠰᠠᠨ ᠪᠥᠭᠡᠳ ᠳᠡᠯᠭᠡᠭᠦᠷ ᠤᠨ ᠡᠵᠡᠨ ᠲᠠᠢ ᠬᠠᠷᠢᠯᠴᠠᠬᠤ ᠠᠷᠭ᠎ᠠ  ᠪᠠᠨ ᠰᠣᠯᠢᠯᠴᠠᠵᠤ᠂ ᠦᠷᠭᠦᠯᠵᠢᠯᠡᠨ ᠬᠠᠮᠲᠤᠷᠠᠯᠴᠠᠬᠤ ᠵᠠᠭᠪᠤᠷ ᠢᠶᠠᠨ ᠬᠠᠷᠢᠯᠴᠠᠨ ᠵᠥᠪᠳᠡᠯᠴᠡᠵᠦ᠂ 20 ᠭᠠᠷᠤᠢ ᠲᠦᠷᠦᠯ ᠤᠨ ᠲᠦᠷᠦᠯ ᠵᠦᠢᠯ᠂ ᠨᠡᠶᠢᠳᠡ 3000 ᠭᠠᠷᠤᠢ ᠲᠠᠸᠠᠷ ᠢ ᠲᠥᠪᠯᠡᠷᠡᠭᠦᠯᠦᠨ ᠬᠤᠳᠠᠯᠳᠤᠨ ᠠᠪᠴᠠᠢ᠃ ᠲᠤᠰ ᠤᠳᠠᠭᠠᠨ ᠤ ᠰᠤᠷᠤᠯᠴᠠᠯᠭ᠎ᠠ  ᠪᠠᠷ ᠳᠡᠮᠵᠢᠨ᠂ ᠡᠯ᠎ᠡ ᠰᠠᠭᠤᠭᠠᠯᠢ ᠠᠷᠠᠳ ᠤᠨ ᠪᠠᠭᠤᠴᠠ ᠶᠢᠨ ᠬᠥᠮᠥᠰ ᠲᠦᠭᠦᠭᠡᠷᠦᠮᠵᠢ ᠬᠡᠷᠡᠭᠰᠡᠯ ᠤᠨ ᠲᠠᠰ ᠳᠠᠪᠰᠢᠯᠲᠠ ᠨᠢ ᠵᠣᠴᠢᠳ ᠤᠨ ᠪᠠᠭᠤᠴᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠢ ᠦ᠋ ᠬᠤᠲᠠ ᠶᠢᠨ ᠡᠯᠪᠡᠭ ᠳᠡᠯᠪᠡᠭ ᠦᠢᠯᠡᠳᠬᠦᠨ ᠤ ᠬᠠᠩᠭᠠᠯᠭ᠎ᠠ ᠨᠢ ᠮᠠᠨ ᠤ ᠬᠤᠲᠠ ᠶᠢᠨ ᠠᠷᠠᠳ ᠤᠨ ᠪᠠᠭᠤᠴᠠ ᠶᠢᠨ ᠬᠥᠭᠵᠢᠯᠲᠡ ᠶᠢᠨ ᠶᠠᠪᠤᠴᠠ ᠳᠤ ᠲᠣᠬᠢᠶᠠᠯᠳᠤᠭᠰᠠᠨ ᠦᠢᠯᠡᠳᠬᠦᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠵᠡᠷᠭᠡ ᠠᠰᠠᠭᠤᠳᠠᠯ ᠢ ᠲᠤᠶᠢᠯ ᠤᠨ ᠶᠡᠭᠡ ᠪᠠᠷ ᠬᠠᠩᠭᠠᠬᠤ ᠶᠢᠨ ᠬᠠᠮᠲᠤ ᠡᠵᠡᠩᠨᠡᠯᠲᠡ ᠶᠢᠨ ᠰᠡᠳᠬᠢᠮᠵᠢ ᠪᠠᠨ ᠥᠷᠭᠡᠳᠬᠡᠨ᠂ ᠬᠥᠭᠵᠢᠯᠲᠡ ᠶᠢᠨ ᠵᠠᠭᠪᠤᠷ ᠢᠶᠠᠨ ᠰᠢᠨ᠎ᠡ ᠪᠠᠷ ᠡᠭᠦᠳᠴᠦ᠂ ᠬᠤᠶᠠᠳᠠᠭᠢ ᠤᠳᠠᠭᠠᠨ ᠤ ᠬᠡᠷᠡᠭᠯᠡᠭᠡ ᠶᠢ ᠳᠠᠶᠢᠴᠢᠯᠠᠨ᠂ ᠵᠢᠭᠤᠯᠴᠢᠯᠠᠭᠴᠢᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠶᠡᠴᠢᠯᠡᠨ ᠣᠶᠢᠯᠠᠭᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ  ᠭᠡᠵᠦ ᠢᠯᠡᠷᠬᠡᠶᠢᠯᠡᠪᠡ  ᠃      ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠪᠠᠰᠠ ᠢ ᠦ᠋ ᠬᠤᠳᠠ ᠶᠢᠨ ᠨᠡᠷᠡᠳᠦ ᠲᠡᠮᠳᠡᠭᠲᠦ ᠬᠥᠳᠡᠭᠡ ᠲᠣᠰᠬᠤᠨ ᠤ ᠠᠷᠠᠳ ᠤᠨ ᠪᠠᠭᠤᠴᠠ  ᠴᠸᠦ ᠶᠠᠨ ᠯᠢ ᠪᠣᠯᠣᠨ ᠱᠤᠸᠠᠩ ᠯᠢᠨ ᠵᠢᠩ ᠱᠧ ᠵᠡᠷᠭᠡ ᠠᠷᠠᠳ ᠤᠨ ᠪᠠᠭᠤᠴᠠ ᠶᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠵᠠᠯᠭᠠᠭᠠᠳ᠂ ᠮᠠᠨ ᠤ ᠲᠥᠪ ᠨᠢ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠪᠠ ᠠᠷᠠᠳ ᠤᠨ ᠪᠠᠭᠤᠴᠠ ᠶᠢᠨ ᠬᠥᠭᠵᠢᠯᠲᠡ ᠶᠢᠨ ᠳᠠᠪᠠᠭᠤᠯᠢᠭ ᠲᠤ ᠰᠠᠭᠤᠷᠢᠯᠠᠨ᠂ ᠦᠢᠯᠡᠴᠢᠯᠡᠭᠡᠨ ᠤ ᠣᠶᠢᠯᠠᠭᠠᠭᠳᠠᠬᠤᠨ ᠪᠠ ᠦᠢᠯᠡᠴᠢᠯᠡᠭᠡᠨ ᠤ ᠤᠷ᠎ᠠ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠠᠵᠤ ᠦᠢᠯᠡᠰ ᠤᠨ ᠡᠵᠡᠩᠨᠡᠨ ᠪᠣᠷᠣᠯᠠᠭᠤᠯᠤᠯᠲᠠ ᠶᠢ ᠥᠷᠭᠡᠳᠬᠡᠵᠦ᠂ ᠠᠷᠠᠳ ᠤᠨ ᠪᠠᠭᠤᠴᠠ ᠶᠢᠨ ᠣᠨᠴᠠᠯᠢᠭ ᠢ ᠳᠣᠪᠤᠶᠢᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠪᠣᠯᠣᠨ᠎ᠠ᠃
 
ᠢᠷᠡᠯᠲᠡ᠄ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号