ᠨᠡᠶᠢᠲᠡ ᠶᠢᠨ ᠦᠢᠯᠡᠴᠢᠯᠡᠭᠡᠨ ᠤ ᠭᠠᠵᠠᠷ
ᠨᠡᠶᠢᠲᠡᠯᠡᠭᠰᠡᠨ ᠴᠠᠭ᠄
2023/12/16
ᠨᠡᠶᠢᠲᠡ ᠶᠢᠨ ᠦᠢᠯᠡᠴᠢᠯᠡᠭᠡᠨ ᠤ ᠭᠠᠵᠠᠷ      ᠰᠣᠶᠣᠯ ᠪᠠ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠲᠦᠷᠦ ᠶᠢᠨ ᠪᠣᠳᠣᠯᠭ᠎ᠠ ᠵᠢᠴᠢ ᠨᠡᠶᠢᠲᠡ  ᠶᠢᠨ ᠰᠣᠶᠣᠯ ᠤᠨ ᠦᠢᠯᠡᠰ ᠤᠨ ᠬᠦᠭᠵᠢᠯᠲᠡ ᠶᠢᠨ ᠲᠦᠯᠦᠪᠵᠢᠬᠦᠯᠬᠡ ᠶᠢ ᠲᠤᠭᠲᠠᠭᠠᠵᠤ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠪᠦᠬᠦ ᠣᠷᠣᠨ ᠤ ᠨᠡᠶᠢᠲᠡ ᠶᠢᠨ ᠰᠣᠶᠣᠯ  ᠤᠨ ᠦᠢᠯᠡᠴᠢᠯᠡᠭᠡ ᠪᠠ ᠵᠢᠭᠤᠯᠴᠢᠯᠠᠯ ᠤᠨ ᠨᠡᠶᠢᠲᠡ  ᠶᠢᠨ ᠦᠢᠯᠡᠴᠢᠯᠡᠭᠡ  ᠶᠢᠨ ᠵᠢᠯᠤᠭᠤᠳᠬᠤ᠂ ᠵᠣᠬᠢᠴᠠᠭᠤᠯᠬᠤ ᠪᠠ ᠲᠦᠯᠬᠢᠨ ᠠᠬᠢᠭᠤᠯᠬᠤ ᠠᠵᠢᠯ ᠢ ᠡᠭᠦᠷᠭᠡᠯᠡᠨ᠎ᠡ᠃ ᠦᠪᠡᠷᠳᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠲᠤᠭᠲᠠᠭᠠᠵᠤ᠂  ᠬᠡᠷᠡᠭᠵᠢᠬᠦᠯᠦᠯᠲᠡ ᠳᠤ ᠬᠢᠨᠠᠯᠲᠠ ᠲᠠᠯᠪᠢᠨ᠎ᠠ᠃ ᠣᠳᠣᠷᠢᠳᠣᠮᠵᠢ ᠶᠢᠨ ᠴᠢᠨᠠᠷ᠂ ᠦᠯᠢᠭᠡᠷ ᠲᠠᠭᠤᠷᠢᠶᠠᠯ  ᠤᠨ ᠴᠢᠨᠠᠷᠲᠠᠢ ᠰᠣᠶᠣᠯ ᠪᠠ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠬᠦᠳᠡᠯᠭᠡᠭᠡᠨ ᠢ ᠵᠣᠬᠢᠶᠠᠨ ᠪᠠᠶᠢᠭᠤᠯᠵᠤ ᠦᠷᠨᠢᠬᠦᠯᠦᠨ᠎ᠡ᠃ ᠣᠯᠠᠨ ᠲᠦᠮᠡᠨ ᠤ ᠰᠣᠶᠣᠯ᠂ ᠴᠦᠬᠡᠨ ᠲᠣᠭᠠᠲᠦ ᠦᠨᠳᠦᠰᠦᠲᠡᠨ ᠤ ᠰᠣᠶᠣᠯ᠂ ᠨᠠᠰᠣᠨ ᠳᠤ ᠦᠯᠦ ᠬᠦᠷᠦᠭᠰᠡᠳ ᠤᠨ ᠰᠣᠶᠣᠯ ᠪᠠ ᠨᠠᠰᠤᠲᠠᠶᠢᠴᠤᠳ ᠤᠨ ᠰᠣᠶᠣᠯ ᠤᠨ ᠠᠵᠢᠯ ᠢ ᠵᠢᠯᠤᠭᠤᠳᠴᠤ᠂ ᠨᠣᠮ ᠤᠨ ᠰᠠᠩ᠂ ᠰᠣᠶᠣᠯ ᠤᠨ ᠣᠷᠳᠣᠨ᠂ ᠦᠵᠡᠰᠬᠦᠯᠡᠩ ᠤᠨ ᠤᠷᠳᠤᠨ ᠤ ᠦᠢᠯᠡᠰ ᠪᠠ ᠦᠨᠳᠦᠰᠦᠨ ᠱᠠᠳᠣᠨ ᠤ ᠶᠡᠷᠦᠩᠬᠡᠶᠢᠯᠡᠭᠰᠡᠨ ᠴᠢᠨᠠᠷᠲᠠᠢ ᠰᠣᠶᠣᠯ ᠤᠨ ᠦᠢᠯᠡᠴᠢᠯᠡᠭᠡᠨ ᠤ ᠲᠦᠪ ᠤᠨ ᠪᠦᠳᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃ ᠨᠡᠶᠢᠲᠡ ᠶᠢᠨ ᠲᠣᠭᠠᠴᠢᠯᠠᠭᠰᠠᠨ ᠰᠣᠶᠣᠯ ᠪᠠ ᠡᠷᠳᠡᠨ ᠤ ᠰᠣᠳᠣᠷ ᠤᠨ ᠬᠠᠮᠠᠭᠠᠯᠠᠯᠲᠠ ᠶᠢᠨ ᠠᠵᠢᠯ ᠢ ᠵᠢᠯᠦᠭᠤᠳᠣᠨ᠎ᠠ᠃ ᠠᠷᠠᠳ ᠤᠨ ᠣᠷᠠᠯᠢᠭ ᠤᠨ ᠨᠣᠳᠤᠭ ᠪᠠ ᠰᠣᠶᠣᠯ ᠤᠨ ᠰᠠᠶᠢᠨ ᠲᠣᠷ᠎ᠠ ᠶᠢᠨ ᠦᠢᠯᠡᠴᠢᠯᠡᠭᠡᠨ ᠤ ᠡᠩᠨᠡᠭᠡᠨ ᠤ ᠪᠦᠳᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃      ᠬᠠᠷᠢᠭᠤᠴᠠᠯᠭᠠᠲᠠᠨ᠄ ᠪᠠᠢ ᠵᠢᠶᠦ᠋ᠨ ᠮᠢᠩ      ᠬᠠᠷᠢᠯᠴᠠᠬᠤ ᠤᠲᠠᠰᠤ᠄ 0471 -6968019
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号