ᠵᠠᠬ᠎ᠠ ᠲᠡᠯᠭᠡᠭᠦᠷ ᠤᠨ ᠬᠠᠮᠢᠶᠠᠷᠣᠯᠲᠠ ᠶᠢᠨ ᠭᠠᠵᠠᠷ
ᠨᠡᠶᠢᠲᠡᠯᠡᠭᠰᠡᠨ ᠴᠠᠭ᠄
2023/12/16
ᠵᠠᠬ᠎ᠠ ᠲᠡᠯᠭᠡᠭᠦᠷ ᠤᠨ ᠬᠠᠮᠢᠶᠠᠷᠣᠯᠲᠠ ᠶᠢᠨ ᠭᠠᠵᠠᠷ      ᠰᠣᠶᠣᠯ ᠤᠨ ᠵᠠᠬ᠎ᠠ ᠲᠡᠯᠭᠡᠭᠦᠷ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠲᠦᠷᠦ ᠶᠢᠨ ᠪᠣᠳᠣᠯᠭ᠎ᠠ ᠪᠠ ᠬᠦᠭᠵᠢᠯᠲᠡ ᠶᠢᠨ ᠲᠦᠯᠦᠪᠵᠢᠬᠦᠯᠭᠡ ᠶᠢ ᠲᠤᠭᠲᠠᠭᠠᠵᠤ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠰᠣᠶᠣᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠡᠵᠡᠩᠨᠡᠯᠲᠡ ᠳᠤ  ᠮᠡᠷᠭᠡᠵᠢᠯ ᠤᠨ ᠬᠢᠨᠠᠨ ᠬᠠᠮᠢᠶᠠᠷᠣᠯᠲᠠ ᠬᠢᠨ᠎ᠡ᠃ ᠰᠣᠶᠣᠯ ᠪᠠ ᠵᠢᠭᠤᠯᠴᠢᠯᠠᠯ ᠤᠨ ᠦᠢᠯᠡᠰ ᠤᠨ ᠢᠳᠡᠭᠡᠮᠵᠢᠲᠦ ᠰᠢᠰᠲ᠋ᠧᠮ ᠤᠨ ᠪᠦᠳᠦᠭᠡᠨ ᠪᠠᠶᠢᠭᠤᠯᠣᠯᠲᠠ ᠶᠢᠨ ᠠᠵᠢᠯ ᠢ ᠡᠭᠦᠷᠭᠡᠯᠡᠨ᠎ᠡ᠃ ᠰᠣᠶᠣᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠡᠵᠡᠩᠨᠡᠯᠲᠡ ᠶᠢᠨ ᠲᠠᠯᠠᠪᠣᠷ᠂ ᠲᠤᠨᠤᠭ ᠲᠦᠬᠦᠭᠡᠷᠦᠮᠵᠢ᠂ ᠦᠢᠯᠡᠴᠢᠯᠡᠭᠡ᠂ ᠪᠦᠳᠦᠭᠡᠭᠳᠡᠭᠦᠨ ᠵᠡᠷᠭᠡ ᠪᠠᠷᠢᠮᠵᠢᠶ᠎ᠠ ᠶᠢ ᠲᠣᠭᠳᠠᠭᠠᠬᠤ ᠶᠢ ᠵᠣᠬᠢᠶᠠᠨ ᠪᠠᠶᠢᠭᠤᠯᠵᠤ ᠬᠡᠷᠡᠭᠵᠢᠬᠦᠯᠬᠦ ᠳᠤ ᠬᠢᠨᠠᠯᠲᠠ ᠲᠠᠯᠪᠢᠨ᠎ᠠ᠃ ᠰᠣᠶᠣᠯ ᠪᠠ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠣᠨ᠎ᠠ᠃  ᠵᠢᠭᠤᠯᠴᠢᠯᠠᠯ ᠤᠨ ᠠᠵᠦ ᠠᠬᠤᠢ  ᠶᠢᠨ ᠡᠷᠬᠢᠯᠲᠡ ᠶᠢ ᠬᠢᠨᠠᠨ ᠰᠢᠯᠭᠠᠬᠤ᠂ ᠠᠮᠠᠷᠠᠯᠲᠠ ᠶᠢᠨ ᠵᠢᠭᠤᠯᠴᠢᠯᠠᠯ ᠤᠨ ᠵᠠᠬ᠎ᠠ ᠲᠡᠯᠭᠡᠭᠦᠷ᠂ ᠵᠢᠭᠤᠯᠴᠢᠯᠠᠯ ᠤᠨ ᠠᠮᠦᠷ ᠲᠦᠪᠰᠢᠨ ᠢ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠨ ᠬᠠᠮᠢᠶᠠᠷᠣᠯᠲᠠ ᠶᠢ ᠡᠭᠦᠷᠭᠡᠯᠡᠨ᠎ᠡ᠃ ᠪᠦᠬᠦ ᠣᠷᠣᠨ ᠤ ᠵᠢᠭᠤᠯᠴᠢᠯᠠᠯ ᠤᠨ ᠵᠠᠮᠴᠢᠯᠠᠭᠴᠢ ᠶᠢᠨ ᠬᠢᠷᠢ ᠭᠡᠮ ᠤᠨ ᠰᠢᠯᠭᠠᠯᠲᠠ᠂ ᠵᠠᠮᠴᠢᠯᠠᠭᠴᠢ ᠶᠢᠨ ᠲᠡᠰ ᠤᠨ ᠰᠢᠯᠭᠠᠯᠲᠠ ᠵᠡᠷᠭᠡ ᠬᠠᠮᠢᠶ᠎ᠠ ᠪᠦᠬᠦᠢ ᠠᠵᠢᠯ ᠢ ᠦᠷᠨᠢᠬᠦᠯᠬᠦ ᠶᠢ ᠡᠭᠦᠷᠭᠡᠯᠡᠨ᠎ᠡ᠃      ᠬᠠᠷᠢᠭᠤᠴᠠᠯᠭᠠᠲᠠᠨ᠄ ᠯᠢᠤ ᠶᠠᠩ      ᠬᠠᠷᠢᠯᠴᠠᠬᠤ ᠤᠲᠠᠰᠤ᠄ 0471-6613967
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号