ᠥᠪᠥᠷ ᠮᠣᠩᠭᠤᠯ ᠤᠨ ᠮᠦᠽᠧᠢ
ᠨᠡᠶᠢᠲᠡᠯᠡᠭᠰᠡᠨ ᠴᠠᠭ᠄
2023/12/16
     ᠥᠪᠥᠷ ᠮᠣᠩᠭᠤᠯ ᠤᠨ ᠮᠦᠽᠧᠢ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠤᠯᠤᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠲᠢᠩᠬᠢᠮ ᠤᠨ ᠲᠠᠰ ᠲᠠᠢ ᠲᠡᠩᠴᠡᠨ᠎ᠡ᠃         ︵ᠨᠢᠭᠡ︶ ᠭᠤᠣᠯ ᠡᠭᠦᠷᠭᠡ ᠬᠠᠷᠢᠭᠤᠴᠠᠯᠭ᠎ᠠ      1. ᠮᠦᠽᠧᠢ ᠶᠢᠨ ᠳᠡᠯᠭᠡᠨ ᠦᠵᠡᠭᠦᠯᠭᠡ᠂ ᠦᠵᠡᠰᠭᠦᠯᠡᠩ ᠵᠢᠴᠢ ᠲᠡᠦᠬᠡ ᠶᠢᠨ ᠳᠤᠷᠠᠰᠬᠠᠯᠲᠤ ᠵᠦᠢᠯ ᠤᠨ ᠬᠠᠳᠠᠭᠠᠯᠠᠮᠵᠢ ᠶᠢ ᠬᠠᠮᠠᠭᠠᠯᠠᠵᠤ ᠴᠤᠭᠯᠠᠭᠤᠯᠬᠤ᠂ ᠬᠠᠮᠢᠶᠠᠷᠴᠤ ᠬᠠᠳᠠᠭᠠᠯᠠᠬᠤ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠡᠷᠭᠡ ᠠᠵᠢᠯ ᠢ ᠡᠭᠦᠷᠭᠡᠯᠡᠨ᠎ᠡ᠃         2. ᠮᠦᠽᠧᠢ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ᠂ ᠲᠣᠭᠤᠷᠢᠨ ᠦᠵᠡᠭᠴᠢᠳ ᠢ ᠭᠥᠯᠢᠶᠡᠨ ᠠᠪᠬᠤ᠂ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯ ᠢ ᠡᠭᠦᠷᠭᠡᠯᠡᠨ᠎ᠡ᠃        3. ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠨ ᠴᠤᠭᠯᠠᠭᠤᠯᠬᠤ᠂ ᠬᠤᠷᠢᠶᠠᠨ ᠬᠠᠳᠠᠭᠠᠯᠠᠵᠤ ᠬᠠᠮᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠳᠡᠯᠭᠡᠨ ᠦᠵᠡᠭᠦᠯᠬᠦ ᠵᠡᠷᠭᠡ ᠠᠵᠢᠯ ᠢ ᠥᠷᠨᠢᠭᠦᠯᠦᠨ᠎ᠡ᠃         4. ᠥᠪᠥᠷ ᠮᠣᠩᠭᠤᠯ ᠤᠨ ᠲᠡᠦᠬᠡ ᠰᠣᠶᠣᠯ᠂ ᠮᠦᠽᠸᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ ᠤᠨ ᠰᠤᠳᠤᠯᠭᠠᠨ ᠪᠣᠯᠣᠨ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭ᠎ᠠ ᠬᠠᠮᠵᠢᠯᠴᠠᠭ᠎ᠠ  ᠶᠢᠨ ᠠᠵᠢᠯᠯᠠᠭ᠎ᠠ ᠶᠢ ᠥᠷᠨᠢᠭᠦᠯᠦᠨ᠎ᠡ᠃        5. ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠥᠷᠨᠢᠭᠦᠯᠵᠦ᠂ ᠰᠣᠶᠣᠯ ᠤᠨ ᠠᠵᠤ ᠦᠢᠯᠡᠰ ᠯᠦᠭᠡ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃         6. ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠲᠡᠦᠬᠡ ᠶᠢᠨ ᠳᠤᠷᠠᠰᠬᠠᠯᠲᠤ ᠵᠦᠢᠯ᠂ ᠦᠯᠢᠭᠡᠷ ᠵᠠᠭᠪᠤᠷ᠂ ᠬᠠᠳᠠᠭᠠᠯᠠᠮᠵᠢ ᠶᠢᠨ ᠵᠦᠢᠯ ᠤᠨ ᠠᠶᠤᠯ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃        7. ᠣᠶᠤᠨᠲᠤ ᠮᠦᠽᠧᠢ ᠶᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠲᠤᠭᠠᠵᠢᠭᠤᠯᠬᠤ ᠵᠡᠷᠭᠡ ᠠᠵᠢᠯ ᠢ ᠠᠬᠢᠭᠤᠯᠤᠨ᠎ᠠ᠃       8. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠶᠢᠨ ᠳᠤᠷᠠᠰᠬᠠᠯᠲᠤ ᠵᠦᠢᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ᠃        9. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ︵ᠬᠤᠶᠠᠷ︶ ᠳᠣᠲᠣᠭᠠᠳᠤ ᠪᠠᠶᠢᠭᠤᠯᠤᠮᠵᠢ     ᠳᠣᠲᠣᠭᠠᠳᠤ ᠳᠤ ᠪᠠᠨ ᠭᠠᠵᠠᠷ ᠤᠨ ᠲᠠᠰ ᠤᠨ ᠪᠠᠶᠢᠭᠤᠯᠤᠮᠵᠢ᠄ ᠠᠯᠪᠠᠨ ᠭᠡᠷ᠂ ᠨᠠᠮ ᠤᠨ ᠬᠤᠷᠢᠶ᠎ᠠ ᠶᠢᠨ ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠬᠤᠷᠢᠶᠠᠨ ᠬᠠᠳᠠᠭᠠᠯᠠᠬᠤ ᠬᠡᠯᠲᠡᠰ᠂ ᠦᠵᠡᠰᠭᠦᠯᠡᠩ ᠦᠵᠡᠭᠦᠯᠭᠡ ᠶᠢᠨ ᠬᠡᠯᠲᠡᠰ᠂ ᠨᠡᠶᠢᠭᠡᠮ ᠤᠨ ᠰᠤᠷᠭᠠᠨ ᠬᠥᠮᠦᠵᠢᠯ ᠤᠨ ᠬᠡᠯᠲᠡᠰ᠂ ᠲᠥᠯᠦᠪᠵᠢᠭᠦᠯᠭᠡ ᠬᠥᠭᠵᠢᠭᠦᠯᠦᠯᠲᠡ ᠶᠢᠨ ᠬᠡᠯᠲᠡᠰ᠂ ᠲᠡᠦᠬᠡ ᠶᠢᠨ ᠳᠤᠷᠠᠰᠬᠠᠯᠲᠤ ᠵᠦᠢᠯ ᠤᠨ ᠬᠢᠨᠠᠨ ᠲᠣᠭᠲᠠᠭᠠᠯᠲᠠ ᠬᠢᠭᠡᠳ ᠮᠠᠲ᠋ᠧᠷᠢᠶᠠᠯ ᠤᠨ ᠬᠡᠯᠲᠡᠰ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠡᠯᠲᠡᠰ᠂ ᠠᠮᠤᠷ ᠲᠦᠪᠰᠢᠨ ᠤ ᠬᠠᠮᠠᠭᠠᠯᠠᠯᠲᠠ ᠶᠢᠨ ᠬᠡᠯᠲᠡᠰ᠂ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ ᠶᠢᠨ ᠬᠡᠯᠲᠡᠰ ︵ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠢ ᠶᠢᠨ ᠫᠠᠶᠢᠰᠠ ᠶᠢ ᠡᠯᠭᠦᠨ᠎ᠡ︶ ᠵᠡᠷᠭᠡ ᠪᠠᠶᠢᠭᠤᠯᠤᠮᠵᠢ ᠪᠤᠢ᠃      ︵ᠭᠤᠷᠪᠠ︶ ᠠᠵᠢᠯᠯᠠᠬᠤ ᠭᠠᠵᠠᠷ ᠤᠨ ᠬᠠᠶ᠋ᠢᠭ      ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠵᠡᠭᠦᠨ ᠵᠡᠭᠡᠯᠢ ᠶᠢᠨ 27 ᠨᠣᠮᠧᠷ      ︵ᠳᠥᠷᠪᠡ︶ ᠠᠵᠢᠯᠯᠠᠬᠤ ᠴᠠᠭ      09᠄ 00 ︱ 17᠄ 30      ︵ᠲᠠᠪᠤ︶ ᠬᠠᠷᠢᠯᠴᠠᠬᠤ ᠤᠲᠠᠰᠤ᠄      0471- 4608427      ︵ᠵᠢᠷᠭᠤᠭ᠎ᠠ︶ ᠬᠠᠷᠢᠭᠤᠴᠠᠯᠭᠠᠲᠠᠨ  ᠄  ᠸᠠᠩ ᠱᠢ ᠶᠢᠩ  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号