ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠪᠣᠯ | ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠵᠢᠩᠬᠢᠨᠢ | ᠭᠠᠵᠠᠷ ᠤᠨ ᠲᠡᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ ᠤᠨ ᠠᠵᠢᠯ ᠦᠢᠯᠡᠰ ᠤᠨ ᠨᠢᠭᠡᠴᠢ | ᠪᠣᠯᠣᠨ᠎ᠠ᠃ | ︵ᠨᠢᠭᠡ︶ ᠭᠤᠣᠯ ᠡᠭᠦᠷᠭᠡ ᠬᠠᠷᠢᠭᠤᠴᠠᠯᠭ᠎ᠠ | 1.ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠲᠣᠭᠯᠠᠯᠲᠠ ᠭᠠᠷᠭᠠᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠦᠢᠯᠡᠴᠢᠯᠡᠭᠡᠨ ᠤ | ᠠᠵᠢᠯᠯᠠᠭ᠎ᠠ ᠶᠢ ᠥᠷᠨᠢᠭᠦᠯᠵᠦ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤᠳᠬᠠᠨ᠎ᠠ᠃ | 2.ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠤᠯᠠᠭᠠᠨᠮᠥ᠋ᠴᠢᠷ ᠤᠨ ᠵᠣᠬᠢᠶᠠᠨ | ᠪᠦᠲᠦᠭᠡᠬᠦ ᠠᠷᠭ᠎ᠠ ᠮᠠᠶ᠋ᠢᠭ᠂ ᠲᠣᠭᠯᠠᠯᠲᠠ ᠶᠢᠨ ᠬᠡᠯᠪᠡᠷᠢ ᠪᠠ ᠤᠯᠠᠮᠵᠢᠯᠠᠬᠤ ᠠᠷᠭ᠎ᠠ ᠵᠠᠮ ᠤᠨ ᠰᠢᠨ᠎ᠡ ᠶᠢ ᠡᠭᠦᠳᠴᠦ᠂ | ᠤᠷᠠᠯᠢᠭ ᠤᠨ ᠬᠡᠯᠪᠡᠷᠢ ᠪᠠᠷ ᠳᠠᠮᠵᠢᠭᠤᠯᠤᠨ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠤᠯᠤᠰ ᠤᠨ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ | 3.ᠤᠯᠠᠨ ᠲᠦᠮᠡᠨ ᠤ ᠠᠵᠢᠯ ᠤᠨ ᠴᠢᠯᠦᠭᠡᠨ ᠤ ᠤᠷᠠᠨ ᠰᠠᠶᠢᠬᠠᠨ ᠤ ᠲᠣᠭᠯᠠᠯᠲᠠ ᠪᠠ ᠵᠣᠬᠢᠶᠠᠨ ᠪᠦᠲᠦᠭᠡᠬᠦ | ᠠᠵᠢᠯᠯᠠᠭ᠎ᠠ ᠶᠢ ᠬᠠᠪᠰᠤᠷᠤᠨ ᠵᠢᠯᠤᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ | ᠬᠦᠴᠦᠨ ᠢ ᠬᠥᠮᠥᠵᠢᠭᠦᠯᠦᠨ᠎ᠡ᠃ ᠦᠨᠳᠦᠰᠦᠲᠡᠨ ᠤ ᠠᠷᠠᠳ ᠤᠨ ᠳᠤᠮᠳᠠᠬᠢ ᠰᠢᠯᠢᠳᠡᠭ ᠤᠯᠠᠮᠵᠢᠯᠠᠯᠲᠤ ᠰᠣᠶᠣᠯ ᠢ | ᠬᠠᠮᠠᠭᠠᠯᠠᠨ ᠵᠠᠯᠭᠠᠮᠵᠢᠯᠠᠨ᠎ᠠ᠃ | 4.ᠭᠠᠳᠠᠭᠠᠳᠤ ᠲᠠᠢ ᠰᠣᠶᠣᠯ ᠤᠨ ᠰᠣᠯᠢᠯᠴᠠᠭ᠎ᠠ ᠬᠢᠬᠦ ᠠᠵᠢᠯᠯᠠᠭ᠎ᠠ ᠶᠢ ᠥᠷᠨᠢᠭᠦᠯᠦᠨ᠎ᠡ᠃ | 5.ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠬᠤᠶᠠᠷ︶ ᠳᠣᠲᠣᠭᠠᠳᠤ ᠪᠠᠶᠢᠭᠤᠯᠤᠮᠵᠢ | ᠳᠣᠲᠣᠭᠠᠳᠤ ᠳᠤ ᠪᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ | ᠠᠵᠢᠯ ᠤᠨ ᠠᠯᠪᠠᠨ ᠭᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠤᠯᠠᠮᠵᠢᠯᠠᠨ ᠵᠠᠯᠭᠠᠮᠵᠢᠯᠠᠬᠤ ᠵᠣᠬᠢᠶᠠᠨ | ᠪᠦᠲᠦᠭᠡᠬᠦ ᠬᠡᠯᠲᠡᠰ᠂ ᠪᠤᠯᠪᠠᠰᠤᠷᠠᠭᠤᠯᠤᠨ ᠬᠠᠪᠰᠤᠷᠤᠨ ᠵᠢᠯᠤᠭᠤᠳᠬᠤ ᠬᠡᠯᠲᠡᠰ᠂ ᠲᠣᠭᠯᠠᠯᠲᠠ ᠶᠢᠨ | ᠬᠠᠮᠢᠶᠠᠷᠤᠯᠲᠠ ᠶᠢᠨ ᠬᠡᠯᠲᠡᠰ᠂ ᠳᠠᠭᠤᠯᠠᠬᠤᠢ ᠶᠢᠨ ᠬᠡᠯᠲᠡᠰ᠂ ᠪᠥᠵᠢᠭ ᠤᠨ ᠬᠡᠯᠲᠡᠰ᠂ ᠬᠥᠭᠵᠢᠮ ᠤᠨ ᠬᠡᠯᠲᠡᠰ ᠵᠡᠷᠭᠡ | ᠪᠣᠶ᠃ | ︵ᠭᠤᠷᠪᠠ︶ ᠠᠵᠢᠯᠯᠠᠬᠤ ᠭᠠᠵᠠᠷ ᠤᠨ ᠬᠠᠶ᠋ᠢᠭ | ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠧᠢ ᠶᠤᠸᠠᠨ ᠵᠡᠭᠦᠨ ᠵᠡᠭᠡᠯᠢ ᠶᠢᠨ ᠬᠥᠬᠡ 16 ᠳ᠋ᠤᠭᠠᠷ | ᠨᠣᠮᠧᠷ | ︵ᠳᠥᠷᠪᠡ︶ ᠠᠵᠢᠯᠯᠠᠬᠤ ᠴᠠᠭ | 09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠠᠮᠠᠷᠠᠯᠲᠠ ᠶᠢᠨ ᠡᠳᠦᠷ ᠠᠴᠠ ᠭᠠᠳᠠᠨ᠎ᠠ︶ | ︵ᠲᠠᠪᠤ︶ ᠬᠠᠷᠢᠯᠴᠠᠬᠤ ᠤᠲᠠᠰᠤ | 0471-3946328 | ︵ᠵᠢᠷᠭᠤᠭ᠎ᠠ︶ ᠬᠠᠷᠢᠭᠤᠴᠠᠯᠭᠠᠲᠠᠨ ᠰᠢᠩ ᠯᠢ ᠯᠢ |