ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠦᠪ
ᠨᠡᠶᠢᠲᠡᠯᠡᠭᠰᠡᠨ ᠴᠠᠭ᠄
2023/12/20
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠤᠯᠤᠨ᠎ᠠ᠃      ︵ᠨᠢᠭᠡ︶ ᠭᠤᠣᠯ ᠡᠭᠦᠷᠭᠡ ᠬᠠᠷᠢᠭᠤᠴᠠᠯᠭ᠎ᠠ      1.ᠪᠠᠶᠢᠭᠤᠯᠭ᠎ᠠ ᠶᠢᠨ ᠠᠳᠠᠯ ᠠᠬᠤᠢ ᠶᠢᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠠᠮᠤᠷ ᠲᠦᠪᠰᠢᠨ ᠤ ᠬᠠᠮᠠᠭᠠᠯᠠᠯᠲᠠ ᠵᠡᠷᠭᠡ ᠠᠵᠢᠯ ᠢ ᠡᠭᠦᠷᠭᠡᠯᠡᠨ᠎ᠡ᠃      2.ᠪᠠᠶᠢᠭᠤᠯᠭ᠎ᠠ ᠶᠢᠨ ᠪᠣᠳᠠᠲᠤ ᠡᠳ᠋ ᠬᠥᠷᠥᠩᠭᠡ ᠶᠢᠨ ᠬᠠᠮᠢᠶᠠᠷᠤᠯᠲᠠ ᠪᠠ ᠲᠤᠰ ᠱᠠᠲᠤᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃      3.ᠪᠠᠶᠢᠭᠤᠯᠭ᠎ᠠ ᠶᠢ ᠬᠠᠮᠵᠢᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠵᠦ᠂ ᠰᠣᠶᠣᠯ ᠪᠠ ᠵᠢᠭᠤᠯᠴᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠠᠰᠠᠭᠤᠨ ᠯᠠᠪᠯᠠᠬᠤ ᠦᠢᠯᠡᠴᠢᠯᠡᠭᠡᠨ ᠤ ᠠᠵᠢᠯ ᠢ ᠥᠷᠨᠢᠭᠦᠯᠦᠨ᠎ᠡ᠃    4.ᠪᠠᠶᠢᠭᠤᠯᠭ᠎ᠠ ᠶᠢ ᠬᠠᠮᠵᠢᠨ ᠰᠣᠶᠣᠯ ᠪᠠ ᠵᠢᠭᠤᠯᠴᠢᠯᠠᠯ ᠤᠨ ᠮᠡᠳᠡᠭᠡ ᠵᠠᠩᠭᠢ ᠶᠢᠨ ᠦᠢᠯᠡᠴᠢᠯᠡᠭᠡᠨ᠂ ᠤᠬᠠᠭᠤᠯᠭ᠎ᠠ ᠲᠠᠨᠢᠯᠴᠠᠭᠤᠯᠭ᠎ᠠ᠂ ᠲᠥᠯᠦᠪᠵᠢᠭᠦᠯᠭᠡ ᠶᠢᠨ ᠪᠠᠶᠢᠴᠠᠭᠠᠨ ᠰᠤᠳᠤᠯᠤᠯᠲᠠ᠂ ᠲᠤᠭ᠎ᠠ ᠪᠦᠷᠢᠳᠬᠡᠯ ᠤᠨ ᠰᠤᠳᠤᠯᠭᠠᠨ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠯᠲᠡ᠂ ᠠᠵᠤ ᠦᠢᠯᠡᠰ ᠢ ᠠᠬᠢᠭᠤᠯᠬᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠤᠯᠪᠠᠰᠤᠷᠠᠯ ᠵᠡᠷᠭᠡ ᠠᠵᠢᠯ ᠢ ᠥᠷᠨᠢᠭᠦᠯᠦᠨ᠎ᠡ᠃       5.ᠪᠠᠶᠢᠭᠤᠯᠭ᠎ᠠ ᠶᠢᠨ ᠫᠤᠷᠲ᠋ᠠᠯ ᠰᠦᠯᠵᠢᠶ᠎ᠡ᠂ ᠪᠢᠴᠢᠯ ᠪᠯᠤᠭ ᠤᠨ ᠲᠠᠩᠰᠠᠨ ᠨᠣᠮᠧᠷ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠤᠨ ᠠᠵᠢᠯᠯᠠᠭᠠᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ᠃     6.ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ︵ᠬᠤᠶᠠᠷ︶ ᠳᠣᠲᠣᠭᠠᠳᠤ ᠪᠠᠶᠢᠭᠤᠯᠤᠮᠵᠢ     ᠳᠣᠲᠣᠭᠠᠳᠤ ᠳᠤ ᠪᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ᠄ ᠶᠡᠷᠦᠩᠬᠡᠶᠢᠯᠡᠭᠰᠡᠨ ᠰᠠᠯᠠᠭ᠎ᠠ᠂ ᠨᠠᠮ ᠤᠨ ᠠᠵᠢᠯ ᠤᠨ ᠠᠯᠪᠠᠨ ᠭᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠠᠯᠠᠭ᠎ᠠ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠲᠠᠰᠤᠭ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠰᠠᠯᠠᠭ᠎ᠠ᠂ ᠲᠤᠬᠠᠶᠢᠯᠠᠭᠰᠠᠨ ᠠᠵᠢᠯ ᠤᠨ ᠪᠠᠲᠤᠯᠠᠭ᠎ᠠ ᠶᠢᠨ ᠰᠠᠯᠠᠭ᠎ᠠ ᠵᠡᠷᠭᠡ ᠪᠤᠢ᠃    ︵ᠭᠤᠷᠪᠠ︶ ᠠᠵᠢᠯᠯᠠᠬᠤ ᠭᠠᠵᠠᠷ ᠤᠨ ᠬᠠᠶ᠋ᠢᠭ      ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 32 ᠳ᠋ᠤᠭᠠᠷ ᠨᠣᠮᠧᠷ      ︵ᠳᠥᠷᠪᠡ︶ ᠠᠵᠢᠯᠯᠠᠬᠤ ᠴᠠᠭ     09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠠᠴᠠ ᠭᠠᠳᠠᠨ᠎ᠠ︶      ︵ᠲᠠᠪᠤ︶ ᠬᠠᠷᠢᠯᠴᠠᠬᠤ ᠤᠲᠠᠰᠤ       0471-6913964      ︵ᠵᠢᠷᠭᠤᠭ᠎ᠠ︶ ᠬᠠᠷᠢᠭᠤᠴᠠᠯᠭᠠᠲᠠᠨ      ᠯᠠᠢ ᠰᠤ᠋ ᠲᠠᠩ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ 
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号