ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2023/12/21
     ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠪᠠᠶᠢᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠲᠢᠩᠬᠢᠮ ᠤᠨ ᠲᠠᠰ ᠲᠠᠢ ᠲᠡᠩᠴᠡᠨ᠎ᠡ᠃      ︵ᠨᠢᠭᠡ︶ ᠭᠤᠣᠯ ᠡᠭᠦᠷᠭᠡ ᠬᠠᠷᠢᠭᠤᠴᠠᠯᠭ᠎ᠠ ᠶᠢᠨ ᠡᠭᠦᠷᠭᠡ      1. ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠨ᠎ᠠ᠃      2. ᠥᠪᠥᠷ ᠮᠣᠩᠭᠤᠯ ᠤᠨ ᠰᠣᠶᠣᠯ ᠤᠨ ᠣᠨᠴᠠᠯᠢᠭ ᠲᠠᠢ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠲᠣᠭᠯᠠᠵᠤ᠂ ᠳᠡᠯᠭᠡᠷᠡᠭᠦᠯᠵᠦ᠂ ᠪᠥᠵᠢᠭᠲᠦ ᠵᠦᠴᠦᠭᠡ᠂ ᠳᠠᠭᠤᠯᠠᠯᠳᠤ ᠵᠦᠴᠦᠭᠡ᠂ ᠳᠠᠭᠤᠤ ᠪᠥᠵᠢᠭᠲᠦ ᠵᠦᠴᠦᠭᠡ᠂ ᠮᠣᠩᠭᠤᠯ ᠵᠦᠴᠦᠭᠡ᠂ ᠳᠠᠭᠤᠤ ᠬᠥᠭᠵᠢᠮᠲᠦ ᠵᠦᠴᠦᠭᠡ᠂ ᠬᠥᠭᠵᠢᠮ ᠤᠨ ᠬᠠᠪᠰᠤᠷᠤᠯᠭ᠎ᠠ ᠦᠭᠡᠢ ᠨᠠᠶᠢᠷᠠᠯ ᠳᠠᠭᠤᠤ᠂ ᠨᠠᠶᠢᠷᠠᠯ ᠬᠥᠭᠵᠢᠮ᠂ ᠦᠨᠳᠦᠰᠦᠲᠡᠨ ᠤ ᠬᠥᠭᠵᠢᠮ ᠤᠨ ᠠᠶ᠎ᠠ᠂ ᠦᠨᠳᠦᠰᠦᠲᠡᠨ ᠤ ᠳᠠᠭᠤᠷᠢᠯᠢᠭ᠂ ᠡᠯ ᠿᠧᠨ ᠲᠠᠢ᠂ ᠪᠡᠭᠡᠵᠢᠩ ᠰᠢ᠂ ᠼᠢᠷᠺ᠂ ᠶᠠᠷᠢᠶᠠᠲᠤ ᠵᠦᠴᠦᠭᠡ ᠵᠡᠷᠭᠡ ᠤᠷᠠᠯᠢᠭ ᠤᠨ ᠬᠡᠯᠪᠡᠷᠢ ᠮᠠᠶ᠋ᠢᠭ ᠢ ᠴᠡᠴᠡᠭᠯᠡᠭᠦᠯᠦᠨ ᠬᠥᠭᠵᠢᠭᠦᠯᠦᠨ᠎ᠡ᠃      3. ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠤᠳᠬ᠎ᠠ ᠤᠷᠠᠯᠢᠭ ᠤᠨ ᠠᠵᠢᠯᠯᠠᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠣᠭᠯᠠᠯᠲᠠ ᠪᠠ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ ᠶᠢᠨ ᠡᠭᠦᠷᠭᠡ ᠶᠢ ᠡᠭᠦᠷᠭᠡᠯᠡᠨ᠎ᠡ᠃      4. ᠤᠷᠠᠯᠢᠭ ᠤᠨ ᠵᠣᠬᠢᠶᠠᠨ ᠪᠦᠲᠦᠭᠡᠯᠭᠡ ᠶᠢᠨ ᠰᠤᠳᠤᠯᠭᠠᠨ᠂ ᠲᠣᠭᠯᠠᠯᠲᠠ ᠶᠢᠨ ᠡᠵᠡᠩᠨᠡᠯᠲᠡ᠂ ᠲᠢᠶᠠᠲᠷ ᠤᠨ ᠡᠵᠡᠩᠨᠡᠯᠲᠡ ᠬᠠᠮᠢᠶᠠᠷᠤᠯᠲᠠ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠪᠥᠵᠢᠭ ᠤᠨ ᠭᠤᠸ᠎ᠠ ᠰᠠᠶᠢᠬᠠᠨ ᠤ ᠦᠢᠯᠡᠴᠢᠯᠡᠭᠡ ᠵᠡᠷᠭᠡ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃      5. ᠦᠨᠳᠦᠰᠦᠨ ᠱᠠᠲᠤᠨ ᠤ ᠤᠷᠠᠨ ᠰᠠᠶᠢᠬᠠᠨ ᠤ ᠲᠣᠭᠯᠠᠯᠲᠠ ᠪᠠ ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠤᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠢ ᠬᠥᠮᠥᠵᠢᠭᠦᠯᠦᠨ᠂ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠦᠨ᠎ᠡ᠃      6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠬᠤᠶᠠᠷ︶ ᠳᠣᠲᠣᠭᠠᠳᠤ ᠪᠠᠶᠢᠭᠤᠯᠤᠮᠵᠢ      ᠳᠣᠲᠣᠭᠠᠳᠤ ᠭᠠᠵᠠᠷ ᠤᠨ ᠳᠡᠰ ᠤᠨ ᠪᠠᠶᠢᠭᠤᠯᠤᠮᠵᠢ᠄ ᠠᠯᠪᠠᠨ ᠭᠡᠷ᠂ ᠨᠠᠮ ᠤᠨ ᠬᠤᠷᠢᠶ᠎ᠠ ᠶᠢᠨ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠲᠠᠰᠤᠭ᠂ ᠠᠵᠢᠯᠲᠠᠨ ᠤ ᠶᠠᠪᠤᠳᠠᠯ ᠤᠨ ᠭᠠᠵᠠᠷ᠂ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠂ ᠰᠤᠳᠤᠯᠭᠠᠨ ᠤ ᠲᠠᠰᠤᠭ᠂ ᠵᠣᠬᠢᠶᠠᠨ ᠪᠦᠲᠦᠭᠡᠬᠦ ᠰᠤᠳᠤᠯᠭᠠᠨ ᠤ ᠲᠥᠪ᠂ ᠲᠣᠭᠯᠠᠯᠲᠠ ᠶᠢᠨ ᠬᠠᠮᠢᠶᠠᠷᠤᠯᠲᠠ ᠶᠢᠨ ᠲᠥᠪ᠂ ᠤᠬᠠᠭᠤᠯᠤᠨ ᠰᠣᠯᠢᠯᠴᠠᠬᠤ ᠭᠠᠵᠠᠷ᠂ ᠠᠵᠤ ᠦᠢᠯᠡᠰ ᠤᠨ ᠬᠠᠮᠢᠶᠠᠷᠤᠯᠲᠠ ᠶᠢᠨ ᠭᠠᠵᠠᠷ᠂ ᠳᠠᠭᠤᠤ ᠪᠥᠵᠢᠭ ᠤᠨ ᠪᠦᠯᠬᠦᠮ᠂ ᠮᠣᠩᠭᠤᠯ ᠵᠦᠴᠦᠭᠡ ᠶᠢᠨ ᠤᠷᠠᠯᠢᠭ ᠤᠨ ᠪᠦᠯᠬᠦᠮ᠂ ᠦᠨᠳᠦᠰᠦᠲᠡᠨ ᠤ ᠳᠠᠭᠤᠷᠢᠯᠢᠭ ᠤᠷᠠᠯᠢᠭ ᠤᠨ ᠪᠦᠯᠬᠦᠮ᠂ ᠡᠯ ᠿᠧᠨ ᠲᠠᠢ ᠤᠷᠠᠯᠢᠭ ᠤᠨ ᠪᠦᠯᠬᠦᠮ᠂ ᠼᠢᠷᠺ ᠤᠨ ᠪᠦᠯᠬᠦᠮ᠂ ᠪᠡᠭᠡᠵᠢᠩ ᠰᠢ ᠶᠢᠨ ᠪᠦᠯᠬᠦᠮ᠂ ᠦᠨᠳᠦᠰᠦᠲᠡᠨ ᠤ ᠬᠥᠭᠵᠢᠮ ᠤᠨ ᠪᠦᠯᠬᠦᠮ᠂ ᠨᠠᠶᠢᠷᠠᠯ ᠳᠠᠭᠤᠤ ᠶᠢᠨ ᠪᠦᠯᠬᠦᠮ᠂ ᠨᠠᠶᠢᠷᠠᠯ ᠬᠥᠭᠵᠢᠮ ᠤᠨ ᠪᠦᠯᠬᠦᠮ᠂ ᠶᠠᠷᠢᠶᠠᠲᠤ ᠵᠦᠴᠦᠭᠡ ᠶᠢᠨ ᠪᠦᠯᠬᠦᠮ᠂ ᠠᠵᠢᠯ   ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠵᠢᠯ ᠤᠨ ᠭᠠᠵᠠᠷ᠃      ︵ᠭᠤᠷᠪᠠ︶ ᠠᠵᠢᠯᠯᠠᠬᠤ ᠬᠠᠶ᠋ᠢᠭ      ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠧᠢ ᠶᠤᠸᠠᠨ ᠵᠡᠭᠦᠨ ᠵᠡᠭᠡᠯᠢ ᠶᠢᠨ ᠬᠥᠬᠡ 16 ᠳ᠋ᠤᠭᠠᠷ ᠨᠣᠮᠧᠷ      ︵ᠳᠥᠷᠪᠡ︶ ᠠᠵᠢᠯᠯᠠᠬᠤ ᠴᠠᠭ      09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ︵ᠲᠠᠪᠤ︶ ᠬᠠᠷᠢᠯᠴᠠᠬᠤ ᠠᠷᠭ᠎ᠠ ᠮᠠᠶ᠋ᠢᠭ      0471-3946848      ︵ᠵᠢᠷᠭᠤᠭ᠎ᠠ︶ ᠬᠠᠷᠢᠭᠤᠴᠠᠯᠭᠠᠲᠠᠨ      ᠯᠢ ᠯᠢ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号