ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
ᠨᠡᠶᠢᠲᠡᠯᠡᠭᠰᠡᠨ ᠴᠠᠭ᠄
2023/12/22
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠣᠨ᠎ᠠ᠃ ︵ᠨᠢᠭᠡ︶ ᠭᠤᠣᠯ ᠡᠭᠦᠷᠭᠡ ᠬᠠᠷᠢᠭᠤᠴᠠᠯᠭ᠎ᠠ ᠶᠢᠨ ᠡᠭᠦᠷᠭᠡ      1. ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠦᠵᠡᠰᠬᠦᠯᠡᠩ ᠤᠨ ᠲᠥᠷᠥᠯ ᠵᠦᠢᠯ ᠢ ᠵᠣᠬᠢᠶᠠᠨ ᠪᠠᠶᠢᠭᠤᠯᠬᠤ᠂ ᠤᠬᠠᠭᠠᠯᠠᠨ ᠰᠡᠳᠦᠬᠦ᠂ ᠵᠢᠷᠤᠭᠯᠠᠨ ᠲᠥᠯᠥᠪᠯᠡᠬᠦ᠂ ᠳᠡᠯᠭᠡᠨ ᠦᠵᠡᠭᠦᠯᠬᠦ᠂ ᠲᠠᠶᠢᠯᠪᠤᠷᠢᠯᠠᠨ ᠭᠥᠯᠢᠶᠡᠨ ᠠᠪᠬᠤ ᠵᠡᠷᠭᠡ ᠠᠵᠢᠯ ᠢ ᠡᠭᠦᠷᠭᠡᠯᠡᠨ᠎ᠡ᠃      2.ᠡᠯ᠎ᠡ ᠲᠦᠷᠦᠯ ᠤᠨ ᠲᠤᠰᠬᠠᠢ ᠰᠡᠳᠦᠪᠲᠦ ᠦᠵᠡᠭᠦᠯᠭᠡ ᠶᠢᠨ ᠵᠦᠢᠯᠡᠰ ᠢ ᠳᠠᠭᠠᠭᠠᠨ ᠡᠷᠬᠢᠯᠡᠵᠦ᠂ ᠨᠡᠶᠢᠭᠡᠮ ᠨᠡᠶᠢᠲᠡ ᠳᠤ ᠦᠵᠡᠭᠦᠯᠭᠡ ᠶᠢᠨ ᠦᠢᠯᠡᠴᠢᠯᠡᠭᠡ ᠬᠠᠩᠭᠠᠨ᠎ᠠ᠃      3. ᠤᠯᠠᠮᠵᠢᠯᠠᠯᠲᠤ ᠭᠠᠷ ᠤᠷᠠᠯᠠᠯ᠂ ᠰᠣᠶᠣᠯ ᠤᠨ ᠡᠭᠦᠳᠦᠯᠲᠡ ᠶᠢᠨ ᠦᠢᠯᠡᠳᠬᠦᠨ᠂ ᠵᠢᠭᠤᠯᠴᠢᠯᠠᠯ ᠤᠨ ᠦᠢᠯᠡᠳᠬᠦᠨ ᠢ ᠳᠡᠯᠭᠡᠨ ᠦᠵᠡᠭᠦᠯᠵᠦ ᠲᠠᠨᠢᠯᠴᠠᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     4. ᠤᠯᠤᠰ ᠢᠶᠠᠨ ᠬᠠᠶᠢᠷᠠᠯᠠᠬᠤ ᠦᠵᠡᠯ᠂ ᠦᠨᠳᠦᠰᠦᠲᠡᠨ ᠤ ᠪᠦᠯᠬᠦᠮᠳᠡᠯ ᠵᠡᠷᠭᠡ ᠶᠢᠨ ᠤᠬᠠᠭᠤᠯᠭ᠎ᠠ ᠬᠥᠮᠦᠵᠢᠯ᠂ ᠨᠣᠮ ᠤᠨ ᠰᠠᠩ ᠤᠨ ᠬᠤᠭᠤᠷᠣᠨᠳᠣᠬᠢ ᠦᠵᠡᠭᠦᠯᠭᠡ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      5. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠬᠤᠶᠠᠷ︶ ᠳᠣᠲᠣᠭᠠᠳᠤ ᠪᠠᠶᠢᠭᠤᠯᠤᠮᠵᠢ      ᠳᠣᠲᠣᠭᠠᠳᠤ ᠳᠤ ᠪᠠᠨ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠠᠵᠢᠯ ᠤᠨ ᠠᠯᠪᠠᠨ ᠭᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠡᠳ᠋ ᠤᠨ ᠶᠠᠪᠤᠳᠠᠯ ᠤᠨ ᠰᠠᠯᠠᠭ᠎ᠠ᠂ ᠦᠵᠡᠰᠬᠦᠯᠡᠩ ᠢ ᠰᠤᠳᠤᠯᠬᠤ ᠬᠡᠯᠲᠡᠰ᠂ ᠦᠵᠡᠰᠬᠦᠯᠡᠩ ᠢ ᠵᠢᠷᠤᠵᠤ ᠲᠥᠯᠥᠪᠯᠡᠬᠦ ᠬᠡᠯᠲᠡᠰ᠂ ᠲᠤᠭᠠᠵᠢᠭᠤᠯᠤᠭᠰᠠᠨ ᠮᠡᠳᠡᠭᠡ ᠵᠠᠩᠭᠢ ᠶᠢᠨ ᠬᠡᠯᠲᠡᠰ᠂ ᠳᠡᠯᠭᠡᠨ ᠪᠣᠷᠣᠯᠠᠭᠤᠯᠬᠤ ᠢᠨᠵᠧᠨᠧᠷᠢᠩ ᠤᠨ ᠬᠡᠯᠲᠡᠰ᠂ ᠤᠬᠠᠭᠤᠯᠭ᠎ᠠ ᠰᠤᠷᠭᠠᠨ ᠬᠥᠮᠦᠵᠢᠯ ᠤᠨ ᠶᠠᠮᠤᠨ ᠵᠡᠷᠭᠡ ᠵᠢᠩᠬᠢᠨᠢ ᠰᠠᠯᠠᠭᠠᠨ ᠤ ᠲᠡᠰ ᠤᠨ ᠪᠠᠶᠢᠭᠤᠯᠤᠮᠵᠢ ᠶᠢ ᠪᠠᠶᠢᠭᠤᠯᠤᠨ᠎ᠠ᠃ ︵ᠭᠤᠷᠪᠠ︶ ᠠᠵᠢᠯᠯᠠᠬᠤ ᠬᠠᠶ᠋ᠢᠭ      ᠬᠥᠬᠡᠬᠤᠲᠠ ᠶᠢᠨ ᠰᠠᠶᠢᠬᠠᠨ ᠲᠣᠭᠤᠷᠢᠭ ᠤᠨ ᠦᠵᠡᠰᠬᠦᠯᠡᠩ  ᠤᠨ ᠤᠷᠲᠤᠨ ᠤ ᠵᠡᠭᠦᠨ ᠵᠠᠮ ᠤᠨ 31 ᠳ᠋ᠦ᠋ᠭᠡᠷ ᠨᠣᠮᠧᠷᠲᠤ ︵ᠳᠥᠷᠪᠡ︶ ᠠᠵᠢᠯᠯᠠᠬᠤ ᠴᠠᠭ      09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ ︵ᠲᠠᠪᠤ︶  ᠬᠠᠷᠢᠯᠴᠠᠬᠤ ᠤᠲᠠᠰᠤ      0471-4951415 ︵ᠵᠢᠷᠭᠤᠭ᠎ᠠ︶  ᠬᠠᠷᠢᠭᠤᠴᠠᠯᠭᠠᠲᠠᠨ      ᠰᠢᠶᠠ ᠰᠢᠦᠸᠠᠢ  ᠹᠧᠩ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号