ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ
ᠨᠡᠶᠢᠲᠡᠯᠡᠭᠰᠡᠨ ᠴᠠᠭ᠄
2023/12/22
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠣᠷᠳᠣᠨ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ  ᠨᠢᠭᠡᠴᠢ ᠪᠤᠯᠤᠨ᠎ᠠ᠃︵ᠨᠢᠭᠡ︶ ᠭᠤᠣᠯ ᠡᠭᠦᠷᠭᠡ ᠬᠠᠷᠢᠭᠤᠴᠠᠯᠭ᠎ᠠ ᠶᠢᠨ ᠡᠭᠦᠷᠭᠡ      1.ᠤᠳᠤᠷᠢᠳᠤᠮᠵᠢ ᠶᠢᠨ ᠴᠢᠨᠠᠷᠲᠠᠢ᠂ ᠲᠥᠯᠥᠭᠡᠯᠡᠬᠦ ᠴᠢᠨᠠᠷᠲᠠᠢ᠂ ᠵᠢᠱᠢᠶ᠎ᠡ ᠦᠵᠡᠭᠦᠯᠬᠦ ᠴᠢᠨᠠᠷᠲᠠᠢ ᠨᠡᠶᠢᠭᠡᠮ ᠤᠨ ᠰᠣᠶᠣᠯ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃      2. ᠣᠯᠠᠨ ᠨᠡᠶᠢᠲᠡ ᠶᠢᠨ ᠰᠣᠶᠣᠯ᠂ ᠦᠨᠳᠦᠰᠦᠲᠡᠨ ᠤ ᠠᠷᠠᠳ ᠤᠨ ᠰᠣᠶᠣᠯ ᠤᠨ ᠣᠨᠣᠯ ᠤᠨ ᠰᠤᠳᠤᠯᠭᠠᠨ ᠪᠠ ᠣᠯᠠᠨ ᠲᠦᠮᠡᠨ ᠤ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠥᠷᠨᠢᠭᠦᠯᠦᠨ᠎ᠡ᠃ ᠤᠯᠠᠨ ᠲᠦᠮᠡᠨ ᠤ ᠰᠣᠶᠣᠯ ᠤᠨ ᠰᠡᠳᠬᠦᠯ ᠢ ᠨᠠᠶᠢᠷᠠᠭᠤᠯᠤᠨ ᠬᠡᠪᠯᠡᠭᠦᠯᠵᠦ᠂ ᠨᠡᠶᠢᠭᠡᠮ ᠤᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠦᠨ᠎ᠡ᠃      3. ᠣᠯᠠᠨ ᠲᠦᠮᠡᠨ ᠤ ᠰᠣᠶᠣᠯ ᠤᠷᠠᠯᠢᠭ ᠤᠨ ᠪᠣᠯᠪᠠᠰᠤᠷᠠᠭᠤᠯᠤᠯ ᠤᠨ ᠬᠠᠪᠰᠤᠷᠤᠨ ᠵᠢᠯᠤᠭᠤᠳᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      4. ᠰᠣᠶᠣᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ ᠳᠡᠯᠭᠡᠨ ᠦᠨᠡᠯᠡᠬᠦ᠂ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃      5. ᠲᠤᠭᠠᠵᠢᠭᠤᠯᠤᠭᠰᠠᠨ ᠰᠣᠶᠣᠯ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃      6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠬᠤᠶᠠᠷ︶ ᠳᠣᠲᠣᠭᠠᠳᠤ ᠪᠠᠶᠢᠭᠤᠯᠤᠮᠵᠢ      ᠡᠭᠦᠨ ᠳᠤ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠠᠵᠢᠯ ᠤᠨ ᠠᠯᠪᠠᠨ ᠭᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠰᠤᠳᠤᠯᠭᠠᠨ ᠤ ᠬᠡᠯᠲᠡᠰ᠂ ︽ᠬᠤᠨ ᠭᠠᠯᠠᠭᠤ︾ ᠨᠠᠶᠢᠷᠠᠭᠤᠯᠬᠤ ᠬᠡᠯᠲᠡᠰ᠂ ᠣᠯᠠᠨ ᠲᠦᠮᠡᠨ ᠤ ᠰᠣᠶᠣᠯ ᠤᠨ ᠠᠵᠢᠯᠯᠠᠭᠠᠨ ᠤ ᠬᠡᠯᠲᠡᠰ᠂ ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠬᠡᠯᠲᠡᠰ᠂ ᠪᠣᠯᠪᠠᠰᠤᠷᠠᠯ ᠤᠨ ᠬᠡᠯᠲᠡᠰ ᠵᠡᠷᠭᠡ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ ᠲᠠᠢ᠃ ︵ᠭᠤᠷᠪᠠ︶ ᠠᠵᠢᠯᠯᠠᠬᠤ ᠬᠠᠶ᠋ᠢᠭ      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠤᠯᠠᠨ ᠲᠦᠮᠡᠨ ᠤ ᠤᠷᠠᠯᠢᠭ ᠤᠨ ᠤᠷᠲᠤᠨ ᠭᠤᠳᠤᠮᠵᠢ ᠶᠢᠨ1 ᠳ᠋ᠦ᠋ᠭᠡᠷ ᠨᠣᠮᠧᠷᠲᠤ ︵ᠳᠥᠷᠪᠡ︶ ᠠᠵᠢᠯᠯᠠᠬᠤ ᠴᠠᠭ      09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ ︵ᠲᠠᠪᠤ︶  ᠬᠠᠷᠢᠯᠴᠠᠬᠤ ᠤᠲᠠᠰᠤ      0471-6913653 ︵ᠵᠢᠷᠭᠤᠭ᠎ᠠ︶  ᠬᠠᠷᠢᠭᠤᠴᠠᠯᠭᠠᠲᠠᠨ      ᠭᠧ ᠯᠢ ᠫᠢᠩ
 
ᠢᠷᠡᠯᠲᠡ᠄ ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号