ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠳᠤᠯᠬᠤ ᠬᠦᠷᠢᠶᠡᠯᠡᠩ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠲᠤᠯᠬᠤ ᠬᠦᠷᠢᠶᠡᠯᠡᠩ ︵ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ | ᠲᠥᠪ ᠤᠨ ᠫᠠᠶᠢᠰᠠ ᠶᠢ ᠡᠯᠭᠦᠪᠡ︶ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ | ᠲᠥᠷᠥᠯ ᠤᠨ ᠠᠵᠢᠯ ᠦᠢᠯᠡᠰ ᠤᠨ ᠨᠢᠭᠡᠴᠢ ᠪᠤᠯᠤᠨ᠎ᠠ᠃ | ︵ᠨᠢᠭᠡ︶ ᠭᠤᠣᠯ ᠡᠭᠦᠷᠭᠡ ᠬᠠᠷᠢᠭᠤᠴᠠᠯᠭ᠎ᠠ ᠶᠢᠨ ᠡᠭᠦᠷᠭᠡ | 1.ᠤᠷᠠᠯᠢᠭ ᠤᠨ ᠬᠠᠮᠢᠶ᠎ᠠ ᠪᠦᠬᠦᠢ ᠣᠨᠣᠯ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ | ᠣᠨᠣᠯ ᠤᠨ ᠰᠤᠳᠤᠯᠤᠯ ᠪᠠ ᠤᠷᠠᠯᠢᠭ ᠤᠨ ᠰᠢᠭᠦᠮᠵᠢ ᠶᠢᠨ ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠡᠷᠳᠡᠮ | ᠰᠢᠨᠵᠢᠯᠡᠭᠡᠨ ᠤ ᠰᠣᠯᠢᠯᠴᠠᠭ᠎ᠠ ᠪᠣᠯᠪᠠᠰᠤᠷᠠᠭᠤᠯᠤᠯ ᠤᠨ ᠰᠤᠳᠤᠯᠤᠨ ᠶᠠᠷᠢᠯᠴᠠᠬᠤ ᠠᠵᠢᠯᠯᠠᠭ᠎ᠠ ᠶᠢ ᠡᠷᠭᠢᠯᠡᠨ᠎ᠡ᠃ | 2.ᠤᠷᠠᠯᠢᠭ ᠤᠨ ᠳᠠᠩᠰᠠ ᠡᠪᠬᠡᠮᠡᠯ᠂ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠤᠨ | ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠳᠠᠭᠠᠯᠠᠨ ᠬᠠᠮᠢᠶᠠᠷᠬᠤ ᠪᠠ ᠨᠡᠭᠡᠭᠡᠨ ᠠᠰᠢᠭᠯᠠᠬᠤ ᠠᠵᠢᠯ ᠢ ᠡᠭᠦᠷᠭᠡᠯᠡᠨ᠎ᠡ᠃ | | 3. ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠤᠷᠠᠯᠢᠭ ᠤᠨ ᠰᠤᠳᠤᠯᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ | ᠰᠡᠳᠬᠦᠯ ᠢ ᠨᠠᠶᠢᠷᠠᠭᠤᠯᠤᠨ ᠬᠡᠪᠯᠡᠭᠦᠯᠦᠨ᠎ᠡ᠃ | 4. ᠪᠥᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠳᠡᠮ ᠪᠠᠶᠢᠴᠠᠭᠠᠯᠲᠠ ᠵᠢᠴᠢ ᠬᠠᠮᠢᠶ᠎ᠠ | ᠪᠦᠬᠦᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠪᠥᠬᠦ ᠣᠷᠣᠨ ᠤ ᠪᠣᠳᠠᠰ ᠤᠨ ᠪᠤᠰᠤ | ᠰᠣᠶᠣᠯ ᠤᠨ ᠥᠪ ᠤᠨ ᠳᠥᠷᠪᠡᠨ ᠱᠠᠲᠤᠨ ᠤ ᠨᠡᠷᠡᠰ ᠤᠨ ᠵᠢᠭᠰᠠᠭᠠᠯᠲᠠ ᠶᠢᠨ ᠰᠢᠰᠲ᠋ᠧᠮᠵᠢ᠂ ᠰᠣᠶᠣᠯ ᠤᠨ ᠠᠮᠢ | ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠵᠢᠴᠢ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ | ᠮᠠᠨᠳᠤᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠠᠬᠢᠭᠤᠯᠤᠨ᠎ᠠ᠃ | 5. ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ | ᠲᠣᠭᠲᠠᠭᠠᠬᠤ ᠳᠤ ᠣᠷᠣᠯᠴᠠᠵᠤ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠵᠢᠴᠢ ᠵᠠᠯᠭᠠᠮᠵᠢᠯᠠᠭᠴᠢ ᠶᠢᠨ ᠪᠠᠶᠢᠴᠠᠭᠠᠨ | ᠰᠤᠳᠤᠯᠵᠤ ᠨᠤᠲᠠᠯᠠᠬᠤ ᠵᠡᠷᠭᠡ ᠠᠵᠢᠯ ᠢ ᠡᠭᠦᠷᠭᠡᠯᠡᠨ᠎ᠡ᠃ | 6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ | ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠬᠤᠶᠠᠷ︶ ᠳᠣᠲᠣᠭᠠᠳᠤ ᠪᠠᠶᠢᠭᠤᠯᠤᠮᠵᠢ | ᠳᠣᠲᠣᠭᠠᠳᠤ ᠳᠤ ᠪᠠᠨ᠄ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠠᠵᠢᠯ ᠤᠨ ᠠᠯᠪᠠᠨ ᠭᠡᠷ ︵ | ᠠᠵᠢᠯᠲᠠᠨ ᠤ ᠶᠠᠪᠤᠳᠠᠯ ᠤᠨ ᠰᠠᠯᠠᠭ᠎ᠠ︶᠂ ᠰᠤᠳᠤᠯᠬᠤ ᠲᠠᠰᠤᠭ᠂ ᠬᠠᠮᠠᠭᠠᠯᠠᠯᠲᠠ ᠶᠢᠨ ᠰᠠᠯᠠᠭ᠎ᠠ᠂ ᠵᠣᠬᠢᠶᠠᠨ ᠪᠦᠲᠦᠭᠡᠬᠦ | ᠲᠠᠰᠤᠭ᠂ ︽ᠥᠪᠥᠷ ᠮᠣᠩᠭᠤᠯ ᠤᠨ ᠤᠷᠠᠯᠢᠭ︾ ᠨᠠᠶᠢᠷᠠᠭᠤᠯᠬᠤ ᠬᠡᠯᠲᠡᠰ᠂ ᠲᠠᠩᠰᠠ ᠡᠪᠬᠡᠮᠡᠯ ᠤᠨ ᠲᠠᠰᠤᠭ᠂ | ᠪᠣᠯᠪᠠᠰᠤᠷᠠᠭᠤᠯᠤᠯ ᠤᠨ ᠰᠠᠯᠠᠭ᠎ᠠ ᠵᠡᠷᠭᠡ ᠵᠢᠩᠬᠢᠨᠢ ᠰᠠᠯᠠᠭ᠎ᠠ ᠶᠢᠨ ᠲᠠᠰᠤᠭ ᠲᠠᠢ᠃ | ︵ᠭᠤᠷᠪᠠ︶ ᠠᠵᠢᠯᠯᠠᠬᠤ ᠬᠠᠶ᠋ᠢᠭ | ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 32 ᠳ᠋ᠤᠭᠠᠷ ᠨᠣᠮᠧᠷᠲᠤ | ᠰᠣᠶᠣᠯ ᠤᠨ ᠲᠣᠮᠣ ᠠᠰᠠᠷ ᠤᠨ ᠳᠡᠳ᠋ ᠠᠰᠠᠷ | ︵ᠳᠥᠷᠪᠡ︶ ᠠᠵᠢᠯᠯᠠᠬᠤ ᠴᠠᠭ | 09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ︵ᠲᠠᠪᠤ︶ ᠬᠠᠷᠢᠯᠴᠠᠬᠤ ᠤᠲᠠᠰᠤ | 0471-4923207 | ︵ᠵᠢᠷᠭᠤᠭ᠎ᠠ︶ ᠬᠠᠷᠢᠭᠤᠴᠠᠯᠭᠠᠲᠠᠨ | ᠯᠢᠦ ᠰᠢᠶᠣᠣ ᠹᠧᠩ | | |