| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠭᠤᠴᠢ | ᠰᠤᠳᠤᠯᠤᠯ ᠤᠨ ᠰᠤᠳᠤᠯᠭᠠᠨ ᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ | ᠵᠦᠢᠯ ᠤᠨ ᠲᠣᠪᠴᠢᠶ᠎ᠠ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ | ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠤᠯᠤᠨ᠎ᠠ᠃ | ︵ᠨᠢᠭᠡ︶ ᠭᠤᠣᠯ ᠡᠭᠦᠷᠭᠡ ᠬᠠᠷᠢᠭᠤᠴᠠᠯᠭ᠎ᠠ ᠶᠢᠨ ᠡᠭᠦᠷᠭᠡ | 1. ᠪᠦᠬᠦ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠪᠠᠶᠢᠴᠠᠭᠠᠯᠲᠠ | ᠬᠢᠬᠦ᠂ ᠬᠠᠶᠢᠨ ᠰᠢᠨᠵᠢᠯᠡᠬᠦ᠂ ᠨᠡᠭᠡᠭᠡᠨ ᠮᠠᠯᠲᠠᠬᠤ᠂ ᠬᠠᠮᠠᠭᠠᠯᠠᠬᠤ ᠵᠢᠴᠢ ᠰᠢᠨᠵᠢᠯᠡᠬᠦ ᠤᠬᠠᠭᠠᠨ ᠤ ᠰᠤᠳᠤᠯᠤᠯ ᠬᠢᠬᠦ ᠵᠡᠷᠭᠡ | ᠠᠵᠢᠯ ᠢ ᠡᠭᠦᠷᠭᠡᠯᠡᠨ᠎ᠡ᠃ | 2. ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠮᠡᠳᠡᠭᠡ ᠵᠠᠩᠭᠢ ᠶᠢ ᠴᠤᠭᠯᠠᠭᠤᠯᠤᠨ | ᠡᠮᠬᠢᠳᠬᠡᠬᠦ᠂ ᠬᠢᠨᠠᠨ ᠬᠡᠮᠵᠢᠵᠦ ᠵᠠᠳᠠᠯᠤᠯᠲᠠ ᠬᠢᠬᠦ᠂ ᠲᠠᠩᠰᠠ ᠡᠪᠬᠡᠮᠡᠯ ᠪᠠᠶᠢᠭᠤᠯᠬᠤ᠂ ᠤᠬᠠᠭᠤᠯᠤᠨ ᠨᠡᠶᠢᠲᠡᠯᠡᠬᠦ ᠵᠡᠷᠭᠡ | ᠠᠵᠢᠯ ᠢ ᠡᠭᠦᠷᠭᠡᠯᠡᠨ᠎ᠡ᠃ | 3. ᠪᠥᠬᠦ ᠣᠷᠣᠨ ᠤ ᠣᠷᠳᠣ ᠴᠠᠭᠠᠨ ᠬᠡᠷᠡᠮ ᠤᠨ ᠡᠬᠢ ᠪᠠᠶᠠᠯᠢᠭ ᠤᠨ ᠪᠠᠶᠢᠴᠠᠭᠠᠯᠲᠠ᠂ ᠬᠠᠮᠠᠭᠠᠯᠠᠯᠲᠠ ᠶᠢᠨ | ᠰᠤᠳᠤᠯᠤᠯ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 4.ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ | ᠥᠷᠨᠢᠭᠦᠯᠵᠦ᠂ ᠬᠤᠯᠪᠣᠭᠳᠠᠯ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠨ᠎ᠡ᠃ | 5.ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ | ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠬᠤᠶᠠᠷ︶ ᠳᠣᠲᠣᠭᠠᠳᠤ ᠪᠠᠶᠢᠭᠤᠯᠤᠮᠵᠢ | ᠳᠣᠲᠣᠭᠠᠳᠤ ᠳᠤ ᠪᠠᠨ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠠᠵᠢᠯ ᠤᠨ ᠠᠯᠪᠠᠨ ᠭᠡᠷ ︵ᠠᠵᠢᠯᠲᠠᠨ ᠤ | ᠶᠠᠪᠤᠳᠠᠯ ᠤᠨ ᠰᠠᠯᠠᠭ᠎ᠠ︶᠂ ᠬᠠᠭᠤᠴᠢ ᠰᠤᠳᠤᠯᠤᠯ ᠤᠨ ᠲᠠᠰᠤᠭ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠲᠠᠰᠤᠭ᠂ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠲᠠᠰᠤᠭ᠂ ᠮᠠᠲ᠋ᠧᠷᠢᠶᠠᠯ ᠮᠡᠳᠡᠭᠡ | ᠵᠠᠩᠭᠢ ᠶᠢᠨ ᠲᠠᠰᠤᠭ᠂ ᠠᠮᠤᠷ ᠲᠦᠪᠰᠢᠨ ᠤ ᠬᠠᠮᠠᠭᠠᠯᠠᠯᠲᠠ ᠶᠢᠨ ᠰᠠᠯᠠᠭ᠎ᠠ᠂ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠰᠠᠯᠠᠭ᠎ᠠ ᠵᠡᠷᠭᠡ ᠵᠢᠩᠬᠢᠨᠢ ᠰᠠᠯᠠᠭᠠᠨ ᠤ ᠲᠠᠰᠤᠭ ᠲᠠᠢ᠃ | ︵ᠭᠤᠷᠪᠠ︶ ᠠᠵᠢᠯᠯᠠᠬᠤ ᠬᠠᠶ᠋ᠢᠭ | ᠬᠥᠬᠡᠬᠤᠲᠠ ᠶᠢᠨ ᠰᠠᠶᠢᠬᠠᠨ ᠲᠣᠭᠤᠷᠢᠭ ᠤᠨ ᠦᠵᠡᠰᠬᠦᠯᠡᠩ ᠤᠨ ᠣᠷᠳᠣᠨ ᠤ ᠡᠮᠦᠨ᠎ᠡ ᠭᠤᠳᠤᠮᠵᠢ ᠶᠢᠨ 1 | ᠳ᠋ᠦ᠋ᠭᠡᠷ ᠨᠤᠮᠧᠷᠲᠤ | ︵ᠳᠥᠷᠪᠡ︶ ᠠᠵᠢᠯᠯᠠᠬᠤ ᠴᠠᠭ | 09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ︵ᠲᠠᠪᠤ︶ ᠬᠠᠷᠢᠯᠴᠠᠬᠤ ᠤᠲᠠᠰᠤ | 0471-4961146 | ︵ᠵᠢᠷᠭᠤᠭ᠎ᠠ︶ ᠬᠠᠷᠢᠭᠤᠴᠠᠯᠭᠠᠲᠠᠨ | ᠰᠦᠨ ᠶᠢᠨ ᠰᠦᠩ |