ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠳᠤᠭᠠᠷ ᠪᠦᠯᠦᠭ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/12/24
ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠤ᠄      ︽ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ  ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠵᠢᠨ‌‍ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠷᠭ᠎ᠠ ᠬᠡᠮᠵᠢᠶ᠎ᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠭᠤᠷᠪᠠᠳᠤᠭᠠᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠵᠢᠴᠢ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠠᠶᠢᠮᠠᠭ ᠬᠤᠲᠠ‌ᠢᠳᠡᠪᠬᠢᠲᠡᠢ ᠪᠠᠷ ᠮᠡᠳᠡᠭᠦᠯᠦᠭᠰᠡᠨ ᠰᠠᠭᠤᠷᠢᠨ ᠳᠡᠭᠡᠷ᠎ᠡ᠂ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠵᠤ᠂ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠵᠤ᠂ ᠰᠦᠯᠵᠢᠶᠡᠨ ᠳᠡᠭᠡᠷ᠎ᠡ ᠢᠯᠡ ᠨᠡᠶᠢᠲᠡᠯᠡᠬᠦ ᠪᠠᠷ ᠳᠡᠮᠵᠢᠨ᠂ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠤᠨ ᠪᠠ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠲᠣᠭᠤᠷᠢᠭ ᠤᠨ ᠨᠡᠷᠡᠰ ᠢ ᠲᠣᠭᠲᠠᠭᠠᠵᠤ᠂ ᠡᠳᠦᠭᠡ ᠨᠡᠶᠢᠲᠡᠯᠡᠨ᠎ᠡ᠃      ᠡᠯ᠎ᠡ ᠠᠶᠢᠮᠠᠭ ᠬᠤᠲᠠ ᠶᠢᠨ ᠰᠣᠶᠣᠯ ᠪᠠ  ᠵᠢᠭᠤᠯᠴᠢᠯᠠᠯ ᠤᠨ ᠲᠣᠪᠴᠢᠶ᠎ᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠡᠷᠡᠲᠦ ᠲᠡᠮᠳᠡᠭ ᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰ ᠭᠠᠵᠠᠷ ᠣᠷᠣᠨ ᠤ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠨ ᠠᠬᠢᠭᠤᠯᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠤᠬᠠᠭᠤᠯᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠂ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠰᠥᠨᠢ ᠶᠢᠨ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠭ᠎ᠠ ᠪᠠᠷᠢᠮᠲᠠ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠣᠨᠴᠠᠭᠠᠶᠢᠯᠠᠨ ᠮᠡᠳᠡᠭᠳᠡᠪᠡ᠃      ᠳᠠᠭᠠᠯᠳᠤᠭᠤᠯᠤᠯ᠄ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠤ ᠨᠡᠷᠡᠰ  ︵ᠨᠠᠷᠢᠨ ᠵᠦᠢᠯᠡᠰ ᠢ  ᠬᠢᠲᠠᠳ ᠰᠦᠯᠵᠢᠶᠡᠨ ᠠᠴᠠ ᠯᠠᠪᠯᠠᠭᠠᠷᠠᠢ  ᠃︶          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠢᠭᠤᠯᠴᠢᠯᠠᠯ ᠤᠨ ᠲᠢᠩᠬᠢᠮ              2023 ᠣᠨ ᠤ 12 ᠰᠠᠷ᠎ᠠ ᠶᠢᠨ 21
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号