ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠵᠢᠭᠤᠯᠴᠢᠯᠠᠯ ᠤᠨ ᠤᠷᠠᠨ ᠰᠠᠶᠢᠬᠠᠨ ᠤ ᠰᠣᠳᠣᠨ ᠪᠦᠲᠦᠭᠡᠯ ᠢ ᠭᠤᠣᠯᠳᠠᠯᠭ᠎ᠠ ᠲᠠᠢ ᠪᠣᠶᠢᠵᠢᠭᠤᠯᠬᠤ ᠲᠥᠷᠥᠯ ᠵᠦᠢᠯ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/12/24
ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ  ᠶᠢ ᠠᠬᠢᠭᠤᠯᠵᠤ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠣᠳᠣᠨ ᠪᠦᠲᠦᠭᠡᠯ ᠢ ᠡᠭᠦᠳᠬᠦ ᠶᠢᠨ ᠲᠦᠯᠦᠭᠡ᠂ ︽ᠪᠦᠬᠦ ᠤᠯᠤᠰ ᠤᠨ ᠵᠢᠭᠤᠯᠴᠢᠯᠠᠯ ᠤᠨ ᠤᠷᠠᠨ ᠰᠠᠶᠢᠬᠠᠨ ᠤ ᠰᠣᠳᠣᠨ ᠪᠦᠲᠦᠭᠡᠯ ᠤᠨ ᠨᠡᠷᠡᠰ ᠤᠨ ᠵᠢᠭᠰᠠᠭᠠᠯᠲᠠ ᠵᠢᠴᠢ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠤᠷᠠᠨ ᠰᠠᠶᠢᠬᠠᠨ ᠤ ᠰᠣᠳᠣᠨ ᠪᠦᠲᠦᠭᠡᠯ ᠢ ᠭᠤᠣᠯᠳᠠᠯᠭ᠎ᠠ ᠲᠠᠢ ᠪᠣᠶᠢᠵᠢᠭᠤᠯᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠳᠡᠯ︾ ᠢ ᠦᠨᠳᠦᠰᠦᠯᠡᠪᠡᠯ᠂ ᠡᠯ᠎ᠡ ᠠᠶᠢᠮᠠᠭ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ  ᠲᠤᠰᠬᠠᠢ ᠮᠡᠷᠭᠡᠵᠢᠯᠲᠡᠨ ᠠᠴᠠ ᠬᠢᠨᠠᠨ ᠲᠣᠭᠲᠠᠭᠠᠬᠤ᠂ ᠶᠡᠷᠦᠩᠬᠡᠶᠢᠯᠡᠨ ᠰᠤᠳᠤᠯᠬᠤ᠂ ᠰᠦᠯᠵᠢᠶᠡᠨ ᠳᠡᠭᠡᠷ᠎ᠡ ᠢᠯᠡ ᠨᠡᠶᠢᠲᠡᠯᠡᠬᠦ ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠲᠠᠢ ᠪᠣᠶᠢᠵᠢᠭᠤᠯᠬᠤ ᠵᠢᠭᠤᠯᠴᠢᠯᠠᠯ ᠤᠨ ᠤᠷᠠᠨ ᠰᠠᠶᠢᠬᠠᠨ ᠤ ᠰᠣᠳᠣᠨ ᠪᠦᠲᠦᠭᠡᠯ ᠤᠨ ᠨᠡᠷᠡᠰ ᠤᠨ ᠵᠢᠭᠰᠠᠭᠠᠯᠲᠠ ᠶᠢᠨ ᠲᠥᠷᠥᠯ ᠵᠦᠢᠯ ᠤᠨ ᠨᠡᠷᠡᠰ ᠢ ᠲᠣᠭᠲᠠᠭᠠᠵᠤ᠂ ᠡᠳᠦᠭᠡ ᠨᠡᠶᠢᠲᠡᠯᠡᠨ᠎ᠡ᠃      ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠣᠳᠣᠨ ᠪᠦᠲᠦᠭᠡᠯ ᠢ ᠭᠤᠣᠯᠳᠠᠯᠭ᠎ᠠ ᠲᠠᠢ ᠪᠣᠶᠢᠵᠢᠭᠤᠯᠬᠤ ᠨᠡᠷᠡᠰ ᠤᠨ ᠵᠢᠭᠰᠠᠭᠠᠯᠲᠠ ᠶᠢᠨ ᠲᠦᠷᠦᠯ ᠵᠦᠢᠯ ᠤᠨ ᠨᠡᠷᠡᠰ ᠲᠤ ᠵᠢᠭᠰᠠᠭᠠᠭᠳᠠᠭᠰᠠᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠭᠤᠣᠯ ᠴᠣᠭᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠲᠦᠷᠦᠯ ᠵᠦᠢᠯ ᠢ ᠦᠢᠯᠡᠳᠬᠦ ᠲᠦᠪᠰᠢᠨ ᠪᠣᠯᠣᠨ ᠤᠷᠠᠯᠢᠭ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠷᠢᠳᠢ ᠰᠢᠳᠢ ᠶᠢ ᠠᠮᠢᠳᠤᠯᠢᠭ ᠢᠶᠠᠷ ᠢᠯᠡᠷᠡᠭᠦᠯᠬᠦ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂  ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠢᠶᠠᠷ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠠᠶᠢᠴᠢᠯᠠᠵᠤ᠂ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠤᠨ ᠬᠠᠮᠲᠤᠪᠠᠷ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠲᠠᠰᠤᠷᠠᠯᠲᠠ ᠦᠭᠡᠢ ᠴᠢᠩᠭᠠᠳᠬᠠᠵᠤ᠂ ᠲᠣᠭᠯᠠᠯᠲᠠ ᠶᠢᠨ ᠤᠷᠠᠯᠢᠭ ᠤᠨ ᠡᠭᠦᠰᠦᠮᠡᠯ ᠪᠦᠲᠦᠭᠡᠭᠳᠡᠬᠦᠨ ᠢ ᠬᠥᠭᠵᠢᠭᠦᠯᠵᠦ᠂ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠵᠢᠯ ᠲᠦᠷᠦᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠣᠨᠴᠠᠭᠠᠶᠢᠯᠠᠨ ᠮᠡᠳᠡᠭᠳᠡᠪᠡ᠃      ᠳᠠᠭᠠᠯᠳᠤᠭᠤᠯᠤᠯ᠄ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠣᠶᠢᠵᠢᠭᠤᠯᠬᠤ ᠵᠢᠭᠤᠯᠴᠢᠯᠠᠯ ᠤᠨ ᠤᠷᠠᠨ ᠰᠠᠶᠢᠬᠠᠨ ᠤ ᠰᠣᠳᠣᠨ ᠪᠦᠲᠦᠭᠡᠯ ᠤᠨ ᠨᠡᠷᠡᠰ ᠤᠨ ᠵᠢᠭᠰᠠᠭᠠᠯᠲᠠ ᠶᠢᠨ ᠲᠥᠷᠥᠯ ᠵᠦᠢᠯ ᠤᠨ ᠨᠡᠷᠡᠰ  ︵ᠨᠠᠷᠢᠨ ᠵᠦᠢᠯᠡᠰ ᠢ  ᠬᠢᠲᠠᠳ ᠰᠦᠯᠵᠢᠶᠡᠨ ᠠᠴᠠ ᠯᠠᠪᠯᠠᠭᠠᠷᠠᠢ  ᠃︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ  ᠵᠢᠭᠤᠯᠴᠢᠯᠠᠯ ᠤᠨ ᠲᠢᠩᠬᠢᠮ              2023 ᠣᠨ ᠤ 12 ᠰᠠᠷ᠎ᠠ ᠶᠢᠨ 21
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号